︽ᠰᠣᠶᠣᠯ ᠤᠨ ᠤᠬᠢ ᠰᠣᠳᠣ ᠶᠢ ᠪᠠᠳᠠᠷᠠᠭᠤᠯᠵᠤ᠂ ᠬᠦᠭᠵᠢᠯᠳᠤ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠶ᠎ᠡ︾ 2023 ᠣᠨ ᠤ ᠴᠠᠭᠠᠨ ᠰᠠᠷ᠎ᠠ ᠶᠢᠨ ᠤᠷᠠᠨ ᠪᠢᠴᠢᠯᠭᠡ ᠤᠷᠠᠨ ᠵᠢᠷᠤᠭ ᠤᠨ ᠦᠵᠡᠬᠦᠯᠬᠡ
ᠨᠡᠶᠢᠲᠡᠯᠡᠭᠰᠡᠨ ᠴᠠᠭ᠄
2023/1/29
      ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠬᠦᠯᠬᠡ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠪᠣᠯᠭᠠᠵᠤ᠂ ᠣᠷᠳᠣᠰ ᠬᠤᠲᠠ ᠶᠢᠨ ᠬᠡᠰᠡᠭ ᠨᠠᠷᠠᠲᠤ ᠤᠷᠠᠨ ᠪᠢᠴᠢᠯᠭᠡ ᠤᠷᠠᠨ ᠵᠢᠷᠤᠭᠴᠢᠳ ᠤᠨ 200 ᠭᠠᠷᠤᠢ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠰᠢᠨ᠎ᠡ ᠤᠨ ᠪᠠ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠤᠷᠠᠨ ᠪᠢᠴᠢᠯᠭᠡᠲᠡᠨ ᠵᠢᠷᠤᠭᠴᠢᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠣᠩᠭᠤᠳᠠᠭ ᠦᠭᠡ ᠥᠭᠦᠯᠡᠪᠦᠷᠢ ᠶᠢ ᠭᠦᠨᠵᠡᠭᠡᠢ ᠰᠤᠷᠤᠯᠴᠠᠭᠤᠯᠵᠤ᠂ ᠤᠷᠠᠨ ᠪᠢᠴᠢᠯᠭᠡ ᠤᠷᠠᠨ ᠵᠢᠷᠤᠭ ᠤᠨ ᠰᠣᠳᠣᠨ ᠪᠦᠲᠦᠭᠡᠯ ᠤᠳ ᠢ ᠵᠣᠬᠢᠶᠠᠨ ᠪᠦᠲᠦᠭᠡᠵᠦ᠂ ᠦᠭᠡ ᠦᠰᠦᠭ ᠪᠦᠬᠦᠨ ᠳᠤ ᠴᠢᠩ ᠦᠨᠡᠨᠴᠢ ᠰᠡᠳᠬᠢᠯ ᠢᠶᠠᠨ ᠰᠢᠩᠬᠡᠬᠡᠵᠤ᠂ ᠮᠠᠨ ᠤ ᠠᠭᠤᠤ ᠶᠡᠭᠡ ᠨᠠᠮ ᠪᠠ ᠨᠠᠮ ᠤᠨ ᠡᠭᠦᠳᠦᠨ ᠴᠤᠭᠴᠠᠯᠠᠭᠰᠡᠨ ᠵᠠᠭᠤᠨ ᠵᠢᠯ ᠤᠨ ᠠᠭᠤᠤ ᠶᠡᠭᠡ ᠦᠢᠯᠡᠰ ᠤᠨ ᠤᠯᠠᠮ ᠪᠢᠳᠡᠷᠡᠨ ᠬᠦᠭᠵᠢᠬᠦ ᠶᠢ ᠰᠡᠳᠬᠢᠯ ᠤᠨ ᠬᠦᠨ ᠠᠴᠠ ᠪᠠᠨ ᠢᠷᠦᠬᠡᠭᠰᠡᠨ ᠶᠤᠮ᠃ ᠦᠵᠡᠬᠦᠯᠬᠡ ᠪᠠᠷ ᠲᠠᠮᠵᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠶᠢ ᠬᠦᠰᠡᠵᠦ ᠪᠠᠶᠢᠨ᠎ᠠ᠃ᠤᠷᠠᠨ ᠪᠢᠴᠢᠯᠭᠡ ᠤᠷᠠᠨ ᠵᠢᠷᠤᠭ ᠤᠨ ᠦᠵᠡᠬᠦᠯᠬᠡ᠄ 2023 ᠣᠨ ᠤ 1 ᠰᠠᠷ᠎ᠠ ᠶᠢᠨ 30 ᠤ ᠡᠳᠦᠷ  ︵ᠴᠠᠭᠠᠨ ᠰᠠᠷ᠎ᠠ ᠶᠢᠨ ᠰᠢᠨ᠎ᠡ ᠶᠢᠨ ᠶᠢᠰᠦᠨ︶
 
ᠢᠷᠡᠯᠲᠡ᠄ ᠲᠤᠰ ᠰᠦᠯᠵᠢᠶ᠎ᠠ