2023 ᠣᠨ ᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ ᠰᠠᠨᠠᠭᠤᠯᠭ᠎ᠠ ᠶᠢᠨ ᠲᠥᠷᠥᠯ ᠵᠦᠢᠯ ᠢ ᠮᠡᠳᠡᠭᠦᠯᠦᠨ ᠬᠦᠷᠭᠡᠬᠦ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/1/3
                           ᠳ᠋ᠦᠩᠱᠧᠩ ᠵᠠᠰᠠᠭ ᠠᠯᠪᠠᠨ ᠭᠡᠷ ᠳᠠᠷᠬᠠᠭᠠᠭᠰᠠᠨ ﹇2022﹈ 83 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ ᠳᠤ᠄     ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠂ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠵᠢᠯᠣᠭᠤᠳᠤᠮᠵᠢ︾ ᠶᠢ ᠦᠨᠳᠦᠰᠦᠯᠡᠨ᠂ ᠮᠠᠨ ᠤ ᠲᠤᠭᠤᠷᠢᠭ 2023 ᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠲᠣᠭᠲᠠᠭᠠᠬᠤ ᠪᠠᠷ ᠪᠣᠶ᠃ ᠮᠠᠨ ᠤ ᠲᠤᠭᠤᠷᠢᠭ ᠤᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ ᠵᠦᠢᠯᠡᠰ ᠤᠨ ᠭᠠᠷᠴᠠᠭ ᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠲᠣᠭᠲᠠᠭᠠᠯ ᠳᠤ ᠨᠡᠶᠢᠴᠡᠭᠦᠯᠬᠦ ᠶᠢᠨ ᠲᠥᠯᠥᠭᠡ᠂ ᠡᠳᠦᠭᠡ ᠡᠯ᠎ᠡ ᠨᠢᠭᠡᠴᠡ ᠨᠦᠭᠦᠳ ᠲᠣᠰ ᠨᠢᠭᠡᠴᠡ᠂ ᠲᠣᠰ ᠰᠠᠯᠠᠭ᠎ᠠ ᠮᠥᠴᠢᠷ ᠤᠨ  ᠢᠶᠠᠨ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠵᠢᠯᠣᠭᠤᠳᠤᠮᠵᠢ︾ ᠶᠢᠨ ᠲᠣᠭᠲᠠᠭᠠᠯ ᠳᠤ ᠨᠡᠶᠢᠴᠡᠬᠦ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠢ ᠬᠢᠨᠠᠮᠠᠭᠠᠢ ᠡᠮᠬᠢᠯᠡᠨ ᠲᠢᠭᠯᠡᠭᠰᠡᠨ ᠤ ᠳᠠᠷᠠᠭ᠎ᠠ᠂ ᠲᠣᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ︽2023 ᠣᠨ ᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠲᠥᠷᠥᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ︾ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃     ᠨᠢᠭᠡ᠂ ᠮᠡᠳᠡᠭᠦᠯᠦᠨ ᠬᠦᠷᠭᠡᠬᠦ ᠠᠭᠤᠯᠭ᠎ᠠ     ︵ᠨᠢᠭᠡ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠬᠦᠷᠢᠶ᠎ᠡ ᠬᠡᠪᠴᠢᠶ᠎ᠡ     1. ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ ᠶᠢ ᠲᠤᠭᠳᠠᠭᠠᠬᠤ︔     2. ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠲᠤᠭᠤᠷᠢᠨ ᠤ ᠬᠠᠮᠠᠭᠠᠯᠠᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠤᠯᠠᠨ ᠨᠡᠶᠢᠲᠡ ᠶᠢᠨ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠭᠰᠠᠨ ᠤᠯᠠᠨ ᠨᠡᠶᠢᠲᠡ ᠶᠢᠨ ᠴᠢᠬᠤᠯᠠ ᠶᠡᠭᠡ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠳᠠᠭᠠᠬᠤ︔     3. ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠤᠯᠠᠨ ᠨᠡᠶᠢᠲᠡ ᠶᠢᠨ ᠴᠢᠬᠤᠯᠠ ᠶᠡᠭᠡ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠳᠠᠭᠠᠬᠤ︔     4. ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠬᠡᠷᠡᠭᠵᠢᠭᠦᠯᠬᠦ ᠪᠠᠷ ᠲᠣᠭᠲᠠᠭᠠᠭᠰᠠᠨ ᠤᠯᠠᠨ ᠨᠡᠶᠢᠲᠡ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠤᠶᠢᠯ ᠢ ᠲᠤᠭᠳᠠᠭᠠᠬᠤ︔     5. ᠬᠡᠳᠦᠶᠢᠪᠡᠷ ᠡᠩ ᠤᠨ ᠴᠢᠨᠠᠷᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠵᠦᠢᠯᠡᠰ ᠲᠤ ᠬᠠᠷᠢᠶᠠᠯᠠᠭᠳᠠᠬᠤ ᠪᠣᠯᠪᠠᠴᠤ ᠬᠡᠷᠡᠭᠵᠢᠭᠦᠯᠬᠦ ᠶᠠᠪᠤᠴᠠ ᠳᠤ ᠨᠢᠭᠡᠨᠲᠡ ᠨᠡᠶᠢᠭᠡᠮ ᠨᠡᠶᠢᠲᠡ ᠶᠢᠨ ᠠᠩᠬᠠᠷᠤᠯ ᠢ ᠨᠡᠶᠢᠳᠡᠮ ᠲᠠᠲᠠᠵᠤ᠂ ᠮᠠᠷᠭᠤᠯᠳᠤᠭᠠᠨ ᠢᠶᠠᠷ ᠨᠡᠯᠢᠶᠡᠳ ᠶᠡᠭᠡ ᠪᠠᠶᠢᠵᠤ᠂ ᠦᠷᠬᠦᠯᠵᠢᠯᠡᠨ ᠬᠡᠷᠡᠭᠵᠢᠬᠦᠯᠪᠡᠯ ᠠᠵᠤ ᠠᠬᠤᠢ᠂ ᠨᠡᠶᠢᠭᠡᠮ᠂ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠳᠤ ᠠᠶᠤᠯ ᠲᠦᠭᠰᠢᠭᠦᠷᠢ ᠶᠢᠨ ᠬᠦᠴᠦᠨ ᠵᠦᠢᠯ ᠣᠷᠣᠰᠢᠵᠤ ᠮᠡᠳᠡᠬᠦ ᠰᠢᠢᠳᠪᠦᠷᠢᠲᠦ ᠪᠣᠳᠣᠯᠭ᠎ᠠ ᠲᠤᠭᠳᠠᠭᠠᠬᠤ︔     6. ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ᠂ ᠣᠷᠴᠢᠨ ᠠᠬᠤᠢ ᠶᠢᠨ ᠬᠠᠮᠠᠭᠠᠯᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠳᠤ ᠴᠢᠬᠤᠯᠠ ᠶᠡᠭᠡ ᠨᠥᠯᠥᠭᠡ ᠲᠠᠢ᠂ ᠤᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ᠃     ︵ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠲᠥᠷᠥᠯ ᠵᠦᠢᠯ ᠢ ᠮᠡᠳᠡᠭᠦᠯᠦᠨ ᠬᠦᠷᠭᠡᠬᠦ ᠪᠣᠳᠠᠲᠠᠢ ᠠᠭᠤᠯᠭ᠎ᠠ     1. ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠬᠦᠷᠢᠶ᠎ᠡ ᠬᠡᠪᠴᠢᠶᠡᠨ ᠳᠤ ᠨᠡᠶᠢᠴᠡᠬᠦ ᠪᠣᠶ ᠪᠦᠬᠦᠢ ᠵᠦᠢᠯᠡᠰ︔     2. ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠬᠤ᠂ ᠨᠡᠶᠢᠭᠡᠮ ᠤᠨ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠣᠯᠠᠨ ᠨᠡᠶᠢᠲᠡ ᠶᠢᠨ ᠠᠰᠢᠭ ᠲᠤᠰᠠ ᠲᠠᠢ ᠬᠤᠯᠪᠤᠭᠳᠠᠬᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠵᠥᠪᠯᠡᠬᠦ ᠰᠡᠳᠦᠪ︔     3. ᠲᠤᠭᠤᠷᠢᠭ ᠤᠨ ᠵᠠᠰᠠᠭ ᠤᠨ ᠣᠷᠳᠣᠨ ᠤ ᠤᠨ ᠤ ᠴᠢᠬᠤᠯᠠ ᠶᠡᠭᠡ ᠲᠥᠷᠥᠯ ᠵᠦᠢᠯ᠂ ᠬᠡᠷᠡᠭᠵᠢᠭᠦᠯᠬᠦ ᠲᠥᠷᠥᠯ ᠵᠦᠢᠯ ᠳᠤ ᠤᠷᠤᠭᠤᠯᠤᠭᠰᠠᠨ ᠴᠢᠬᠤᠯᠠ ᠶᠡᠭᠡ ᠲᠥᠷᠥᠯ ᠵᠦᠢᠯ︔     ︵ᠭᠤᠷᠪᠠ︶ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠳᠤᠰᠢᠶᠠᠯ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠳᠡᠶᠢᠯᠬᠦ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ  ᠨᠢ ᠨᠠᠩ ᠦᠷ᠎ᠡ ᠪᠦᠲᠦᠮᠵᠢ ᠲᠠᠢ ᠪᠠᠶᠢᠪᠠᠯ᠂ ᠥᠪᠡᠰᠦᠪᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠤᠶᠤ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ ᠰᠢᠢᠳᠪᠦᠷᠢᠲᠦ ᠪᠣᠳᠣᠯᠭ᠎ᠠ ᠶᠢ ᠲᠤᠭᠳᠠᠭᠠᠨ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠲᠤ ᠤᠷᠤᠭᠤᠯᠬᠤ ᠦᠭᠡᠢ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠵᠣᠭᠤᠰᠤᠨ ᠤ ᠲᠥᠷᠥ ᠶᠢᠨ ᠪᠣᠳᠣᠯᠭ᠎ᠠ ᠵᠡᠷᠭᠡ ᠬᠤᠷᠸ᠎ᠠ ᠲᠣᠬᠢᠷᠠᠭᠤᠯᠤᠯ ᠡᠵᠡᠮᠳᠡᠯ ᠳᠤ ᠬᠤᠯᠪᠣᠭᠳᠠᠬᠤ ᠰᠢᠢᠳᠪᠦᠷᠢᠲᠦ ᠪᠣᠳᠣᠯᠭ᠎ᠠ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠢᠳᠪᠤᠷᠢᠳᠤ ᠪᠣᠳᠣᠯᠭ᠎ᠠ ᠵᠡᠷᠭᠡ ᠵᠦᠢᠯᠡᠰ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠤᠶᠢᠯᠡᠰ ᠤᠨ ᠭᠠᠷᠴᠠᠭ ᠲᠤ ᠤᠷᠤᠭᠤᠯᠬᠤ ᠦᠭᠡᠢ᠃     ᠬᠤᠶᠠᠷ᠂ ᠮᠡᠳᠡᠭᠦᠯᠦᠨ ᠬᠦᠷᠭᠡᠬᠦ ᠱᠠᠭᠠᠷᠳᠠᠯᠭ᠎ᠠ     ︵ᠨᠢᠭᠡ︶ ᠡᠯ᠎ᠡ ᠪᠠᠶᠢᠭᠤᠯᠭ᠎ᠠ ᠨᠢᠭᠡᠴᠡ 2023 ᠣᠨ ᠤ ᠠᠵᠢᠯ ᠤᠨ ᠡᠭᠦᠷᠭᠡ ᠪᠠᠨ ᠦᠨᠳᠦᠰᠦᠯᠡᠵᠦ᠂ ᠲᠤᠭᠤᠷᠢᠭ ᠤᠨ ᠵᠠᠰᠠᠭ ᠤᠨ ᠣᠷᠳᠣᠨ ᠳᠤ ᠳᠡᠪᠰᠢᠬᠦᠯᠦᠨ ᠲᠤᠭᠳᠠᠭᠠᠯᠭᠠᠬᠤ ᠴᠢᠬᠤᠯᠠ ᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠰᠠᠨᠠᠭᠤᠯᠭ᠎ᠠ ᠶᠢᠨ ᠴᠢᠬᠤᠯᠠ ᠶᠡᠭᠡ ᠲᠥᠷᠥᠯ ᠵᠦᠢᠯ ᠢ ᠲᠤᠭᠳᠠᠭᠠᠵᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠥᠷᠥᠯ ᠵᠦᠢᠯ ᠤᠨ ᠨᠡᠷᠡᠶᠢᠳᠦᠯ᠂ ᠭᠤᠣᠯ ᠰᠢᠢᠳᠪᠦᠷᠢᠲᠦ ᠪᠣᠳᠣᠯᠭ᠎ᠠ ᠲᠤᠭᠳᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠡ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠦᠨᠳᠦᠰᠦᠯᠡᠯ᠂ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠠᠭ ᠤᠨ ᠲᠣᠬᠢᠷᠠᠭᠤᠯᠤᠯᠲᠠ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠂ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠥᠷᠥᠯ ᠵᠦᠢᠯ ᠤᠨ ᠭᠤᠣᠯ ᠠᠭᠤᠯᠭ᠎ᠠ ᠪᠠ ᠰᠢᠢᠳᠪᠦᠷᠢᠯᠡᠬᠦ ᠭᠤᠣᠯ ᠠᠰᠠᠭᠤᠳᠠᠯ᠂ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠡᠷᠡᠭ ᠤᠨ ᠦᠨᠳᠦᠰᠦᠯᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠣᠳᠣᠷᠬᠠᠢ ᠪᠢᠴᠢᠨ᠎ᠡ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶᠃     ︵ᠬᠤᠶᠠᠷ︶ ᠡᠯ᠎ᠡ ᠨᠢᠭᠡᠴᠡ ᠨᠦᠭᠦᠳ ᠡᠷᠬᠡᠪᠰᠢ 2023 ᠣᠨ ᠤ 1 ᠰᠠᠷ᠎ᠠ ᠶᠢᠨ 28 ᠤ ᠡᠳᠦᠷ ᠠᠴᠠ ᠡᠮᠦᠨ᠎ᠡ ︽2023 ᠣᠨ ᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠲᠥᠷᠥᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ︾ ᠶᠢ ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ ᠪᠠᠶᠢᠭᠤᠯᠭ᠎ᠠ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ︵ᠬᠠᠷᠢᠯᠴᠠᠬᠤ ᠬᠥᠮᠥᠨ᠄ ᠯᠢᠦ ᠱᠣᠸ ᠪᠥᠸᠧ︔ ᠬᠠᠷᠢᠯᠴᠠᠬᠤ ᠤᠲᠠᠰᠤ᠄ 8381663᠂ 15247788315︔ ᠢᠮᠧᠯ᠄ 4370477@qq. com᠃     ᠳᠠᠭᠠᠯᠳᠤᠭᠤᠯᠤᠯ᠄ 2023 ᠣᠨ ᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠲᠥᠷᠥᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ                                  ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                     2022 ᠣᠨ ᠤ 12 ᠰᠠᠷ᠎ᠠ ᠶᠢᠨ 28 ᠤ ᠡᠳᠤᠷ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ