︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠵᠢᠯᠣᠭᠤᠳᠤᠮᠵᠢ︾ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/1/3
                               ᠳ᠋ᠦᠩᠱᠧᠩ ᠵᠠᠰᠠᠭ ᠠᠯᠪᠠᠨ ᠭᠡᠷ ᠳᠠᠷᠬᠠᠭᠠᠭᠰᠠᠨ ﹇2022﹈ 75 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ ᠳᠤ᠄     ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠵᠢᠯᠣᠭᠤᠳᠤᠮᠵᠢ︾ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 15 ᠳ᠋ᠤᠭᠠᠷ ᠤᠳᠠᠭᠠᠨ  ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                                   ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                  2022 ᠣᠨ ᠤ 12 ᠰᠠᠷ᠎ᠠ ᠶᠢᠨ 13 ᠤ ᠡᠳᠤᠷ     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠵᠢᠯᠤᠭᠤᠳᠤᠮᠵᠢ     ᠨᠢᠭᠡᠳᠦᠭᠡᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ‌‍ᠴᠢᠬᠤᠯᠠ ᠶᠡᠭᠡ ᠵᠦᠢᠯᠡᠰ ᠤᠨ ᠭᠠᠷᠴᠠᠭ ᠤᠨ ᠬᠠᠮᠢᠶᠠᠷᠤᠯᠳᠠ ᠶᠢ ᠴᠢᠩᠭᠠᠳᠬᠠᠨ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠴᠢᠩᠭᠠᠳᠬᠠᠨ᠂ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠠᠰ ᠳᠠᠷᠠᠭᠠᠯᠠᠯ ᠢ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 713 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠯᠣᠭᠤᠳᠤᠮᠵᠢ︾ ︵ᠣᠷᠳᠣᠰ ᠠᠯᠪᠠᠨ ᠭᠡᠷ ᠲᠠᠷᠬᠠᠭᠠᠭᠰᠠᠨ ﹇2022﹈ 179 ᠳ᠋ᠤᠭᠡᠷ ᠲᠣᠭᠠᠲᠤ︶ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠵᠢᠯᠤᠭᠤᠳᠤᠮᠵᠢ ᠶᠢ ᠲᠣᠭᠲᠠᠭᠠᠪᠠ᠃     ᠬᠤᠶᠠᠳᠤᠭᠠᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠬᠤ ᠪᠠ ᠬᠠᠮᠢᠶᠠᠷᠬᠤ ᠳᠤ ᠲᠣᠰ ᠵᠢᠯᠤᠭᠤᠳᠤᠮᠵᠢ ᠶᠢ ᠬᠡᠷᠡᠭᠯᠡᠨ᠎ᠡ᠃     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ ᠳᠦᠷᠢᠮ ᠲᠣᠭᠲᠠᠭᠠᠯ ᠤᠨ ᠲᠤᠭᠳᠠᠭᠠᠯ ᠪᠠ ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ ᠵᠢᠴᠢ ᠣᠨ ᠤ ᠲᠥᠯᠥᠪᠯᠡᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠠᠷᠠᠯᠲᠠ ᠡᠭᠦᠷᠭᠡ᠂ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠰᠠᠨᠠᠭᠤᠯᠭ᠎ᠠ ᠶᠢᠨ ᠵᠦᠢᠯᠡᠰ ᠵᠢᠴᠢ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠵᠦᠢ ᠵᠣᠬᠢᠰᠲᠠᠢ ᠬᠦᠰᠡᠯ ᠱᠠᠭᠠᠷᠳᠠᠯᠭ᠎ᠠ ᠵᠡᠷᠭᠡ ᠪᠠᠷ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠲᠤᠭᠳᠠᠭᠠᠨ᠎ᠠ᠃     ᠭᠤᠷᠪᠠᠳᠤᠭᠠᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠭᠳᠠᠭᠠᠬᠤ ᠳᠣᠣᠷᠠᠬᠢ ᠵᠦᠢᠯᠡᠰ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠲᠤ ᠤᠷᠤᠭᠤᠯᠤᠨ᠎ᠠ᠄     ︵ᠨᠢᠭᠡ︶ ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ ᠶᠢ ᠲᠤᠭᠳᠠᠭᠠᠬᠤ︔     ︵ᠬᠤᠶᠠᠷ︶ ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠲᠤᠭᠤᠷᠢᠨ ᠤ ᠬᠠᠮᠠᠭᠠᠯᠠᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠤᠯᠠᠨ ᠨᠡᠶᠢᠲᠡ ᠶᠢᠨ ᠠᠰᠢᠭ ᠲᠤᠰᠠ ᠲᠠᠢ ᠬᠤᠯᠪᠣᠭᠳᠠᠬᠤ ᠲᠠᠯ᠎ᠠ ᠪᠠᠷ ᠬᠢ ᠤᠯᠠᠨ ᠨᠡᠶᠢᠲᠡ ᠶᠢᠨ ᠴᠢᠬᠤᠯᠠ ᠶᠡᠭᠡ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠳᠠᠭᠠᠬᠤ︔     ︵ᠭᠤᠷᠪᠠ︶ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠳᠠᠭᠠᠬᠤ︔     ︵ᠳᠦᠷᠪᠡ︶ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠬᠦ ᠤᠯᠡᠠ ᠨᠡᠶᠢᠲᠡ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠪᠠ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠤᠶᠢᠯ ᠢ ᠲᠤᠭᠳᠠᠭᠠᠬᠤ︔     ︵ᠲᠠᠪᠤ︶ ᠬᠡᠳᠦᠶᠢᠪᠡᠷ ᠡᠩ ᠤᠨ ᠴᠢᠨᠠᠷᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠵᠦᠢᠯᠡᠰ ᠲᠤ ᠬᠠᠷᠢᠶᠠᠯᠠᠭᠳᠠᠬᠤ ᠪᠣᠯᠪᠠᠴᠤ ᠬᠡᠷᠡᠭᠵᠢᠭᠦᠯᠬᠦ ᠶᠠᠪᠤᠴᠠ ᠳᠤ ᠨᠢᠭᠡᠨᠲᠡ ᠤᠯᠠᠨ ᠨᠡᠶᠢᠳᠡ ᠶᠢᠨ ᠠᠩᠬᠠᠷᠤᠯ ᠢ ᠲᠠᠲᠠᠭᠰᠠᠨ᠂ ᠮᠠᠷᠭᠤᠯᠳᠤᠭᠠᠨ ᠢᠶᠠᠷ ᠨᠡᠯᠢᠶᠡᠳ ᠶᠡᠭᠡ ᠪᠠᠶᠢᠵᠤ᠂ ᠦᠷᠬᠦᠯᠵᠢᠯᠡᠨ ᠬᠡᠷᠡᠭᠵᠢᠬᠦᠯᠪᠡᠯ ᠠᠵᠤ ᠠᠬᠤᠢ᠂ ᠨᠡᠶᠢᠭᠡᠮ᠂ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠳᠤ ᠠᠶᠤᠯ ᠲᠦᠭᠰᠢᠭᠦᠷᠢ ᠶᠢᠨ ᠬᠦᠴᠦᠨ ᠵᠦᠢᠯ ᠣᠷᠣᠰᠢᠵᠤ ᠮᠡᠳᠡᠬᠦ ᠰᠢᠢᠳᠪᠦᠷᠢᠲᠦ ᠪᠣᠳᠣᠯᠭ᠎ᠠ ᠲᠤᠭᠳᠠᠭᠠᠬᠤ︔     ︵ᠵᠢᠷᠭᠤᠭ᠎ᠠ︶ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ᠂ ᠣᠷᠴᠢᠨ ᠠᠬᠤᠢ ᠶᠢᠨ ᠬᠠᠮᠠᠭᠠᠯᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠳᠤ ᠨᠥᠯᠥᠭᠡ ᠲᠠᠢ᠂ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠵᠦᠢᠯᠡᠰ᠃     ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠳᠤᠰᠢᠶᠠᠯ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠦᠷᠢᠶ᠎ᠡ ᠬᠡᠪᠴᠢᠶ᠎ᠡ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠳᠡᠶᠢᠯᠬᠦ ᠪᠤᠶᠤ ᠰᠢᠢᠳᠪᠦᠷᠢᠲᠦ ᠪᠣᠳᠣᠯᠭ᠎ᠠ ᠨᠢ ᠨᠠᠩ ᠦᠷ᠎ᠡ ᠪᠦᠲᠦᠮᠵᠢ ᠲᠠᠢ ᠪᠠᠶᠢᠪᠠᠯ᠂ ᠥᠪᠡᠰᠦᠪᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠤᠶᠤ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ ᠰᠢᠢᠳᠪᠦᠷᠢᠲᠦ ᠪᠣᠳᠣᠯᠭ᠎ᠠ  ᠲᠤᠭᠳᠠᠭᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠤᠶᠢᠯᠡᠰ ᠤᠨ ᠭᠠᠷᠴᠠᠭ ᠲᠤ ᠤᠷᠤᠭᠤᠯᠬᠤ ᠦᠭᠡᠢ᠃     ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠵᠦᠢᠯᠡᠰ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠵᠣᠭᠤᠰᠤᠨ ᠤ ᠲᠥᠷᠥ ᠶᠢᠨ ᠪᠣᠳᠣᠯᠭ᠎ᠠ ᠵᠡᠷᠭᠡ ᠬᠤᠷᠸ᠎ᠠ ᠲᠣᠬᠢᠷᠠᠭᠤᠯᠤᠯ ᠡᠵᠡᠮᠳᠡᠯ ᠳᠤ ᠬᠤᠯᠪᠣᠭᠳᠠᠬᠤ ᠰᠢᠢᠳᠪᠦᠷᠢᠲᠦ ᠪᠣᠳᠣᠯᠭ᠎ᠠ ᠲᠤᠭᠳᠠᠭᠠᠭᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠢᠳᠪᠦᠷᠢᠲᠦ ᠪᠣᠳᠣᠯᠭ᠎ᠠ ᠵᠡᠷᠭᠡ ᠵᠦᠢᠯᠡᠰ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠤᠶᠢᠯᠡᠰ ᠤᠨ ᠭᠠᠷᠴᠠᠭ ᠲᠤ ᠤᠷᠤᠭᠤᠯᠬᠤ ᠦᠭᠡᠢ᠃     ᠳᠥᠷᠪᠡᠳᠦᠭᠡᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠳᠤ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠢᠯᠡ ᠲᠣᠳᠣ᠂ ᠥᠨᠳᠥᠷ ᠦᠷ᠎ᠡ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠨ᠎ᠠ᠃     ᠲᠠᠪᠤᠳᠤᠭᠠᠷ ᠵᠦᠢᠯ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠬᠤ᠂ ᠬᠠᠮᠢᠶᠠᠷᠬᠤ ᠵᠢᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠵᠢᠯ ᠪᠦᠷᠢ ᠶᠢᠨ ᠳᠥᠷᠪᠡᠳᠦᠭᠡᠷ ᠤᠯᠠᠷᠢᠯ ᠳᠤ ᠳᠠᠷᠠᠭ᠎ᠠ ᠨᠢᠭᠡ ᠵᠢᠯ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠰᠠᠨᠠᠭᠤᠯᠭ᠎ᠠ ᠶᠢᠨ ᠵᠤᠶᠢᠯᠡᠰ ᠢ ᠡᠯᠰᠡᠨ ᠴᠤᠭᠯᠠᠭᠤᠯᠬᠤ ᠠᠵᠢᠯ ᠢ ᠦᠷᠨᠢᠬᠦᠯᠦᠨ᠎ᠡ᠃     ᠵᠢᠷᠭᠤᠳᠤᠭᠠᠷ ᠵᠦᠢᠯ    ᠳᠤᠷᠠᠳᠤᠭᠰᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠰᠠᠨᠠᠭᠤᠯᠭ᠎ᠠ ᠶᠢᠨ ᠵᠦᠢᠯᠡᠰ ᠢ ᠳᠣᠣᠷᠠᠬᠢ ᠲᠠᠰ ᠳᠠᠷᠠᠭᠠᠯᠠᠯ ᠢᠶᠠᠷ ᠰᠤᠳᠤᠯᠤᠨ ᠨᠤᠲᠠᠯᠠᠬᠤ ᠶᠢᠨ ᠬᠠᠮᠲᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠬᠦ ᠬᠡᠷᠡᠭᠲᠡᠢ᠃     ︵ᠨᠢᠭᠡ︶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠱᠠᠭᠠᠷᠳᠠᠯᠭ᠎ᠠ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠠᠴᠠ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠬᠤᠯᠪᠣᠭᠳᠠᠯ ᠪᠦᠬᠦᠢ ᠨᠢᠭᠡᠴᠡ ᠳᠤ ᠲᠤᠰᠢᠶᠠᠵᠤ ᠰᠤᠳᠤᠯᠤᠨ ᠨᠤᠳᠠᠯᠠᠨ᠎ᠠ︔     ︵ᠬᠤᠶᠠᠷ︶ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠠᠨᠠᠭᠤᠯᠭ᠎ᠠ ᠳᠤᠷᠠᠳᠤᠭᠰᠠᠨ ᠨᠢᠭᠡᠴᠡ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠳᠤᠯᠤᠨ ᠨᠤᠳᠠᠯᠠᠨ᠎ᠠ︔     ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠴᠠ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠬᠡᠯᠪᠡᠷᠢ ᠪᠠᠷ ᠰᠠᠨᠠᠭᠤᠯᠭ᠎ᠠ ᠳᠤᠷᠠᠳᠤᠭᠰᠠᠨ ᠪᠤᠯ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠠᠴᠠ ᠰᠤᠳᠤᠯᠵᠤ ᠨᠤᠲᠠᠯᠠᠨ᠎ᠠ︔     ︵ᠳᠥᠷᠪᠡ︶ ᠠᠷᠠᠳ ᠢᠷᠭᠡᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠪᠢᠴᠢᠭ ᠤᠨ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠰᠠᠨᠠᠭᠤᠯᠭ᠎ᠠ ᠶᠢ ᠣᠯᠣᠭᠰᠠᠨ ᠨᠢᠭᠡᠴᠡ ᠪᠤᠶᠤ ᠰᠠᠨᠠᠭᠤᠯᠭ᠎ᠠ ᠶᠢᠨ ᠠᠭᠤᠯᠭ᠎ᠠ ᠳᠤ ᠬᠤᠯᠪᠣᠭᠳᠠᠭᠰᠠᠨ ᠨᠢᠭᠡᠴᠡ ᠠᠴᠠ ᠰᠤᠳᠤᠯᠵᠤ ᠨᠤᠲᠠᠯᠠᠨ᠎ᠠ᠃     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠬᠠᠤᠯᠢ ᠴᠠᠭᠠᠵᠠ ᠶᠢᠨ ᠲᠣᠪᠴᠢᠶ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠣᠷᠣᠨ ᠪᠦᠰᠡ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠴᠤᠭᠯᠠᠭᠤᠯᠤᠭᠰᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠰᠠᠨᠠᠭᠤᠯᠭ᠎ᠠ ᠶᠢᠨ ᠵᠦᠢᠯᠡᠰ ᠢ ᠰᠤᠳᠤᠯᠵᠤ᠂ ᠬᠢᠨᠠᠨ ᠬᠠᠷᠭᠤᠭᠤᠯᠤᠭᠠᠳ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠲᠣᠭᠲᠠᠭᠠᠯ ᠳᠤ ᠨᠡᠶᠢᠴᠡᠪᠡᠯ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠲᠥᠰᠥᠯ ᠳᠤ ᠤᠷᠤᠭᠤᠯᠤᠨ᠎ᠠ᠃     ᠳᠣᠯᠣᠳᠤᠭᠠᠷ ᠵᠦᠢᠯ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠤᠨ ᠲᠥᠰᠥᠯ ᠢ ᠲᠠᠰ ᠳᠠᠷᠠᠭᠠᠯᠠᠯ ᠶᠣᠰᠣᠭᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠶᠢᠨ ᠬᠠᠮᠲᠤ ᠲᠣᠭᠤᠷᠢᠭ ᠤᠨ ᠨᠠᠮ ᠤᠨ ᠬᠤᠷᠢᠶ᠎ᠠ ᠪᠠᠷ ᠬᠢᠨᠠᠨ ᠵᠦᠪᠰᠢᠶᠡᠷᠡᠬᠦᠯᠵᠤ ᠨᠡᠶᠢᠳᠡᠯᠡᠨ᠎ᠡ᠃     ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠠᠴᠠ ᠶᠠᠷᠢᠯᠴᠠᠨ ᠲᠤᠭᠳᠠᠭᠠᠬᠤ ᠴᠢᠬᠤᠯᠠ ᠶᠡᠭᠡ ᠵᠤᠶᠢᠯᠡᠰ ᠤᠨ ᠬᠡᠪᠴᠢᠶᠡᠨ ᠳᠤ ᠬᠠᠷᠢᠶᠠᠯᠠᠭᠳᠠᠬᠤ ᠪᠤᠶᠤ ᠨᠡᠶᠢᠲᠡᠯᠡᠬᠦ ᠠᠴᠠ ᠡᠮᠦᠨ᠎ᠡ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠬᠦ ᠶᠣᠰᠣᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠤᠶᠢᠯᠡᠰ ᠢ ᠲᠣᠭᠲᠠᠭᠠᠯ ᠶᠣᠰᠣᠭᠠᠷ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠲᠠᠢ ᠰᠠᠶᠢᠲᠤᠷ ᠵᠣᠯᠭᠠᠭᠤᠯᠬᠤ ᠬᠡᠷᠡᠭᠲᠡᠢ᠃     ᠨᠠᠢᠮᠠᠳᠤᠭᠠᠷ ᠵᠦᠢᠯ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠲᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠨᠡᠷᠡᠶᠢᠳᠦᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠳᠠᠭᠠᠭᠠᠨ ᠭᠦᠢᠴᠡᠳᠬᠡᠬᠦ ᠨᠢᠭᠡᠴᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠠᠭ ᠤᠨ ᠲᠣᠬᠢᠷᠠᠭᠤᠯᠤᠯᠲᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠦᠨᠳᠦᠰᠦᠯᠡᠯ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃     ᠶᠢᠰᠦᠳᠦᠭᠡᠷ ᠵᠦᠢᠯ    ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠶᠣᠰᠣᠲᠠᠢ ᠪᠤᠶᠤ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠳᠤ ᠬᠤᠯᠪᠣᠭᠳᠠᠬᠤ ᠵᠢᠴᠢ ᠳᠡᠭᠡᠳᠦ ᠱᠠᠲᠤᠨ ᠤ ᠪᠠᠶᠢᠭᠤᠯᠭ᠎ᠠ ᠶᠢᠨ ᠪᠠᠴᠢᠮ ᠵᠠᠷᠯᠢᠭ ᠢ ᠬᠡᠷᠡᠭᠵᠢᠭᠦᠯᠬᠦ ᠳᠤ ᠳᠠᠷᠤᠶᠢᠬᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ ᠵᠦᠢᠯᠡᠰ ᠢ ᠭᠠᠷᠭᠠᠪᠠᠯ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠬᠦ ᠬᠡᠷᠡᠭᠲᠡᠢ︔ ᠬᠦᠨᠳᠦ ᠶᠡᠭᠡ ᠭᠡᠨᠡᠳᠲᠡ ᠶᠢᠨ ᠬᠡᠷᠡᠭ ᠵᠡᠷᠭᠡ ᠣᠨᠴᠠᠭᠠᠶ ᠪᠠᠶᠢᠳᠠᠯ ᠲᠣᠬᠢᠶᠠᠯᠳᠤᠭᠠᠳ ᠭᠠᠷᠴᠠᠭ ᠢ ᠨᠠᠶᠢᠷᠠᠭᠤᠯᠤᠨ ᠵᠣᠬᠢᠶᠠᠬᠤ ᠶᠢ ᠨᠥᠯᠥᠭᠡᠯᠡᠭᠰᠡᠨ ᠪᠠᠶᠢᠪᠠᠯ᠂ ᠬᠤᠭᠤᠴᠠᠭ᠎ᠠ ᠶᠢ ᠨᠢ ᠵᠣᠬᠢᠰᠲᠠᠢ ᠪᠠᠷ ᠤᠷᠲᠤᠳᠬᠠᠵᠤ ᠪᠣᠯᠣᠨ᠎ᠠ᠃     ᠠᠷᠪᠠᠳᠤᠭᠠᠷ ᠵᠦᠢᠯ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠲᠤ ᠬᠥᠳᠡᠯᠦᠩᠭᠦᠢ ᠪᠠᠷ ᠬᠠᠮᠢᠶᠠᠷᠤᠯᠲᠠ ᠬᠢᠬᠦ ᠶᠢ ᠬᠡᠷᠡᠭᠵᠢᠭᠦᠯᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠨ ᠤ ᠠᠵᠢᠯ ᠤᠨ ᠡᠭᠦᠷᠭᠡ ᠶᠢᠨ ᠨᠡᠮᠡᠭᠳᠡᠯ᠂ ᠬᠤᠪᠢᠷᠠᠭᠤᠯᠤᠯᠲᠠ ᠵᠡᠷᠭᠡ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠴᠠᠭ ᠲᠤᠬᠠᠢ ᠳᠤᠨᠢ ᠳᠤᠬᠢᠷᠠᠭᠤᠯᠤᠯᠳᠠ ᠬᠢᠨ᠎ᠡ︔ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠰᠢᠢᠳᠪᠦᠷᠢᠲᠦ ᠪᠣᠳᠣᠯᠭ᠎ᠠ ᠲᠤᠭᠳᠠᠭᠠᠬᠤ ᠰᠠᠨᠠᠭᠤᠯᠭ᠎ᠠ ᠭᠠᠷᠭᠠᠭᠰᠠᠨ ᠪᠠᠶᠢᠭᠤᠯᠭ᠎ᠠ ᠠᠴᠠ ᠵᠢᠯ ᠪᠦᠷᠢ ᠶᠢᠨ 10 ᠰᠠᠷ᠎ᠠ  ᠠᠴᠠ ᠡᠮᠦᠨ᠎ᠡ ᠲᠣᠬᠢᠷᠠᠭᠤᠯᠤᠯᠲᠠ ᠬᠢᠬᠦ ᠲᠣᠳᠣᠷᠬᠠᠶᠢᠯᠠᠯᠲᠠ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤ᠂ ᠲᠣᠰ ᠵᠢᠭᠠᠨ ᠵᠢᠯᠣᠭᠤᠳᠤᠭᠰᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ‌‍ᠴᠢᠬᠤᠯᠠ ᠶᠡᠭᠡ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠲᠤᠭᠳᠠᠭᠠᠯ ᠢᠶᠠᠷ ᠦᠨᠳᠦᠰᠦᠯᠡᠯ ᠪᠤᠯᠭᠠᠨ᠎ᠠ᠃     ᠠᠷᠪᠠᠨ ᠨᠢᠭᠡᠳᠦᠭᠡᠷ ᠵᠦᠢᠯ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠤᠶᠢᠯᠡᠰ ᠤᠨ ᠭᠠᠷᠴᠠᠭ ᠲᠤ ᠵᠢᠭᠰᠠᠭᠠᠨ ᠣᠷᠣᠭᠤᠯᠤᠭᠰᠠᠨ ᠵᠦᠢᠯᠡᠰ ᠲᠤ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠪᠠᠶᠢᠭᠤᠯᠭ᠎ᠠ ᠨᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ︔ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ ᠬᠠᠮᠢᠶ᠎ᠠ ᠪᠦᠬᠦᠢ ᠲᠠᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠪᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ ᠪᠣᠯᠬᠤ ᠦᠭᠡᠢ᠃     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠴᠢᠬᠤᠯᠠ ᠶᠡᠭᠡ ᠵᠤᠶᠢᠯᠡᠰ ᠤᠨ ᠭᠠᠷᠴᠠᠭ ᠲᠤ ᠵᠢᠭᠰᠠᠭᠠᠭᠳᠠᠭᠰᠠᠨ ᠰᠢᠢᠳᠪᠦᠷᠢᠲᠦ ᠪᠣᠳᠣᠯᠭ᠎ᠠ ᠲᠤᠭᠳᠠᠭᠠᠬᠤ ᠵᠦᠢᠯᠡᠰ ᠢ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠪᠠᠶᠢᠭᠤᠯᠭ᠎ᠠ ᠠᠴᠠ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠶᠣᠰᠣᠭᠠᠷ ᠬᠠᠮᠢᠶ᠎ᠠ ᠪᠦᠬᠦᠢ ᠠᠵᠢᠯ ᠤᠨ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠬᠡᠷᠡᠭᠵᠢᠬᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠠᠢ᠃     ᠠᠷᠪᠠᠨ ᠬᠤᠶᠠᠳᠤᠭᠠᠷ ᠵᠦᠢᠯ    ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠪᠠᠶᠢᠭᠤᠯᠭ᠎ᠠ ᠠᠴᠠ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠬᠤ ᠪᠥᠬᠦ ᠶᠠᠪᠤᠴᠠ ᠶᠢᠨ ᠲᠡᠮᠳᠡᠭᠯᠡᠯ ᠵᠢᠴᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠠᠰ ᠳᠠᠷᠠᠭᠠᠯᠠᠯ ᠤᠨ ᠲᠡᠮᠳᠡᠭᠯᠡᠯ᠂ ᠮᠠᠲ᠋ᠧᠷᠢᠶᠠᠯ ᠢ ᠴᠠᠭ ᠲᠤᠬᠠᠢ ᠳᠤᠨᠢ ᠪᠦᠷᠢᠨ ᠪᠦᠲᠦᠨ ᠲᠠᠩᠰᠠ ᠡᠪᠬᠡᠮᠡᠯ ᠳᠤ ᠣᠷᠣᠭᠤᠯᠵᠤ᠂ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠠᠰ ᠳᠠᠷᠠᠭᠠᠯᠠᠯ ᠤᠨ ᠪᠥᠬᠦ ᠶᠠᠪᠤᠴᠠ ᠶᠢᠨ ᠲᠡᠮᠳᠡᠭᠯᠡᠯ ᠢ ᠬᠡᠷᠡᠭᠵᠢᠭᠦᠯᠦᠨ᠂ ᠳᠠᠩᠰᠠᠯᠠᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠬᠦ ᠬᠡᠷᠡᠭᠲᠡᠢ᠃     ᠠᠷᠪᠠᠨ ᠭᠤᠷᠪᠠᠳᠤᠭᠠᠷ ᠵᠦᠢᠯ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠶᠡᠭᠡ ᠵᠦᠢᠯᠡᠰ ᠤᠨ ᠭᠠᠷᠴᠠᠭ ᠲᠤ ᠨᠢᠭᠡᠨᠳᠡ ᠵᠢᠭᠰᠠᠭᠠᠨ ᠣᠷᠣᠭᠤᠯᠤᠭᠰᠠᠨ ᠰᠢᠢᠳᠪᠦᠷᠢᠲᠦ ᠪᠣᠳᠣᠯᠭ᠎ᠠ ᠲᠤᠭᠳᠠᠭᠠᠬᠤ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢ ᠣᠨ ᠤ ᠰᠢᠯᠭᠠᠨ ᠬᠢᠨᠠᠬᠤ ᠪᠠ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠬᠢᠨᠠᠬᠤ ᠳᠤ ᠣᠷᠣᠭᠤᠯᠵᠤ᠂ ᠲᠣᠭᠤᠷᠢᠭ ᠤᠨ ᠬᠠᠤᠯᠢ ᠴᠠᠭᠠᠵᠠ ᠶᠢᠨ ᠳᠤᠪᠴᠢᠶ᠎ᠠ ᠠᠴᠠ ᠬᠢᠨᠠᠨ ᠰᠢᠯᠭᠠᠵᠤ ᠦᠨᠡᠯᠡᠬᠦ ᠶᠢ ᠬᠠᠷᠢᠭᠤᠴᠠᠨ᠎ᠠ᠃     ᠠᠷᠪᠠᠨ ᠳᠥᠷᠪᠡᠳᠦᠭᠡᠷ ᠵᠦᠢᠯ    ᠲᠣᠰ ᠵᠢᠯᠤᠭᠤᠳᠤᠮᠵᠢ ᠶᠢ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃     ᠠᠷᠪᠠᠨ ᠲᠠᠪᠤᠳᠤᠭᠠᠷ ᠵᠦᠢᠯ    ᠲᠤᠰ ᠵᠢᠯᠤᠭᠤᠳᠤᠮᠵᠢ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ