ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠳᠡᠮᠳᠡᠭᠯᠡᠯ — ᠠᠷᠪᠠᠳᠤᠭᠠᠷ ᠰᠠᠷ᠎ᠠ
ᠨᠡᠶᠢᠲᠡᠯᠡᠭᠰᠡᠨ ᠴᠠᠭ᠄
2023/1/4
     10 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠳᠤᠯᠠᠭᠠᠯᠠᠭ᠎ᠠ ᠶᠢᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠦᠨ᠎ᠡ  ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠥᠷᠭᠡᠨ ᠣᠯᠠᠨ ᠠᠵᠢᠯᠲᠠᠳ ᠲᠤ ᠪᠠᠶᠠᠷ ᠤᠨ ᠡᠳᠦᠷ ᠤᠨ ᠢᠷᠦᠭᠡᠯ ᠪᠠ ᠳᠣᠲᠣᠨᠣ ᠮᠡᠨᠳᠦᠴᠢᠯᠡᠯ ᠳᠡᠪᠰᠢᠭᠦᠯᠵᠡᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     10 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ 2022 ᠣᠨ ᠤ 19 ᠳ᠋ᠤᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠲᠤᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠬᠠᠨ ᠲᠤᠸ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     10 ᠰᠠᠷ᠎ᠠ ᠶᠢᠨ 4 ᠤ ᠡᠳᠦᠷ᠂ ᠳ᠋ᠦᠩᠱᠧᠩ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠪᠤᠰᠤᠳ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     10 ᠰᠠᠷ᠎ᠠ ᠶᠢᠨ6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠡᠵᠡᠨ ᠬᠤᠷᠤᠭ᠎ᠠ ᠬᠤᠰᠢᠭᠤ ᠂ ᠳ᠋ᠦᠩᠱᠧᠩ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ᠂ ᠭᠤᠸ ᠸᠧᠨ ᠾᠧ᠂ ᠮᠢᠶᠣᠣ ᠴᠧᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃     10 ᠰᠠᠷ᠎ᠠ ᠶᠢᠨ 6 ᠤ ᠡᠳᠦᠷ᠂ ︽ᠣᠯᠠᠨ ᠢᠶᠠᠷ ᠢᠶᠠᠨ ᠰᠡᠳᠬᠢᠯ ᠨᠢᠭᠡᠳᠴᠦ ᠬᠢᠵᠢᠭ ᠤᠨ ᠪᠠᠶᠢᠳᠠᠯ ᠢ ᠡᠰᠡᠷᠬᠦᠴᠡᠬᠦ︾ ᠬᠠᠶᠢᠷ᠎ᠠ ᠬᠠᠯᠠᠮᠵᠢ ᠬᠠᠨᠳᠢᠪᠯᠡᠬᠤ ᠶᠣᠰᠣᠯᠠᠯ ᠳ᠋ᠦᠩᠱᠧᠩ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠶᠠᠪᠤᠭᠳᠠᠵᠤ᠂ ᠥᠪᠥᠷ ᠮᠣᠩᠭᠤᠯ ᠤᠨ ᠷᠦᠢ ᠬᠤᠩ ᠴᠡᠪᠡᠷ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳ᠋ᠦᠩᠱᠧᠩ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 100 ᠲᠦᠮᠡᠨ ᠲᠥᠭᠦᠷᠢᠭ ᠬᠠᠨᠳᠢᠪᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠡᠷᠡᠭᠯᠡᠪᠡ᠃     10 ᠰᠠᠷ᠎ᠠ ᠶᠢᠨ 7 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠵᠢᠴᠢ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠵᠢᠶᠠᠩ ᠶᠤᠸᠠᠨ᠂ ᠵᠠᠩ ᠵᠢᠶᠠᠨ ᠭᠦᠩ ᠬᠤᠷᠠᠯ ᠳᠤ ᠣᠷᠣᠯᠴᠠᠵᠠᠢ᠃     10 ᠰᠠᠷ᠎ᠠ ᠶᠢᠨ 10 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠲᠠ ᠲᠣᠭᠤᠷᠢᠭ ᠤᠨ ᠵᠠᠷᠢᠮ ᠬᠤᠳᠠᠯᠳᠤᠭᠠᠨ ᠤ ᠬᠡᠲᠦ ᠳᠡᠯᠭᠡᠭᠦᠷ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠣᠯᠠᠨ ᠲᠦᠮᠡᠨ ᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠬᠢᠨᠠᠨ ᠵᠢᠯᠣᠭᠤᠳᠪᠠ᠃ ᠲᠤᠭᠤᠷᠢᠭ ᠤᠨ ᠤᠳᠤᠷᠢᠳᠤᠯᠭ᠎ᠠ ᠭᠤᠸ ᠮᠢᠩ᠂ ᠳ᠋ᠦ᠋ ᠵᠢᠤᠸᠠᠨ ᠵᠢᠴᠢ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠬᠢᠨᠠᠨ ᠵᠢᠯᠣᠭᠤᠳᠪᠠ᠃     10 ᠰᠠᠷ᠎ᠠ ᠶᠢᠨ 12 ᠤᠨ ᠡᠳᠦᠷ᠂ ᠳ᠋ᠦᠩᠱᠧᠩ ᠲᠣᠭᠤᠷᠢᠭ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠨ ᠶᠠᠷᠢᠶ᠎ᠠ ᠳᠠᠯᠪᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠵᠢᠴᠢ ᠳ᠋ᠦᠩᠱᠧᠩ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ᠂ ᠣᠷᠳᠣᠰ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃     10 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠰᠢ ᠸᠧᠨ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃ ᠲᠣᠭᠤᠷᠢᠭ ᠤᠨ ᠤᠳᠤᠷᠢᠳᠤᠯᠭ᠎ᠠ ᠯᠢᠦ ᠴᠦᠨ ᠭᠤᠸᠠᠩ᠂ ᠵᠠᠩ ᠪᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠠᠭᠠᠳᠠᠳ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃     10 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ 2022 ᠣᠨ ᠤ ᠵᠢᠷᠭᠤᠳᠤᠭᠠᠷ ᠤᠳᠠᠭᠠᠨ ᠤ ᠬᠤᠳᠠ ᠶᠢᠨ ᠳᠦᠯᠦᠪᠵᠢᠬᠦᠯᠬᠡ ᠶᠢᠨ ᠵᠦᠪᠯᠡᠯ ᠪᠠ ᠳᠣᠯᠣᠳᠤᠭᠠᠷ ᠤᠳᠠᠭᠠᠨ ᠤ ᠭᠠᠵᠠᠷ ᠰᠢᠷᠣᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     10 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     10 ᠰᠠᠷ᠎ᠠ ᠶᠢᠨ 16  ᠤ ᠡᠳᠦᠷ᠂ ᠳ᠋ᠦᠩᠱᠧᠩ ᠲᠣᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠷᠠᠳᠢᠣ᠋ ᠲᠧᠯᠸᠢᠰ᠂ ᠭᠠᠷ ᠤᠲᠠᠰᠤ ᠵᠡᠷᠭᠡ ᠵᠠᠭᠤᠴᠢᠯᠠᠭᠤᠷ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠦᠵᠡᠵᠦ᠂ ᠶᠡᠷᠦᠩᠬᠡᠢ ᠱᠦᠵᠢ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ᠬᠢᠭᠰᠡᠨ ᠮᠡᠳᠡᠬᠦᠯᠦᠯᠳᠡ ᠶᠢ ᠨᠠᠷᠢᠨ ᠬᠢᠨᠠᠮᠠᠭᠠᠢ ᠰᠣᠨᠣᠰᠴᠠᠢ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠣ ᠢ ᠳ᠋ᠦᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠬᠠᠮᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠰᠢᠭᠤᠳ ᠨᠡᠪᠲᠡᠷᠡᠭᠦᠯᠭᠡ ᠶᠢ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠮᠡᠳᠡᠬᠦᠯᠦᠯᠳᠡ ᠶᠢ ᠨᠠᠷᠢᠨ ᠬᠢᠨᠠᠮᠠᠭᠠᠢ ᠰᠣᠨᠣᠰᠴᠠᠢ᠃     10 ᠰᠠᠷ᠎ᠠ ᠶᠢᠨ 17 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯ ᠵᠢᠴᠢ ᠲᠦᠷᠦᠭᠦᠸ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠭᠡᠴᠡᠯᠡᠬᠦ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     10 ᠰᠠᠷ᠎ᠠ ᠶᠢᠨ 20 ᠤ ᠡᠳᠦᠷ᠂ ︽ᠣᠯᠠᠨ ᠢᠶᠠᠷ ᠢᠶᠠᠨ ᠰᠡᠳᠬᠢᠯ ᠨᠢᠭᠡᠳᠴᠦ ᠬᠢᠵᠢᠭ ᠤᠨ ᠪᠠᠶᠢᠳᠠᠯ ᠢ ᠡᠰᠡᠷᠬᠦᠴᠡᠬᠦ︾ ᠬᠠᠶᠢᠷ᠎ᠠ ᠬᠠᠯᠠᠮᠵᠢ ᠬᠠᠨᠳᠢᠪᠯᠠᠬᠤ ᠶᠣᠰᠣᠯᠠᠯ ᠳ᠋ᠦᠩᠱᠧᠩ ᠲᠣᠭᠤᠷᠢᠭ ᠤᠨ ᠭᠠᠮᠰᠢᠭ ᠲᠤ ᠪᠡᠯᠡᠳᠬᠡᠨ ᠭᠠᠮᠰᠢᠭ ᠠᠴᠠ ᠠᠪᠤᠷᠠᠬᠤ ᠬᠥᠮᠥᠷᠭᠡ ᠳᠤ ᠶᠠᠪᠤᠭᠳᠠᠪᠠ᠃ ᠬᠠᠨᠳᠢᠪᠯᠠᠬᠤ ᠶᠣᠰᠣᠯᠠᠯ ᠳᠡᠭᠡᠷ᠎ᠡ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠣᠨ 4 ᠳᠤᠮᠳᠠ ᠵᠢᠵᠢᠭ ᠠᠵᠤ ᠠᠬᠤᠶᠢᠯᠠᠯ ᠳ᠋ᠦᠩᠱᠧᠩ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠨᠡᠶᠢᠲᠡ 120 ᠲᠦᠮᠡᠨ ᠲᠥᠭᠦᠷᠢᠭ ᠤᠨ ᠪᠡᠯᠡᠨ ᠵᠣᠭᠤᠰ ᠪᠠ ᠡᠳ᠋ ᠪᠣᠳᠠᠰ ᠬᠠᠨᠳᠢᠪᠯᠡᠪᠠ᠃ ᠡᠭᠦᠨ ᠳᠤ᠂ ᠣᠷᠳᠣᠰ ᠬᠤᠲᠠ ᠶᠢᠨ ᠶᠦᠩ ᠱᠦᠨ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 50 ᠲᠦᠮᠡᠨ ᠲᠥᠭᠦᠷᠢᠭ ᠬᠠᠨᠳᠢᠪᠯᠠᠵᠤ᠂ ᠣᠷᠳᠣᠰ ᠬᠤᠲᠠ ᠶᠢᠨ ᠲᠧᠩ ᠶᠤᠸᠠᠨ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 30.74 ᠲᠦᠮᠡᠨ ᠲᠥᠭᠦᠷᠢᠭ ᠬᠠᠨᠳᠢᠪᠯᠠᠵᠤ᠂ ᠣᠷᠳᠣᠰ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ 9.465 ᠲᠦᠮᠡᠨ ᠲᠥᠭᠦᠷᠢᠭ ᠬᠠᠨᠳᠢᠪᠯᠠᠵᠤ᠂ ᠣᠷᠳᠣᠰ ᠬᠤᠲᠠ ᠶᠢᠨ ᠵᠥᠩ ᠪᠧᠢ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠬᠥᠪᠥᠩ ᠬᠤᠪᠴᠠᠰᠤ ᠵᠡᠷᠭᠡ 15 ᠲᠦᠮᠡᠨ ᠲᠥᠭᠦᠷᠢᠭ ᠤᠨ ᠦᠷᠳᠡᠭ ᠪᠦᠬᠦᠢ ᠡᠳ᠋ ᠪᠣᠳᠠᠰ ᠬᠠᠨᠳᠢᠪᠯᠠᠵᠤ᠂ ᠥᠪᠥᠷ ᠮᠣᠩᠭᠤᠯ ᠤᠨ ᠶᠢᠨ ᠬᠤᠩ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠪᠤᠷᠵᠠᠩ ᠨᠠᠭᠤᠷ ᠠᠭᠤᠷᠬᠠᠢ 15 ᠲᠦᠮᠡᠨ ᠲᠥᠭᠦᠷᠢᠭ ᠤᠨ ᠦᠷᠳᠡᠭ ᠪᠦᠬᠦᠢ  ᠬᠥᠨᠵᠢᠯᠡ ᠳᠡᠪᠢᠰᠬᠡᠷ ᠵᠡᠷᠭᠡ ᠡᠳ᠋ ᠪᠣᠳᠠᠰ ᠢ ᠬᠠᠨᠳᠢᠪᠯᠠᠪᠠ᠃      10 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠤᠨ ᠳᠤᠰᠬᠠᠢ ᠴᠡᠭᠴᠡᠯᠡᠨ ᠵᠠᠰᠠᠯᠳᠠ ᠶᠢᠨ ︽ᠡᠷᠬᠢᠨ ᠬᠠᠷᠠᠬᠤ︾ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃     10 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠪᠠ ᠲᠣᠭᠤᠷᠢᠭ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     10 ᠰᠠᠷ᠎ᠠ ᠶᠢᠨ 27 ᠤ ᠡᠳᠦᠷ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 44 ᠤᠳᠠᠭᠠᠨ ᠤ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠭ᠎ᠠ ᠳᠠᠭᠠᠨ ᠪᠠᠶᠢᠭ᠎ᠠ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     10 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠤᠷᠢᠳ ᠬᠤᠵᠢᠳ ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠦᠯᠬᠦᠮᠳᠡᠯ ᠨᠡᠶᠢᠭᠡᠮ ᠲᠣᠭᠤᠷᠢᠭ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠢᠶᠠᠨ ᠵᠢᠶᠣᠣ ᠴᠡᠴᠡᠷᠯᠢᠭ ᠤᠨ ᠲᠣᠭᠤᠷᠢᠭ᠂ 109 ᠤᠯᠤᠰ ᠤᠨ ᠵᠠᠮ ᠤᠨ ᠲᠦᠩᠴᠤᠸᠠᠨ ᠪᠠᠯᠭᠠᠰᠤᠨ ᠤ ᠪᠠᠶᠢᠴᠠᠭᠠᠬᠤ ᠥᠷᠲᠡᠭᠡ᠂ ᠸᠠᠨ ᠵᠢᠶᠠ ᠬᠤᠶ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃     10 ᠰᠠᠷ᠎ᠠ ᠶᠢᠨ 31 ᠤ ᠡᠳᠦᠷ᠂ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠦ᠋ᠩ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠨᠢᠶᠧ ᠵᠢᠶᠦ᠋ᠨ᠂ ᠸᠠᠩ ᠳ᠋ᠣᠣ ᠬᠤᠸᠠ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃     10 ᠰᠠᠷ᠎ᠠ ᠶᠢᠨ 31 ᠤ ᠡᠳᠦᠷ᠂ ᠳ᠋ᠦᠩᠱᠧᠩ ᠲᠣᠭᠤᠷᠢᠭ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠡᠷᠭᠢᠯᠡᠭᠰᠡᠨ ᠢ ᠪᠥᠭᠡᠳ ᠶᠠᠷᠢᠶ᠎ᠠ ᠲᠠᠯᠪᠢᠵᠠᠢ᠃ ᠡᠯ᠎ᠡ ᠬᠠᠮᠢᠶ᠎ᠠ ᠪᠦᠬᠦᠢ ᠲᠣᠭᠤᠷᠢᠭ ᠤᠨ ᠳᠡᠳ᠋ ᠳᠠᠷᠤᠭ᠎ᠠ ᠪᠣᠯᠣᠨ ᠠᠵᠤ ᠦᠢᠯᠡᠰ ᠤᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ