ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠳᠡᠮᠳᠡᠭᠯᠡᠯ — ᠠᠷᠪᠠᠨ ᠬᠤᠶᠠᠳᠤᠭᠠᠷ ᠰᠠᠷ᠎ᠠ
ᠨᠡᠶᠢᠲᠡᠯᠡᠭᠰᠡᠨ ᠴᠠᠭ᠄
2023/1/4
     12 ᠰᠠᠷ᠎ᠠ ᠶᠢᠨ 1 ᠤ ᠡᠳᠦᠷ᠂ ᠳ᠋ᠦᠩᠱᠧᠩ ᠲᠣᠭᠤᠷᠢᠭ ᠭᠤᠣᠯᠳᠠᠯᠭ᠎ᠠ ᠲᠠᠢ ᠲᠥᠷᠥᠯ ᠵᠦᠢᠯ ᠤᠨ ᠲᠥᠪᠯᠡᠷᠡᠭᠦᠯᠦᠨ ᠬᠤᠯᠪᠤᠭᠠᠯᠠᠨ ᠬᠦᠳᠡᠯᠦᠯᠴᠡᠵᠤ ᠬᠢᠨᠠᠨ ᠵᠥᠪᠰᠢᠶᠡᠷᠡᠬᠦ ᠲᠤᠬᠠᠢ ᠶᠢᠨ ᠲᠠᠯᠠᠪᠤᠷ ᠤᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠲᠦᠷᠦᠯ ᠵᠦᠢᠯ ᠢ ᠬᠡᠷᠡᠭᠵᠢᠭᠦᠯᠬᠦ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     12 ᠰᠠᠷ᠎ᠠ ᠶᠢᠨ 4 ᠤ ᠡᠳᠦᠷ᠂ ᠳ᠋ᠦᠩᠱᠧᠩ ᠲᠣᠭᠤᠷᠢᠭ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     12 ᠰᠠᠷ᠎ᠠ ᠶᠢᠨ 5 ᠤ ᠡᠳᠦᠷ᠂ ᠳ᠋ᠦᠩᠱᠧᠩ ᠲᠣᠭᠤᠷᠢᠭ 2022 ᠣᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠥᠷᠪᠡᠳᠦᠭᠡᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     12 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠰᠢ ᠸᠧᠨ ᠳ᠋ᠦᠩᠱᠧᠩ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃     12 ᠰᠠᠷ᠎ᠠ ᠶᠢᠨ 8 ᠤ ᠡᠳᠦᠷ᠂ ︽ᠬᠦᠰᠡᠯ ᠵᠡᠭᠦᠳᠦ ᠪᠠᠨ ᠲᠡᠷᠭᠡᠯᠰᠢᠭᠦᠯᠵᠦ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ︱ 2022 ᠣᠨ ᠤ ᠪᠥᠬᠦ ᠤᠯᠤᠰ ᠤᠨ ᠨᠡᠬᠡᠮᠡᠯ ᠤᠨ ᠠᠵᠤ ᠦᠢᠯᠡᠰ ᠤᠨ ᠰᠦᠷᠦᠭᠵᠢᠯ ᠤᠨ ᠠᠵᠢᠯ ᠤᠨ ᠬᠤᠷᠠᠯ︾ ᠰᠦᠯᠵᠢᠶᠡᠨ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠪᠠ᠃ ᠬᠤᠷᠠᠯ ᠠᠴᠠ ᠨᠡᠬᠡᠮᠡᠯ ᠤᠨ ᠠᠵᠤ ᠦᠢᠯᠡᠰ ᠤᠨ ᠪᠦᠯᠦᠭᠯᠡᠯ ᠢ ᠲᠠᠪᠤᠳᠠᠭᠢ ᠤᠳᠠᠭ᠎ᠠ ᠳᠠᠪᠲᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ ᠳᠤᠮᠳᠠᠳᠤ ᠤᠯᠤᠰ ᠤᠨ ᠨᠡᠬᠡᠮᠡᠯ ᠤᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠢ ᠳᠤᠮᠳᠠᠳᠤ ᠤᠯᠤᠰ ᠤᠨ ᠨᠣᠯᠤᠤᠷ ᠤᠨ ᠠᠵᠤ ᠦᠢᠯᠡᠰ ᠤᠨ ᠨᠡᠷᠡᠲᠦ ᠬᠤᠲᠠ︾ ᠭᠡᠵᠦ ᠳᠠᠬᠢᠨ ᠪᠠᠶᠢᠴᠠᠭᠠᠬᠤ ᠪᠠᠷ ᠳᠠᠮᠵᠢᠭᠠᠳ᠂ ᠳᠤᠮᠳᠠᠳᠤ ᠤᠯᠤᠰ ᠤᠨ ᠨᠡᠬᠡᠮᠡᠯ ᠤᠨ ᠬᠤᠯᠪᠣᠭ᠎ᠠ ᠲᠠᠢ ᠬᠠᠮᠳᠤᠷᠠᠨ ᠲᠤᠷᠰᠢᠯᠲᠠ ᠶᠢᠨ ᠴᠢᠭ ᠢ ᠪᠠᠶᠢᠭᠤᠯᠬᠤ ᠶᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ ᠤᠨ ᠨᠡᠬᠡᠮᠡᠯ ᠤᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠬᠢᠭᠡᠳ ᠲᠤᠷᠰᠢᠯᠲᠠ ᠶᠢᠨ ᠴᠢᠭ ᠤᠨ ᠠᠵᠤ ᠦᠢᠯᠡᠰ ᠤᠨ ᠰᠦᠷᠦᠭᠵᠢᠯ ᠤᠨ ᠪᠠᠶᠢᠭ᠎ᠠ ᠭᠠᠵᠠᠷ ᠣᠷᠣᠨ ᠤ ᠵᠠᠰᠠᠭ ᠤᠨ ᠣᠷᠳᠣᠨ ︽ᠨᠡᠬᠡᠮᠡᠯ ᠤᠨ ᠠᠵᠤ ᠦᠢᠯᠡᠰ ᠤᠨ ᠰᠦᠷᠦᠭᠵᠢᠯ ᠤᠨ ᠲᠤᠷᠰᠢᠯᠲᠠ ᠶᠢᠨ ᠴᠢᠭ ᠤᠨ ᠭᠠᠵᠠᠷ ᠣᠷᠣᠨ ᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠵᠤ᠂ ᠨᠡᠬᠡᠮᠡᠯ ᠤᠨ ᠠᠵᠤ ᠦᠢᠯᠡᠰ ᠤᠨ ᠰᠦᠷᠦᠭᠵᠢᠯ ᠤᠨ ᠲᠤᠷᠰᠢᠯᠲᠠ ᠶᠢᠨ ᠴᠢᠭ ᠢ ᠬᠠᠮᠳᠤᠪᠠᠷ ᠪᠠᠶᠢᠭᠤᠯᠬᠤ ᠶᠢ ᠦᠷᠬᠦᠯᠵᠢᠯᠡᠨ ᠦᠷᠨᠢᠬᠦᠯᠬᠦ ᠬᠡᠷᠡᠭᠳᠠᠢ ᠭᠡᠪᠡ᠃     12 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠵᠠᠷᠢᠮ ᠡᠮ ᠤᠨ ᠵᠦᠢᠯ ᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ᠂ ᠡᠮ ᠤᠨ ᠵᠦᠢᠯ ᠤᠨ ᠬᠡᠯᠬᠢᠶᠡᠳᠤ ᠶᠡᠷᠦᠩᠬᠡᠢ ᠭᠠᠵᠠᠷ ᠵᠢᠴᠢ ᠵᠠᠷᠢᠮ ᠵᠢᠵᠢᠭᠯᠡᠨ ᠪᠤᠷᠤᠯᠠᠭᠤᠯᠬᠤ ᠡᠮ ᠤᠨ ᠳᠡᠯᠭᠡᠭᠦᠷ ᠲᠤ ᠲᠤᠰᠬᠠᠢ ᠪᠠᠶᠢᠴᠠᠭᠠᠯᠲᠠ ᠬᠢᠪᠡ᠃     12 ᠰᠠᠷ᠎ᠠ ᠶᠢᠨ 9 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠲᠤᠯᠠᠭ᠎ᠠ ᠪᠠ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠠᠷᠪᠠᠨ ᠰᠢᠨ᠎ᠡ ᠵᠤᠷᠪᠤᠰ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠷᠤᠯᠴᠠᠨ ᠲᠤᠤᠱᠯᠠᠭᠤᠯᠬᠤ ᠶᠢ ᠰᠤᠳᠤᠯᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠤᠸ ᠮᠢᠩ᠂ ᠲᠣᠭᠤᠷᠢᠭ ᠤᠨ ᠳᠡᠳ᠋ ᠳᠠᠷᠤᠭ᠎ᠠ ᠳ᠋ᠦ᠋ ᠵᠢᠤᠸᠠᠨ᠂ ᠶᠠᠩ ᠶᠦᠨ᠂ ᠵᠠᠩ ᠪᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     12 ᠰᠠᠷ᠎ᠠ ᠶᠢᠨ 12 ᠤᠨ ᠡᠳᠦᠷ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ᠂ ᠣᠷᠳᠣᠰ ᠬᠤᠲᠠ ᠶᠢᠨ ᠷᠦᠩ ᠲᠠᠢ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠳᠤᠪᠠᠷ ᠣᠷᠳᠣᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠲᠤᠬᠠᠢ ᠭᠡᠷ᠎ᠡ ᠲᠣᠭᠲᠠᠪᠠ᠂ ᠡᠨᠡ ᠨᠢ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠤᠨ ᠲᠠᠯ᠎ᠠ ᠪᠠᠷ ᠲᠡᠦᠬᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠭᠡᠷ᠎ᠡ ᠲᠤᠭᠳᠠᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠡᠷ᠎ᠡ ᠲᠤᠭᠳᠠᠬᠤ ᠶᠣᠰᠣᠯᠠᠯ ᠢ ᠡᠷᠬᠢᠯᠡᠪᠡ᠃     12 ᠰᠠᠷ᠎ᠠ ᠶᠢᠨ 13 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     12 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 2 ᠤᠳᠠᠭᠠᠨ ᠤ ᠪᠠᠶᠢᠩᠭᠤ ᠶᠢᠨ ᠭᠡᠰᠢᠭᠦᠨ ᠤ ᠥᠷᠭᠡᠳᠬᠡᠭᠰᠡᠨ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃ ᠲᠤᠭᠤᠷᠢᠭ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠯ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃     12ᠰᠠᠷ᠎ᠠ ᠶᠢᠨ 17 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠤᠨ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ︵ᠣᠷᠳᠣᠰ ᠥᠷᠲᠡᠭᠡ︶ ᠳ᠋ᠦᠩᠱᠧᠩ ᠲᠣᠭᠤᠷᠢᠭ ᠤᠨ ᠵᠢᠦ ᠴᠧᠩ ᠬᠥᠩ ᠣᠷᠳᠣᠨ ᠤ ᠲᠠᠯ᠎ᠠ ᠨᠤᠲᠤᠭ ᠤᠨ ᠨᠡᠯᠦᠭᠡᠷ ᠠᠭᠤᠳᠠᠮ ᠰᠣᠶᠣᠯ ᠵᠢᠭᠤᠯᠴᠢᠯᠠᠯ ᠤᠨ ᠣᠷᠣᠨ ᠤ ᠵᠢᠦ ᠴᠧᠩ ᠬᠥᠩ ᠣᠯᠠᠨ ᠤᠯᠤᠰ ᠤᠨ ᠴᠠᠨᠠᠯᠠᠬᠤ ᠦᠷᠳᠡᠭᠡ ᠳᠤ ᠦᠪᠡᠳᠡᠭᠰᠢ ᠶᠡᠭᠡ ᠪᠠᠷ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠤ᠋ ᠵᠥᠩ ᠱᠧᠩ ᠠᠵᠢᠯᠯᠠᠭ᠎ᠠ ᠳᠤ ᠣᠷᠣᠯᠴᠠᠭᠰᠠᠨ ᠪᠥᠭᠡᠳ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠶᠦᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃     12 ᠰᠠᠷ᠎ᠠ ᠶᠢᠨ 19 ᠤ ᠡᠳᠦᠷ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 48 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ 9 ᠤᠳᠠᠭᠠᠨ ᠤ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ  ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠭ᠎ᠠ ᠳᠠᠭᠠᠨ ᠪᠠᠶᠢᠭ᠎ᠠ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠵᠠᠢ᠃     12 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠠᠵᠢᠯᠴᠢᠨ ᠤ ᠡᠪᠯᠡᠯ ᠤᠨ ᠵᠢᠷᠭᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠪᠠ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     12 ᠰᠠᠷ᠎ᠠ ᠶᠢᠨ 23 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠳ᠋ᠦᠩᠱᠧᠩ ᠲᠣᠭᠤᠷᠢᠭ ᠤᠨ ᠵᠠᠷᠢᠮ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠲᠣᠭᠤᠷᠢᠭ᠂ ᠴᠢᠩᠬᠡᠯᠢᠭᠳᠦ ᠡᠮᠨᠡᠯᠭᠡ ᠶᠢᠨ ᠬᠤᠷᠢᠶ᠎ᠠ᠂ ᠵᠡᠭᠡᠯᠢ ᠭᠤᠳᠤᠮᠵᠢ ᠶᠢᠨ ᠬᠠᠷᠢᠶ᠎ᠠ ᠤᠷᠤᠨ ᠤ ︽ᠬᠠᠯᠠᠭᠤᠷᠠᠯ ᠢ ᠣᠨᠣᠰᠢᠯᠠᠨ ᠡᠮᠨᠡᠬᠦ ᠲᠠᠰᠤᠭ︾ ᠲᠤ ᠭᠦᠨᠵᠡᠭᠡᠶᠢᠷᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠤᠭᠤᠷᠢᠭ ᠤᠨ ᠤᠳᠤᠷᠢᠳᠤᠯᠭ᠎ᠠ ᠭᠤᠤ ᠮᠢᠩ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃     12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 27 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     12 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠤᠭᠤᠷᠢᠭ ᠤᠨ ᠲᠦᠷᠦᠯ ᠵᠤᠶᠢᠯ  ᠤᠨ ᠪᠠᠷᠢᠯᠭ᠎ᠠ ᠳᠠᠭᠤᠰᠬᠠᠵᠤ᠂ 2023 ᠣᠨ ᠤ 1 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠤᠷᠤᠭᠤᠯᠤᠨ᠎ᠠ᠃     12 ᠰᠠᠷ᠎ᠠ ᠶᠢᠨ 28 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2023 ᠣᠨ ᠤ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠰᠤᠷᠭᠠᠨ ᠬᠥᠮᠦᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠠᠶᠢᠳᠠᠯ ᠢ ᠰᠣᠨᠣᠰᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠵᠢᠴᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     12 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 49 ᠳ᠋ᠤᠭᠡᠷ ᠤᠳᠠᠭᠠᠨ ᠤ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠦᠪᠯᠡᠯ ᠤᠨ ᠳᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ‍ᠤᠨ‌ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠭ᠎ᠠ ᠳᠠᠭᠠᠨ ᠪᠠᠶᠢᠭ᠎ᠠ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     12 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 18 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ‍ᠤᠨ‌ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ᠂ ᠲᠤᠭᠤᠷᠢᠭ  ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     12 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ 2023 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠶᠠᠷᠢᠯᠴᠠᠬᠤ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠠᠳᠠᠨᠠᠬᠢ ᠬᠥᠮᠥᠰ ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠰᠠᠨᠠᠯ ᠢᠶᠠᠨ ᠢᠯᠡᠳᠬᠡᠪᠡ᠃ ᠢᠯᠡᠳᠬᠡᠯ ᠤᠨ ᠠᠭᠤᠯᠭ᠎ᠠ ᠶᠢᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ᠂ ᠪᠣᠳᠠᠲᠠᠢ ᠠᠷᠭ᠎ᠠ ᠰᠦᠪᠡᠭᠴᠢᠯᠡᠨ᠂ ᠰᠠᠨᠠᠭᠤᠯᠭ᠎ᠠ ᠳᠤᠷᠠᠳᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠷᠢᠭᠤᠴᠠᠯᠭᠠᠳᠠᠳ ᠬᠤᠷᠠᠯ ᠳᠤ ᠣᠷᠣᠯᠴᠠᠵᠠᠢ᠃     12 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ  ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠠᠢ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     12 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃     12 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠣᠷᠳᠣᠰ ᠬᠤᠲᠠ ᠳᠠᠬᠢ ᠭᠤᠤᠯᠳᠠᠯᠭᠠᠳᠤ ᠰᠠᠯᠪᠤᠷᠢ ᠪᠠᠩᠬᠢ ᠶᠢᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠤᠨ ᠶᠡᠭᠡ ᠲᠢᠩᠬᠢᠮ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠦᠷᠴᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ᠂ ᠢᠲᠡᠭᠡᠮᠵᠢ ᠶᠢᠨ ᠪᠠᠶᠢᠳᠠᠯ ᠢ ᠪᠠᠶᠢᠴᠠᠭᠠᠨ ᠯᠠᠪᠯᠠᠬᠤ᠂ ᠲᠣᠭᠠᠴᠠᠭ᠎ᠠ ᠬᠢᠵᠦ ᠳ᠋ᠦᠩᠨᠡᠨ ᠪᠤᠳᠤᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠵᠢᠯ ᠤᠨ ᠡᠴᠦᠰ ᠤᠨ ᠳ᠋ᠦᠩᠨᠡᠨ ᠪᠣᠳᠣᠯᠲᠠ ᠶᠢᠨ ᠡᠮᠦᠨ᠎ᠡ ᠹᠷᠣᠨᠲ ᠲᠤ ᠪᠠᠶᠢᠭ᠎ᠠ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠺᠠᠳ᠋ᠷ ᠠᠵᠢᠯᠲᠠᠨ ᠢ ᠡᠷᠬᠢᠨ ᠦᠵᠡᠵᠦ ᠲᠣᠬᠤᠨᠢᠭᠤᠯᠵᠤ᠂ ᠲᠡᠳᠡᠨ ᠤ ᠨᠢᠭᠡ ᠵᠢᠯ ᠤᠨ ᠲᠤᠷᠰᠢᠬᠢ ᠰᠢᠷᠭᠠᠭᠤ ᠬᠠᠲᠠᠭᠤᠵᠢᠯᠲᠠᠢ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠤ ᠮᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ