— 2023 ᠣᠨ ᠤ 1 ᠰᠠᠷ᠎ᠠ ᠶᠢᠨ 6 ᠤ ᠡᠳᠦᠷ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠣᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ | ᠲᠥᠯᠥᠭᠡᠯᠡᠭᠴᠢᠳ ᠡ᠄ | ᠣᠳᠣ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ 2022 ᠣᠨ ᠤ ᠠᠵᠢᠯ ᠤᠨ ᠡᠷᠭᠢᠴᠡᠭᠦᠯᠦᠯ | | ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠠ ᠬᠠᠲᠠᠭᠤ ᠪᠡᠷᠬᠡᠰᠢᠶᠠᠯᠳᠠᠢ ᠥᠭᠡᠷᠡᠴᠢᠯᠡᠯᠲᠡ ᠬᠦᠭᠵᠢᠯᠳᠠ | ᠲᠣᠭᠲᠠᠭᠤᠨ ᠤ ᠡᠭᠦᠷᠭᠡ ᠶᠢᠨ ᠡᠮᠦᠨ᠎ᠡ᠂ ᠢᠯᠠᠩᠭᠤᠶ᠎ᠠ ᠬᠡᠷᠡᠭᠴᠡᠭᠡ ᠠᠪᠴᠢᠵᠤ᠂ ᠬᠠᠩᠭᠠᠯᠭ᠎ᠠ ᠬᠡᠷᠡᠭᠯᠡᠬᠡᠨ ᠤ ᠳᠠᠭᠠᠷᠢᠯᠲᠠ ᠪᠠ ᠵᠢᠱᠢᠯᠲᠡ ᠶᠢᠨ ᠵᠦᠷᠢᠶ᠎ᠠ ᠵᠡᠷᠬᠡ | ᠭᠤᠷᠪᠠᠨ ᠳᠠᠪᠬᠤᠷ ᠳᠠᠷᠤᠯᠲᠠ ᠶᠢᠨ ᠡᠮᠦᠨ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠠ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠢᠮᠠᠭᠲᠠ | ᠪᠠᠷᠢᠮᠳᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠤᠭᠳᠠᠪᠤᠷᠢᠵᠢᠭᠤᠯᠬᠤ᠂ ᠬᠦᠭᠵᠢᠯᠳᠠ ᠶᠢ ᠠᠮᠦᠷ ᠲᠦᠪᠰᠢᠨ ᠪᠠᠶᠢᠯᠭᠠᠬᠤ︾ ᠶᠡᠷᠦᠩᠬᠡᠶ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠳᠤᠯᠤᠨ᠂ ᠰᠢᠶᠳᠪᠦᠷᠢᠲᠦ ᠪᠠᠶᠢᠯᠳᠤᠭᠠᠨ ᠳᠤ ᠢᠯᠠᠯᠲᠠ ᠤᠯᠵᠤ᠂ ᠪᠥᠬᠦ ᠲᠤᠭᠤᠷᠢᠭ | ᠤᠨ ᠠᠵᠤ ᠠᠬᠤᠶ ᠳᠠᠬᠢᠨ ᠲᠣᠭᠲᠠᠭᠤᠨ ᠢᠶᠠᠷ ᠰᠠᠶᠢᠵᠢᠷᠠᠬᠤ ᠶᠢ ᠪᠡᠶᠡᠯᠡᠬᠦᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠳᠤᠯᠠᠵᠤ᠂ | ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ | ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ | — ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠡᠳᠦᠷ ᠢᠷᠡᠬᠦᠶ᠎ᠡ ᠴᠢᠩᠭᠠᠳᠬᠠᠪᠠ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ | ᠪᠣᠯᠬᠤ ᠶᠢ ᠢᠮᠠᠭᠲᠠ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ︽ᠲᠣᠭᠲᠠᠭᠤᠨ︾ ᠤ ᠰᠠᠭᠤᠷᠢ ᠶᠢ ᠪᠠᠬᠢᠵᠢᠭᠦᠯᠵᠦ᠂ ︽ᠤᠷᠤᠭᠰᠢᠯᠠᠯᠳᠠ︾ ᠶᠢᠨ ᠪᠠᠶᠢᠳᠠᠯ | ᠢ ᠦᠷᠬᠡᠳᠬᠡᠪᠠ᠃ ᠪᠥᠬᠦ ᠵᠢᠯ ᠳᠤ ᠵᠢᠱᠢᠯᠲᠡ ᠪᠠᠷ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 940 ᠳ᠋ᠦᠩᠰᠢᠭᠤᠷ ᠲᠥᠭᠦᠷᠢᠭ ᠪᠡᠶᠡᠯᠡᠬᠦᠯᠵᠤ᠂ | ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25% | ᠠᠴᠠ ᠳᠡᠭᠡᠭᠰᠢ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 238 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 76.66 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25.8% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 59000 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠪᠥᠬᠦ ᠵᠢᠯ | ᠤᠨ ᠦᠶᠯᠡᠳᠪᠦᠷᠢᠯᠡᠵᠦ ᠪᠣᠷᠣᠯᠠᠭᠤᠯᠤᠭᠰᠠᠨ ᠲᠦᠭᠦᠬᠡᠶ ᠨᠡᠭᠦᠷᠡᠰᠦ ᠳ᠋ᠦᠩᠰᠢᠭᠤᠷ ᠲᠣᠨ ᠢ ᠳᠠᠪᠠᠵᠤ᠂ ᠮᠠᠰᠢᠨ ᠲᠡᠷᠭᠡ᠂ ᠡᠯᠧᠺᠲᠷᠣᠨ ᠳᠡᠯᠭᠡᠴᠡ᠂ ᠰᠠᠯᠬᠢᠨ ᠬᠦᠴᠦᠨ | ᠤ ᠮᠠᠰᠢᠨ ᠤ ᠢᠯᠳᠠᠰᠤ᠂ ᠢᠮᠠᠭᠠᠨ ᠨᠤᠤᠯᠤᠭᠤᠷ ᠤᠨ ᠦᠶᠯᠡᠳᠬᠦᠨ ᠵᠡᠷᠭᠡ ᠭᠤᠤᠯ ᠪᠣᠯᠬᠤ ᠠᠵᠤ ᠦᠶᠯᠡᠳᠪᠦᠷᠢ ᠶᠢᠨ ᠦᠶᠯᠡᠳᠬᠦᠨ ᠤ ᠦᠨ᠎ᠡ ᠵᠡᠷᠭᠡ ᠪᠠᠷ | ᠳᠡᠭᠡᠭᠰᠢᠯᠡᠪᠡ᠃ ᠲᠣᠨᠣᠭᠯᠠᠯ ᠦᠶᠯᠡᠳᠬᠦ ᠦᠶᠯᠡᠰ ᠤᠨ ᠦᠶᠯᠡᠳᠬᠦᠨ ᠤ ᠪᠥᠬᠦ ᠥᠷᠲᠡᠭ 210 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.12% ᠢᠶᠠᠷ ᠨᠡᠮᠡᠭᠳᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 7.1 | ᠳ᠋ᠦᠩᠰᠢᠭᠤᠷ ᠳ᠋ᠣᠯᠯᠠᠷ ᠲᠤ ᠬᠥᠷᠪᠡ᠃ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ︽2022 ᠣᠨ ᠤ ᠳᠤᠮᠳᠠᠳᠤ ᠤᠯᠤᠰ ᠤᠨ ᠪᠠᠷᠠᠭᠤᠨ | ᠣᠷᠣᠨ ᠤ ᠵᠠᠭᠤᠨ ᠬᠦᠴᠦᠷᠬᠡᠭ ᠲᠤᠭᠤᠷᠢᠭ︾ ᠤᠨ 18 ᠳ᠋ᠤᠭᠠᠷ ᠲᠤ ᠵᠢᠭᠰᠠᠭᠠᠭᠳᠠᠵᠤ᠂ ᠪᠥᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ | ᠬᠦᠴᠦᠷᠬᠡᠭ ᠲᠤᠭᠤᠷᠢᠭ ᠤᠨ 45 ᠳ᠋ᠤᠭᠠᠷ ᠲᠤ ᠵᠢᠭᠰᠠᠭᠠᠭᠳᠠᠪᠠ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ | ᠵᠦᠪᠰᠢᠶᠡᠷᠡᠬᠦᠯᠬᠦ ᠪᠠᠷ ᠪᠠᠶᠢᠭ᠎ᠠ ᠪᠠ ᠨᠦᠬᠦᠨ ᠵᠦᠪᠰᠢᠶᠡᠷᠡᠬᠦᠯᠬᠦ 286 ᠲᠥᠷᠥᠯ ᠵᠦᠢᠯ ᠤᠨ ᠭᠠᠷ ᠬᠦᠢᠴᠡᠳᠬᠡᠯ ᠢ ᠪᠦᠬᠦᠨ ᠢ ᠭᠦᠢᠴᠡᠳᠬᠡᠨ ᠳᠠᠭᠤᠰᠬᠠᠵᠤ᠂ ᠡᠳ᠋ | ᠤᠨ ᠵᠠᠰᠠᠭ ᠤᠨ 1.29 ᠳ᠋ᠦᠩᠰᠢᠭᠤᠷ ᠲᠥᠭᠦᠷᠢᠭ ᠤᠨ ᠲᠤᠨᠤᠮᠠᠯ ᠪᠡᠯᠡ ᠮᠥᠩᠭᠦ ᠶᠢ ᠠᠮᠢᠳᠤᠯᠢᠭᠵᠢᠭᠤᠯᠵᠤ᠂ ᠵᠦᠪᠰᠢᠶᠡᠷᠡᠭᠰᠡᠨ ᠪᠤᠯᠪᠠᠴᠦ ᠬᠠᠩᠭᠠᠭᠠᠳᠤᠢ ᠪᠠ ᠰᠤᠯᠠ | ᠪᠠᠶᠢᠭ᠎ᠠ ᠭᠠᠵᠡᠷ ᠰᠢᠷᠤᠢ ᠶᠢ 554.5 ᠾᠧᠺᠲ᠋ᠡᠷ ᠢ ᠰᠢᠩᠭᠡᠭᠡᠵᠦ᠂ ᠠᠵᠤ ᠠᠬᠤᠶ ᠶᠢᠨ ᠬᠦᠷᠢᠶᠡᠨ ᠳᠤ ᠤᠷᠲᠤ ᠬᠤᠭᠤᠴᠠᠭ᠎ᠠ ᠪᠠᠷ ᠤᠷᠤᠰᠢᠭᠰᠡᠨ ᠶᠠᠰᠤ ᠴᠢᠨᠠᠷ ᠢᠶᠠᠷ | ᠳᠣᠣᠷ᠎ᠠ ᠦᠷ᠎ᠡ ᠠᠰᠢᠭ ᠢᠶᠠᠷ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠤᠶᠢᠳᠬᠡᠵᠤ ᠪᠠᠶᠢᠭ᠎ᠠ ᠠᠰᠠᠭᠤᠳᠠᠯ ᠢ ᠬᠦᠴᠦᠲᠡᠶ ᠰᠢᠶᠳᠪᠦᠷᠢᠯᠡᠪᠡ᠃ | — ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠠᠰᠤᠷᠠᠯᠲᠠ ᠥᠬᠡᠶ ᠲᠦᠷᠭᠡᠳᠬᠡᠪᠡ᠃ ᠠᠵᠤ ᠦᠶᠯᠡᠰ ᠢᠶᠠᠷ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ | ᠬᠠᠩᠭᠠᠯᠭ᠎ᠠ ᠶᠢᠨ ᠬᠡᠯᠬᠢᠶ᠎ᠡ ᠶᠢ ᠪᠠᠲᠤᠯᠠᠵᠤ᠂ ᠣᠯᠠᠨ ᠡᠨᠧᠷᠭᠢ ᠵᠡᠷᠭᠡ ᠪᠠᠷ ᠤᠷᠤᠭᠰᠢᠯᠠᠬᠤ᠂ ᠣᠯᠠᠨ ᠡᠰᠢᠵᠢᠨ ᠬᠥᠭᠵᠢᠬᠦ᠂ ᠣᠯᠠᠨ ᠴᠡᠭ ᠢᠶᠠᠷ ᠲᠤᠯᠭᠠᠭᠤᠷᠢᠯᠠᠬᠤ | ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠪᠠ᠃ ᠪᠦᠬᠦ ᠵᠢᠯ ᠳᠤ ᠤᠷᠢᠵᠤ ᠤᠷᠤᠭᠤᠯᠤᠨ ᠭᠡᠷ᠎ᠡ ᠲᠣᠭᠲᠠᠭᠰᠠᠨ ᠲᠥᠷᠦᠯ | ᠵᠦᠢᠯ 107᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠶᠢ 1795 ᠳ᠋ᠦᠩᠰᠢᠭᠤᠷ ᠲᠥᠭᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ | 184% ᠪᠠᠷ ᠨᠡᠮᠡᠭᠳᠡᠪᠡ︔ 258 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠵᠦ᠂ 117.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠨᠡᠮᠡᠭᠳᠡᠵᠡᠢ᠃ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠨ ᠶᠠᠰᠤ ᠴᠢᠨᠠᠷ ᠢ | ᠳᠡᠭᠡᠭᠰᠢᠯᠡᠭᠦᠯᠦᠨ ᠴᠢᠳᠠᠪᠤᠷᠢ ᠣᠯᠭᠤᠬᠤ ᠶᠢ ᠪᠡᠶᠡᠯᠡᠭᠦᠯᠵᠦ᠂ 115 ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠣᠳᠣ ᠦᠶ᠎ᠡ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠡᠷᠭᠡ | ᠭᠤᠣᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠲᠡᠰ ᠤᠨ ᠭᠤᠣᠯᠳᠠᠯᠭ᠎ᠠ ᠲᠠᠢ | ᠲᠤᠯᠤᠭᠠᠶᠢᠯᠠᠭᠴᠢ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠤᠯᠤᠭᠠᠶᠢᠯᠠᠭᠴᠢ ᠠᠵᠤ ᠠᠬᠤᠶᠢᠯᠠᠯ 1 ᠶᠢ ᠰᠢᠨ᠎ᠡ ᠪᠠᠷ | ᠪᠤᠶᠢᠵᠢᠭᠤᠯᠪᠠ᠃ ᠬᠤᠶᠠᠳᠤᠭᠠᠷ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠬᠡᠪᠴᠢᠶ᠎ᠡ ᠪᠠᠨ ᠥᠷᠭᠡᠳᠬᠡᠬᠦ ᠶᠢ ᠪᠡᠶᠡᠯᠡᠭᠦᠯᠵᠦ᠂ ᠮᠧᠩ ᠲᠠᠢ ᠶᠢᠨ ᠬᠤᠶᠠᠳᠤᠭᠠᠷ | ᠬᠤᠭᠤᠴᠠᠭᠠᠨ ᠤ 2×66 ᠲᠦᠮᠡᠨ ᠺᠢᠯᠣᠸᠠᠲ ᠤᠨ ᠢᠯᠴᠢ ᠴᠠᠬᠢᠯᠭᠠᠨ ᠢ ᠬᠤᠯᠪᠣᠭᠠᠯᠠᠨ ᠦᠶᠯᠡᠳᠪᠦᠷᠢᠯᠡᠬᠦ ᠲᠥᠷᠥᠯ ᠵᠦᠶᠯ ᠢ ᠲᠤᠷᠰᠢᠨ ᠠᠵᠢᠯᠯᠠᠭᠤᠯᠵᠤ᠂ | ᠳ᠋ᠦᠩᠱᠧᠩ ᠤᠨ ᠤᠯᠤᠰ ᠤᠨ ᠴᠠᠬᠢᠯᠭᠠᠨ᠂ ᠸᠠᠨ ᠯᠢ ᠶᠢᠨ ᠨᠢᠭᠡᠳᠦᠭᠡᠷ ᠠᠭᠤᠷᠬᠠᠶ ᠶᠢᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ | ᠵᠦᠶᠯ ᠢ ᠪᠥᠬᠦ ᠪᠠᠭᠲᠠᠭᠠᠮᠵᠢ ᠶᠢᠨ ᠰᠦᠯᠵᠢᠶ᠎ᠠ ᠳᠤ ᠨᠢᠬᠡᠳᠬᠡᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ 13 ᠨᠡᠭᠦᠷᠡᠰᠦᠨ ᠠᠭᠤᠷᠬᠠᠶ ᠶᠢ ᠤᠶᠤᠨᠴᠢᠯᠠᠨ | ᠥᠭᠡᠷᠡᠴᠢᠯᠡᠬᠦ ᠶᠢ ᠪᠡᠶᠡᠯᠡᠭᠦᠯᠵᠦ᠂ ᠴᠢ ᠷᠦᠢ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠵᠢᠴᠢ ᠰᠢᠨ᠎ᠠ ᠬᠡᠯᠪᠡᠷᠢ ᠶᠢᠨ ᠮᠠᠰᠢᠨ ᠲᠡᠷᠭᠡ᠂ ᠱᠠᠨ ᠾᠧ | ᠤᠶᠤᠨᠲᠤ ᠲᠣᠨᠣᠭᠯᠠᠯ ᠦᠶᠯᠡᠳᠬᠦ ᠵᠡᠷᠭᠡ 38 ᠲᠥᠷᠥᠯ ᠵᠦᠶᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠶᠯᠡᠳᠬᠦ ᠦᠶᠯᠡᠰ ᠤᠨ ᠠᠵᠤ ᠦᠶᠯᠡᠳᠪᠦᠷᠢ | ᠶᠢᠨ ᠪᠠᠯᠠ ᠣᠷᠣᠭᠤᠯᠤᠯᠲᠠ ᠳᠠᠬᠢ ᠡᠵᠡᠯᠡᠬᠦ ᠬᠠᠷᠢᠴᠠᠯ ᠨᠢ 37.2% ᠲᠤ ᠬᠥᠷᠪᠡ᠃ ᠭᠤᠷᠪᠠᠳᠤᠭᠠᠷ ᠠᠵᠤ ᠦᠢᠯᠡᠰ ᠢ ᠲᠦᠪᠯᠡᠷᠡᠬᠦᠯᠦᠨ ᠳᠡᠰ ᠲᠡᠪᠰᠢᠬᠦᠯᠬᠦ ᠶᠢ | ᠪᠡᠶᠡᠯᠡᠭᠦᠯᠵᠦ᠂ ᠬᠤᠳᠠᠯᠳᠤᠭᠠᠨ ᠤ ᠵᠡᠭᠡᠯᠢ ᠲᠤᠭᠤᠷᠢᠭ ᠤᠨ ᠣᠨᠴᠠᠯᠢᠭᠲᠤ᠂ ᠨᠡᠷᠡᠲᠦ ᠲᠡᠮᠳᠡᠭᠵᠢᠭᠰᠡᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ | ᠬᠤᠳᠠᠯᠳᠤᠭᠠᠨ ᠤ ᠲᠣᠭᠤᠷᠢᠭ 3 ᠪᠠ ᠣᠨᠴᠠᠯᠢᠭᠲᠤ ᠵᠡᠭᠡᠯᠢ ᠲᠣᠭᠤᠷᠢᠭ 8 ᠢ ᠡᠬᠢᠯᠡᠨ ᠠᠵᠢᠯᠯᠠᠭᠤᠯᠵᠤ᠂ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠰᠣᠶᠣᠯ ᠺᠢᠨᠣ᠋ ᠲᠧᠯᠸᠢᠰ ᠤᠨ ᠰᠢᠨ᠎ᠡ ᠶᠢ ᠡᠬᠦᠳᠦᠭᠰᠡᠨ | ᠣᠶᠢᠯᠠᠭᠠᠯᠲᠠ ᠶᠢᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ 5 ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠣᠳᠠᠲᠠᠢ | ᠳᠤ ᠨᠠᠶᠢᠳᠠᠪᠤᠷᠢᠵᠢᠭᠤᠯᠵᠤ ᠪᠦᠳᠦᠬᠡᠨ ᠪᠠᠶᠢᠭᠤᠯᠤᠨ᠂ ᠵᠢᠦ ᠴᠧᠩ ᠭᠦᠩ ᠤᠨ ᠲᠠᠯ᠎ᠠ ᠨᠤᠲᠤᠭ ᠤᠨ ᠮᠠᠩᠬᠠᠨ ᠠᠶᠠᠯᠭᠤ ᠶᠢᠨ ᠰᠣᠶᠣᠯ ᠵᠢᠭᠤᠯᠴᠢᠯᠠᠯ ᠤᠨ ᠣᠷᠣᠨ᠂ | ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠨᠢ ︽ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠷᠠᠳ ᠤᠨ ᠪᠠᠭ᠋ᠠᠷᠬᠠᠯ ᠢ ᠲᠠᠳᠠᠭᠰᠡᠨ ᠭᠠᠵᠠᠷ︾ | ᠢᠶᠠᠷ ᠨᠡᠷᠡᠶᠢᠳᠦᠭᠳᠡᠵᠦ᠂ ᠪᠦᠬᠦ ᠵᠢᠯ ᠳᠤ ᠨᠡᠶᠢᠲᠡ 265.8 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ | ᠶᠢ 72.3 ᠳ᠋ᠦᠩᠰᠢᠭᠤᠷ ᠲᠥᠭᠦᠷᠢᠭ ᠢ ᠲᠠᠶᠢᠴᠢᠯᠠᠨ ᠪᠡᠶᠡᠯᠡᠬᠦᠯᠪᠠ᠃ | — ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ | ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠭᠦᠨᠵᠡᠭᠡᠢ | ᠥᠷᠨᠢᠭᠦᠯᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ | ᠬᠦᠢᠴᠡᠳᠬᠡᠯᠬᠡᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠤᠷᠴᠢᠨ ᠲᠤᠭᠤᠷᠢᠨ ᠤ ᠬᠠᠮᠠᠭᠠᠯᠠᠯᠳᠠ ᠶᠢᠨ 43 ᠬᠡᠷᠡᠭ ᠢ | ᠪᠦᠬᠦᠨ ᠢ ᠰᠢᠢᠳᠪᠦᠷᠢᠯᠡᠨ ᠳᠠᠭᠤᠰᠬᠠᠵᠤ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ | ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠪᠠ᠃ ᠠᠭᠤᠷᠬᠠᠶ ᠶᠢᠨ ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ | ᠥᠷᠨᠢᠭᠦᠯᠵᠦ᠂ ᠪᠣᠬᠢᠷᠲᠤᠯ ᠤᠨ ᠡᠬᠢ ᠰᠤᠷᠪᠤᠯᠵᠢ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠦᠷᠭᠦᠯᠵᠢᠯᠡᠨ ᠴᠢᠩᠭᠠᠳᠬᠠᠵᠤ᠂ ᠪᠥᠬᠦ ᠵᠢᠯ ᠤᠨ ᠠᠭᠠᠷ ᠤᠨ ᠶᠠᠰᠤ | ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ 92.55% ᠳᠤ ᠬᠥᠷᠪᠡ᠃ ᠬᠤᠶᠢᠲᠤ ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠭᠦᠯᠬᠦ ᠦᠶᠯᠡᠳᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠠᠨᠲᠠᠶ ᠶᠢᠨ ᠲᠠᠯ᠎ᠠ ᠵᠡᠷᠭᠡ ᠲᠠᠪᠤᠨ ᠶᠡᠭᠡ | ᠬᠥᠨᠳᠡᠶ ᠪᠠ ᠭᠤᠤᠯ ᠤᠨ ᠵᠠᠮ ᠢ ᠵᠠᠰᠠᠬᠤ ᠢᠨᠵᠧᠨᠧᠷᠢᠩ ᠢᠯᠡᠳᠲᠡ ᠦᠷ᠎ᠡ ᠪᠦᠲᠦᠮᠵᠢ ᠤᠯᠪᠠ᠃ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠣᠢ ᠰᠢᠭᠤᠢ ᠤᠷᠭᠤᠮᠠᠯ ᠤᠨ ᠪᠦᠷᠬᠦᠴᠡ ᠶᠢ | ᠰᠡᠷᠭᠦᠭᠡᠬᠦ ᠵᠡᠷᠭᠡ ᠭᠤᠣᠯᠳᠠᠯᠭ᠎ᠠ ᠲᠠᠢ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠠ᠃ | ᠠᠭᠤᠷᠬᠠᠶ ᠶᠢᠨ ᠤᠷᠤᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠨᠡᠶᠢᠲᠡ 8.57 ᠳ᠋ᠦᠩᠰᠢᠭᠤᠷ ᠲᠥᠭᠦᠷᠢᠭ ᠬᠡᠷᠡᠭᠯᠡᠵᠦ᠂ ᠵᠠᠳᠠᠭᠠᠶ | ᠨᠡᠭᠦᠷᠡᠰᠦᠨ ᠠᠭᠤᠷᠬᠠᠶ ᠶᠢ 500 ᠾᠧᠺᠲ᠋ᠠᠷ ᠰᠡᠷᠭᠦᠭᠡᠨ ᠬᠠᠭᠠᠯᠪᠤᠷᠢᠯᠠᠵᠤ ᠨᠣᠭᠤᠭᠠᠷᠠᠭᠤᠯᠤᠨ᠂ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢ 3 | ᠪᠠᠶᠢᠭᠤᠯᠵᠤ᠂ 5 ᠨᠡᠭᠦᠷᠡᠰᠦᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠪᠣᠯᠭᠠᠨ ᠪᠦᠳᠦᠬᠡᠨ ᠪᠠᠶᠢᠭᠤᠯᠪᠠ᠃ | ᠬᠠᠲᠠᠭᠤ ᠪᠡᠶᠡᠲᠦ ᠬᠠᠶᠠᠭᠳᠠᠮᠠᠯ ᠡᠳ᠋ ᠤᠨ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶᠢᠳᠡᠭᠦᠯᠬᠦ︾ ᠰᠢᠶᠳᠪᠦᠷᠢᠯᠡᠬᠦ ᠲᠤᠭᠳᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 70% ᠠᠴᠠ ᠳᠡᠭᠡᠭᠰᠢ | ᠳᠤ ᠬᠦᠷᠦᠬᠦᠯᠪᠠ᠃ | — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠴᠢᠨᠠᠷ ᠰᠠᠶᠢᠲᠠᠢ ᠬᠥᠭᠵᠢᠯᠲᠡ ᠶᠢᠨ ︽ᠡᠬᠢ ᠪᠤᠯᠠᠭ︾ ᠪᠣᠯᠭᠠᠵᠤ᠂ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠤᠯᠬᠤ᠂ ᠰᠢᠨ᠎ᠡ ᠶᠢ ᠡᠭᠦᠳᠬᠦ ᠠᠴᠠ | ᠠᠮᠢᠵᠢᠷᠠᠯ ᠤᠨ ᠬᠦᠴᠦᠨ ᠤᠯᠬᠤ ᠶᠢ ᠪᠠᠷᠢᠮᠳᠠᠯᠠᠪᠠ᠃ ︽ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠶ ᠲᠠᠮᠠᠭ᠎ᠠ ᠶᠢ ᠵᠢᠩᠬᠢᠨᠢ ᠪᠠᠷ ᠡᠬᠢᠯᠡᠨ ᠬᠡᠷᠡᠭᠯᠡᠵᠦ᠂ ︽ᠬᠢᠨᠠᠨ ᠵᠥᠪᠰᠢᠶᠡᠷᠡᠬᠦ ᠲᠣᠪᠴᠢᠶ᠎ᠠ + ᠨᠢᠭᠡ ᠴᠣᠩᠬᠤᠪᠴᠢ ᠮᠠᠶ᠋ᠢᠭ︾ | ᠤᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ︽ᠨᠢᠭᠡ ᠦᠨᠡᠮᠯᠡᠯ ᠢᠶᠠᠷ ᠪᠦᠬᠦᠨ ᠢ ᠭᠦᠶᠴᠡᠳᠬᠡᠬᠦ︾᠂ ︽ᠦᠨᠡᠮᠯᠡᠯ ᠦᠬᠡᠢ ᠪᠠᠷ ᠭᠦᠶᠴᠡᠳᠬᠡᠬᠦ︾᠂ ︽ᠲᠠᠷᠤᠢ | ᠳᠤᠨᠢ ᠵᠥᠪᠰᠢᠶᠡᠷᠡᠵᠦ ᠲᠠᠷᠤᠢ ᠳᠤᠨᠢ ᠭᠦᠶᠴᠡᠳᠬᠡᠬᠦ︾ ᠬᠢᠨᠠᠨ ᠵᠥᠪᠰᠢᠶᠡᠷᠡᠬᠦ ᠲᠥᠬᠦᠮ ᠵᠠᠭᠪᠤᠷ ᠢ ᠬᠡᠷᠡᠭᠵᠢᠭᠦᠯᠵᠦ᠂ ᠭᠤᠶᠤᠪᠴᠢᠯᠠᠬᠤ ᠮᠠᠲ᠋ᠧᠷᠢᠶᠠᠯ ᠢ 17% ᠪᠠᠷ | ᠬᠠᠰᠤᠵᠤ ᠴᠦᠬᠡᠳᠬᠡᠨ᠂ ᠭᠦᠶᠴᠡᠳᠬᠡᠬᠦ ᠭᠤᠭᠴᠤᠭ᠎ᠠ ᠶᠢ 16% ᠪᠠᠷ ᠬᠠᠰᠤᠵᠤ ᠪᠠᠭᠠᠰᠬᠠᠨ᠂ ᠭᠦᠶᠴᠡᠳᠬᠡᠬᠦ ᠴᠠᠭ ᠢ 70% ᠪᠠᠷ ᠪᠤᠭᠤᠨᠢᠰᠬᠠᠵᠤ᠂ ᠭᠦᠶᠦᠬᠦ | ᠤᠳᠠᠭ᠎ᠠ ᠶᠢ 47 % ᠪᠠᠷ ᠪᠠᠭᠠᠰᠬᠠᠵᠤ᠂ ᠰᠢᠨ᠎ᠡ ᠪᠠᠷ ᠳᠡᠩᠰᠡᠯᠡᠨ ᠲᠡᠮᠳᠡᠭᠯᠡᠭᠦᠯᠦᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ 14275 ᠡᠷᠦᠬᠡ ᠪᠤᠯᠵᠤ᠂ ᠪᠠᠯᠠ | ᠣᠷᠣᠭᠤᠯᠤᠯᠲᠠ ᠶᠢᠨ ᠳᠠᠯᠳᠠ ᠬᠦᠴᠦᠨ ᠢᠶᠠᠷ 2022 ᠣᠨ ᠤ ᠪᠥᠬᠦ ᠤᠯᠤᠰ ᠤᠨ ᠵᠠᠭᠤᠨ ᠬᠦᠴᠦᠷᠬᠡᠭ ᠲᠤᠭᠤᠷᠢᠭ ᠤᠨ 25 ᠳ᠋ᠤᠭᠠᠷ ᠲᠤ ᠵᠢᠭᠰᠠᠭᠠᠭᠳᠠᠪᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ 70 ᠭᠠᠷᠤᠶ ᠪᠣᠶᠢᠵᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ 50 ᠭᠠᠷᠤᠶ ᠶᠢ ᠤᠷᠢᠨ ᠠᠪᠴᠢᠷᠠᠵᠤ᠂ ᠪᠥᠬᠦ ᠨᠡᠶᠢᠭᠡᠮ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ 47% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ︽ᠭᠤᠷᠪᠠ ᠶᠢ ᠦᠬᠡᠶᠢᠰᠬᠡᠬᠦ︾ | ᠠᠵᠤ ᠠᠬᠤᠶᠢᠯᠠᠯ ᠢ ᠰᠢᠨ᠎ᠡ ᠪᠠᠷ 7 ᠨᠡᠮᠡᠭᠳᠡᠭᠦᠯᠵᠦ᠂ ᠪᠥᠬᠦ ᠵᠢᠯ ᠳᠤ 584 ᠬᠤᠪᠢ ᠲᠤᠰᠬᠠᠶ ᠠᠰᠢᠭ ᠤᠨ ᠡᠷᠬᠡ ᠣᠯᠭᠤᠨ᠂ ᠠᠳᠠᠯᠢ ᠬᠤᠭᠤᠴᠠᠭᠠᠨ ᠤ ᠬᠢ ᠠᠴᠠ | 8.9% ᠪᠠᠷ ᠨᠡᠮᠡᠭᠳᠡᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠰᠢᠶᠠᠨ ᠳᠤ ᠣᠷᠣᠪᠠ᠃ | — ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠪᠠ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ | ᠬᠦᠴᠦᠯᠡᠨ ᠰᠠᠶᠢᠵᠢᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠪᠦᠬᠦ ᠤᠯᠤᠰ ᠤᠨ ᠪᠣᠯᠪᠠᠰᠤᠨ ᠵᠢᠱᠢᠶᠡᠴᠢ ᠬᠤᠲᠠ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ 3 ᠵᠤᠷᠪᠤᠰ ᠬᠤᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠵᠤ᠂ 7 ᠵᠤᠷᠪᠤᠰ ᠮᠤᠬᠤᠷ ᠵᠠᠮ ᠢ | ᠨᠡᠪᠲᠡᠷᠡᠭᠦᠯᠦᠨ᠂ 55 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ᠃ ᠴᠡᠴᠡᠷᠯᠢᠭᠵᠢᠬᠦᠯᠦᠯᠳᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ ᠬᠤᠲᠠ ᠶᠢᠨ ᠴᠡᠴᠡᠷᠯᠢᠭᠵᠢᠬᠦᠯᠦᠯᠳᠠ ᠪᠣᠯᠤᠨ ᠨᠤᠭᠤᠭᠠᠷᠠᠭᠤᠯᠤᠯᠳᠠ ᠶᠢ ᠥᠭᠡᠷᠡᠴᠢᠯᠡᠬᠦ 13 ᠲᠥᠷᠥᠯ ᠵᠦᠢᠯ ᠢ ᠬᠡᠷᠡᠭᠵᠢᠭᠦᠯᠵᠦ᠂ 200 | ᠲᠦᠮᠡᠨ ᠲᠡᠭᠰᠢ ᠳᠥᠷᠪᠡᠯᠵᠢᠨ ᠮᠧᠲᠷ ᠤᠨ ᠨᠤᠭᠤᠭᠠᠷᠠᠭᠤᠯᠤᠯᠳᠠ ᠶᠢᠨ ᠭᠠᠵᠡᠷ ᠢ ᠰᠢᠨ᠎ᠡ ᠪᠠᠷ ᠨᠡᠮᠡᠭᠳᠡᠬᠦᠯᠦᠭᠰᠡᠨ ᠪᠤᠶᠤ ᠥᠭᠡᠷᠡᠴᠢᠯᠡᠨ ᠳᠡᠭᠡᠭᠰᠢᠯᠡᠭᠦᠯᠵᠦ᠂ ᠬᠤᠲᠠ | ᠶᠢᠨ ᠰᠠᠭᠤᠷᠢᠰᠢᠬᠤ ᠳᠤ ᠲᠤᠬᠢᠷᠠᠮᠵᠢᠳᠠᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠶᠢᠨ ᠬᠠᠮᠢᠶᠠᠷᠤᠯᠲᠠ | ᠳᠤ ᠬᠦᠴᠦᠨ ᠨᠡᠮᠡᠷᠢᠯᠡᠬᠦ ᠶᠢ ᠰᠦᠪᠡᠭᠴᠢᠯᠡᠵᠦ᠂ ᠬᠤᠲᠠ ᠶᠢᠨ ᠳᠣᠲᠣᠭᠠᠳᠤ ᠶᠢᠨ ᠤᠰᠤᠲᠤᠯ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠤ ᠠᠵᠢᠯᠯᠠᠭᠠᠨ ᠢ ᠬᠢᠨᠠᠨ | ᠰᠢᠨᠵᠢᠬᠦ ᠰᠢᠰᠲ᠋ᠧᠮ ᠤᠨ ᠲᠥᠷᠥᠯ ᠵᠦᠶᠯ ᠢ ᠡᠬᠢᠯᠡᠭᠦᠯᠵᠦ᠂ 29 ᠤᠶᠤᠨᠲᠤ ᠲᠡᠷᠭᠡᠨ ᠵᠣᠭᠰᠣᠭᠠᠯ ᠢ ᠪᠠᠶᠢᠭᠤᠯᠪᠠ᠃ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 20% ᠠᠴᠠ | ᠳᠡᠭᠡᠭᠰᠢ ᠳᠤ ᠬᠦᠷᠦᠭᠦᠯᠵᠦ᠂ ᠬᠤᠲᠠ ᠶᠢᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠲᠡᠭᠡᠭᠰᠢᠯᠡᠬᠦᠯᠪᠠ᠃ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ G210 ᠱᠤᠭᠤᠮ ᠤᠨ ᠲᠡᠬᠡᠷᠮᠠ ᠶᠢᠨ ᠰᠢᠯᠢ ᠶᠢᠨ ᠬᠤᠶᠢᠲᠤ ᠠᠴᠠ ᠶᠤᠸᠠᠢ | ᠵᠢᠶᠠ ᠬᠤᠤ ︵ᠴᠠᠭᠠᠨ︶ ᠬᠦᠷᠬᠦ ᠬᠡᠰᠡᠭ ᠤᠨ ᠵᠠᠮ ᠱᠤᠭᠤᠮ ᠢ ᠥᠭᠡᠷᠡᠴᠢᠯᠡᠬᠦ ᠪᠠᠷᠢᠯᠭ᠎ᠠ ᠪᠠ ᠴᠧᠩ ᠯᠢᠶᠠᠩ ᠠᠴᠠ ᠪᠤᠷᠵᠠᠩ ᠨᠠᠭᠤᠷ ᠪᠠᠯᠭᠠᠰᠤ ᠬᠦᠷᠬᠦ ᠬᠥᠳᠡᠭᠡ | ᠲᠣᠰᠬᠤᠨ ᠤ ᠵᠠᠰᠠᠮᠠᠯ ᠵᠠᠮ ᠢ ᠵᠠᠰᠠᠬᠤ ᠵᠡᠷᠭᠡ ᠵᠠᠮ ᠬᠠᠷᠢᠯᠴᠠᠭᠠᠨ ᠤ ᠲᠥᠷᠦᠯ ᠵᠦᠢᠯ ᠢ ᠬᠡᠷᠡᠭᠵᠢᠭᠦᠯᠵᠦ᠂ 46 ᠬᠡᠰᠡᠭ ᠬᠥᠳᠡᠭᠡ ᠲᠣᠰᠬᠤᠨ ᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠬᠦᠯᠦᠨ᠂ 109 ᠡᠷᠦᠬᠡ ᠶᠢᠨ ︽ᠵᠣᠷᠯᠣᠩ ᠢ ᠥᠭᠡᠷᠡᠴᠢᠯᠡᠬᠦ︾ ᠶᠢ ᠪᠡᠶᠡᠯᠡᠬᠦᠯᠵᠤ᠂ ᠲᠡᠵᠢᠭᠡᠨ ᠦᠷᠡᠵᠢᠭᠦᠯᠬᠦ ᠲᠠᠯᠠᠪᠠᠢ | ᠶᠢᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠭᠠᠵᠡᠷ ᠢ 34 ᠪᠠᠶᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠨᠠᠩ | ᠡᠷᠡᠭᠦᠯ᠂ ᠨᠠᠩ ᠠᠮᠤᠷ ᠲᠦᠪᠰᠢᠨ᠂ ᠨᠠᠩ ᠲᠠᠭᠠᠯᠠᠮᠵᠢᠲᠠᠢ ᠪᠤᠯᠭᠠᠵᠠᠢ᠃ | — ᠨᠡᠶᠢᠭᠡᠮ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠬᠦᠯᠪᠠ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠰᠡᠳᠬᠢᠯ | ᠲᠠᠯᠪᠢᠨ ᠬᠦᠴᠦ ᠣᠷᠣᠭᠤᠯᠤᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠨᠠᠭᠠᠳᠤ ᠵᠠᠬ᠎ᠠ ᠶᠢᠨ ᠠᠷᠠᠳ ᠤᠨ | ᠠᠮᠢᠳᠤᠷᠠᠯ ᠤᠨ ᠱᠤᠭᠤᠮ ᠢ ᠪᠠᠲᠤ ᠰᠠᠬᠢᠵᠤ᠂ ᠤᠯᠠᠨ ᠲᠦᠮᠡᠨ ᠳᠤ ᠦᠨᠡᠨ ᠬᠦ ᠬᠤᠪᠢᠷᠠᠯᠲᠠ ᠶᠢ ᠦᠵᠡᠭᠦᠯᠵᠦ᠂ ᠦᠷ᠎ᠡ ᠪᠦᠲᠦᠮᠵᠢ ᠶᠢ ᠡᠳ᠋ᠯᠡᠬᠦᠯᠵᠤ᠂ ᠪᠣᠳᠠᠲᠤ | ᠠᠰᠢᠭ ᠬᠦᠷᠳᠡᠬᠡᠪᠠ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ | 73.3% ᠳᠤ ᠬᠦᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠦᠭᠴᠦ ᠲᠤᠭᠳᠠᠭᠠᠭᠰᠡᠨ ᠠᠷᠠᠳ ᠤᠨ | ᠠᠮᠢᠳᠤᠷᠠᠯ ᠤᠨ 10 ᠪᠣᠳᠠᠲᠤ ᠶᠠᠪᠤᠳᠠᠯ ᠤᠨ ᠲᠥᠷᠥᠯ ᠵᠦᠶᠯ ᠢ ᠴᠢᠨᠠᠷ ᠰᠠᠶᠢᠲᠠᠶ ᠪᠡᠶᠡᠯᠡᠭᠦᠯᠪᠡ᠃ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ 4 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠠᠰᠢᠭᠯᠠᠯᠲᠠ ᠳᠤ ᠣᠷᠣᠭᠤᠯᠤᠨ᠂ | 66 ᠰᠤᠷᠭᠠᠭᠤᠯᠢ ᠬᠡᠦᠬᠡᠳ ᠤᠨ ᠴᠡᠴᠡᠷᠯᠢᠭ ᠢ ᠵᠠᠰᠠᠨ ᠥᠭᠡᠷᠡᠴᠢᠯᠡᠵᠦ᠂ 593 ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠡᠯᠰᠡᠵᠦ᠂ ᠪᠦᠯᠦᠭᠯᠡᠯᠵᠢᠭᠰᠡᠨ | ᠰᠤᠷᠭᠠᠭᠤᠯᠢ ᠡᠷᠬᠢᠯᠡᠬᠦ ᠶᠢ ᠠᠬᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠤᠨ᠂ ᠬᠤᠲᠠ ᠶᠢᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠳ᠋ᠦᠩᠱᠧᠩ ᠲᠣᠭᠤᠷᠢᠭ ᠲᠠᠬᠢ ᠰᠤᠷᠭᠠᠭᠤᠯᠢ᠂ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ ᠢ | ᠪᠠᠶᠢᠭᠤᠯᠵᠤ᠂ ︽ᠬᠤᠶᠠᠷ ᠢ ᠬᠦᠩᠬᠡᠷᠡᠬᠦᠯᠬᠦ︾ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ | ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠪᠣᠯᠪᠠ᠃ ᠪᠥᠬᠦ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠬᠦ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠢ ᠪᠠᠶᠢᠭᠤᠯᠵᠤ᠂ 3 | ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠢ ᠲᠠᠰ ᠳᠡᠪᠰᠢᠭᠦᠯᠦᠨ ᠥᠭᠡᠷᠡᠴᠢᠯᠡᠬᠦ᠂ 2 ᠴᠢᠩᠭᠡᠯᠢᠭ ᠤᠨ ᠡᠮᠨᠡᠯᠭᠡ ᠶᠢᠨ ᠬᠤᠷᠢᠶ᠎ᠠ ᠪᠠ 1 ᠲᠣᠭᠲᠠᠭᠰᠠᠨ ᠴᠡᠭ | ᠤᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ᠂ ᠲᠤᠰᠬᠠᠶ ᠰᠠᠯᠠᠭᠠᠨ ᠤ ᠡᠮᠨᠡᠯᠭᠡ ᠶᠢᠨ | ᠬᠤᠷᠢᠶ᠎ᠠ ᠵᠢᠴᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ ᠠᠬᠢᠭᠤᠯᠵᠤ᠂ | ᠤᠷᠢᠳᠴᠢᠯᠠᠨ ᠰᠡᠷᠭᠡᠶᠢᠯᠡᠬᠦ ᠡᠷᠡᠭᠦᠯᠵᠢᠯ᠂ ᠡᠪᠡᠳᠴᠢᠨ ᠡᠮᠭᠡᠭ ᠢ ᠡᠮᠨᠡᠨ ᠵᠠᠰᠠᠬᠤ ᠶᠢ ᠨᠢᠭᠡ ᠴᠣᠭᠴᠠᠵᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ | ᠤ ᠲᠤᠭᠳᠠᠯᠴᠠᠭ᠎ᠠ ᠶᠢ ᠪᠦᠷᠢᠯᠳᠦᠬᠦᠯᠪᠠ᠃ ᠠᠵᠢᠯ ᠣᠯᠭᠤᠬᠤ ᠦᠢᠯᠡᠴᠢᠯᠡᠭᠡᠨ ᠤ ᠡᠭᠦᠯᠡᠨ ᠲᠠᠪᠴᠠᠩ᠂ ᠠᠵᠢᠯ ᠤᠯᠭᠤᠵᠤ ᠦᠢᠯᠡᠰ ᠪᠦᠲᠦᠭᠡᠬᠦ ᠦᠢᠯᠡᠴᠢᠯᠡᠭᠡᠨ ᠤ | ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 5217 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.19% ᠶᠢᠨ ᠳᠣᠲᠣᠷ᠎ᠠ ᠬᠢᠵᠠᠭᠠᠷᠯᠠᠪᠠ᠃ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ | ᠲᠥᠪ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠲᠠᠭᠤᠰᠬᠠᠵᠤ᠂ 15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠮᠢᠳᠤᠷᠠᠯ ᠤᠨ | ᠲᠤᠭᠤᠷᠢᠭ ᠢ ᠨᠡᠶᠢᠳᠡᠮ ᠪᠦᠷᠬᠦᠬᠦᠯᠵᠤ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠬᠦᠯᠬᠦ ᠲᠤᠭᠤᠷᠢᠭ ᠢᠶᠠᠷ ᠦᠨᠡᠯᠡᠭᠳᠡᠪᠡ᠃ | ᠰᠣᠶᠣᠯ ᠤᠨ ᠦᠢᠯᠡᠰ ᠢ ᠲᠠᠰᠤᠷᠠᠯᠲᠠ ᠦᠭᠡᠢ ᠴᠡᠴᠡᠭᠯᠡᠭᠦᠯᠦᠨ ᠬᠥᠭᠵᠢᠭᠦᠯᠵᠦ᠂ ᠲᠣᠭᠠᠴᠢᠯᠠᠭᠰᠠᠨ ᠰᠣᠶᠣᠯ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠤᠨ᠂ ᠰᠣᠶᠣᠯ ᠤᠨ ᠣᠷᠳᠣᠨ ᠤ ᠬᠤᠪᠢᠶᠠᠷᠢ ᠣᠷᠳᠣᠨ 36᠂ ᠨᠣᠮ ᠤᠨ ᠰᠠᠩ ᠤᠨ ᠬᠤᠪᠢᠶᠠᠷᠢ ᠣᠷᠳᠣᠨ 10 ᠶᠢ ᠪᠠᠶᠢᠭᠤᠯᠵᠤ᠂ | ᠲᠠᠪᠤᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ ᠵᠡᠷᠭᠡ ᠣᠯᠠᠨ ᠲᠦᠮᠡᠨᠴᠢ ᠰᠤᠶᠤᠯ ᠤᠨ ᠰᠢᠷᠢᠰ ᠠᠵᠢᠯᠯᠠᠭ᠎ᠠ ᠶᠢ 220 | ᠭᠠᠷᠤᠢ ᠲᠠᠯᠠᠪᠠᠢ ᠤᠳᠠᠭ᠎ᠠ ᠵᠣᠬᠢᠶᠠᠨ ᠪᠠᠶᠢᠭᠤᠯᠤᠨ ᠡᠷᠬᠢᠯᠡᠵᠦ᠂ ︽ᠲᠠᠯ᠎ᠠ ᠨᠤᠲᠤᠭ ᠤᠨ ᠬᠠᠮᠤᠭ ᠭᠤᠶᠤ ᠳᠠᠭᠤᠤ︾ ᠨᠢ ᠥᠪᠡᠷᠲᠡᠭᠡᠨ ᠵᠠᠰᠠᠬᠤ ᠣᠷᠣᠨ ᠤ ᠠᠷᠪᠠᠨ | ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠢ | ᠬᠦᠷᠲᠡᠪᠡ᠃ | — ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠨᠠᠩ ᠡᠶ᠎ᠡ ᠵᠤᠬᠢᠴᠠᠩᠭᠤᠢ ᠪᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 13300 ᠭᠠᠷᠤᠶ ᠬᠥᠮᠦᠨ ᠢ | ᠰᠢᠯᠵᠢᠭᠦᠯᠦᠨ ᠲᠡᠭᠡᠭᠡᠪᠦᠷᠢᠯᠡᠵᠦ ᠲᠥᠪᠯᠡᠷᠡᠭᠦᠯᠦᠨ ᠲᠤᠰᠠᠭᠠᠷᠯᠠᠭᠰᠡᠨ ᠪᠠ 2500 ᠭᠠᠷᠤᠶ ᠬᠥᠮᠦᠨ ᠢ ᠴᠢᠩᠭᠡᠯᠢᠭ ᠡᠮᠨᠡᠯᠭᠡ ᠶᠢᠨ ᠬᠤᠷᠢᠶᠠᠨ ᠤ ᠡᠮᠴᠢᠯᠡᠭᠡ ᠪᠠᠷ | ᠠᠪᠤᠷᠠᠨ ᠡᠮᠨᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠪᠠ᠃ ᠠᠶᠤᠯᠬᠦᠢ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ | ︽ᠡᠷᠬᠢᠨ ᠬᠠᠷᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠠᠯ ᠤᠨ ᠰᠡᠷᠭᠡᠶᠢᠯᠡᠯᠲᠡ ᠶᠢᠨ ᠠᠮᠤᠷ ᠲᠦᠪᠰᠢᠨ᠂ ᠠᠶᠤᠯᠲᠠᠶ ᠬᠢᠮᠢ ᠶᠢᠨ ᠪᠣᠳᠠᠰ᠂ | ᠰᠢᠲᠠᠮᠠᠬᠠᠶ ᠬᠡᠶ᠂ ᠦᠪᠡᠷᠳᠡᠬᠡᠨ ᠪᠠᠶᠢᠭᠤᠯᠤᠭᠰᠡᠨ ᠬᠡᠷ ᠪᠠᠶᠢᠰᠢᠩ ᠵᠡᠷᠬᠡ ᠬᠦᠷᠢᠶ᠎ᠠ ᠴᠠᠷᠠᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠰᠠᠶᠢᠲᠤᠷ ᠬᠢᠵᠦ᠂ | ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠬᠦᠰᠬᠦ ᠲᠤᠭ᠎ᠠ ᠶᠢ 86.7% ᠪᠠᠷ ᠪᠠᠭᠤᠷᠠᠭᠤᠯᠵᠤ᠂ ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ | ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠤᠯᠪᠠ᠃ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠭᠦᠨᠵᠡᠭᠡᠶᠢᠷᠡᠭᠦᠯᠵᠦ᠂ ︽ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ + ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ + ᠰᠢᠭᠦᠬᠦ | ᠬᠤᠷᠢᠶ᠎ᠠ + N︾ ᠬᠠᠮᠲᠤᠷᠠᠨ ᠬᠥᠳᠡᠯᠦᠯᠴᠡᠵᠦ ᠬᠠᠤᠯᠢ ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ | ᠠᠵᠢᠯ ᠤᠨ ᠵᠠᠭᠪᠤᠷ ᠢ ᠬᠦᠴᠦᠯᠡᠨ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠶᠯᠡᠰ ᠢ ᠰᠢᠶᠳᠪᠦᠷᠢᠯᠡᠭᠰᠡᠨ ᠣᠯᠠᠨ ᠲᠦᠮᠡᠨ ᠤ ᠰᠡᠳᠬᠢᠯ ᠬᠠᠨᠤᠮᠵᠢᠲᠠᠶ ᠨᠣᠷᠮ᠎ᠠ | 96% ᠠᠴᠠ ᠳᠡᠭᠡᠭᠰᠢ ᠳᠤ ᠬᠦᠷᠴᠦ᠂ ︽ᠪᠡᠭᠡᠵᠢᠩ ᠳᠤ ᠬᠦᠷᠴᠦ︾ ᠵᠠᠬᠢᠳᠠᠯ ᠰᠤᠷᠪᠤᠯᠵᠢᠯᠠᠭ᠎ᠠ ᠬᠢᠬᠦ᠂ ︽ᠬᠥᠬᠡᠬᠤᠲᠠ ᠳᠤ ᠬᠦᠷᠴᠦ︾ ᠵᠠᠬᠢᠳᠠᠯ ᠰᠤᠷᠪᠤᠯᠵᠢᠯᠠᠭ᠎ᠠ | ᠬᠢᠬᠦ ᠪᠦᠯᠦᠭ ︵ᠬᠥᠮᠦᠨ︶ ᠤᠳᠠᠭ᠎ᠠ ᠨᠢ ᠠᠳᠠᠯᠢ ᠬᠤᠭᠤᠴᠠᠭᠠᠨ ᠤ ᠬᠢ ᠠᠴᠠ 90% ᠠᠴᠠ ᠳᠡᠭᠡᠭᠰᠢ ᠪᠠᠷ ᠪᠠᠭᠤᠷᠠᠪᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ | ᠳᠠᠷᠤᠢ ᠳᠤᠨᠢ ᠰᠢᠢᠳᠪᠦᠷᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 12345 ᠬᠠᠯᠠᠮᠰᠢᠯ ᠤᠲᠠᠰᠤ ᠪᠠᠷ ᠨᠡᠶᠢᠲᠡ 6.14 ᠲᠦᠮᠡᠨ ᠬᠤᠪᠢ ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠬᠠᠨᠤᠮᠵᠢᠲᠠᠢ ᠨᠣᠷᠮ᠎ᠠ 99% ᠳᠤ ᠬᠦᠷᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ | ᠠᠰᠠᠭᠤᠳᠠᠯ ᠢ ᠲᠤᠰᠬᠠᠶ ᠠᠩᠭᠢ ᠪᠠᠷ ᠠᠬᠢᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠴᠦ ᠪᠠᠨ ᠬᠠᠮᠲᠤᠳᠬᠠᠨ ᠪᠡᠷᠬᠡ ᠰᠡᠳᠦᠪ ᠢ | ᠰᠢᠶᠳᠪᠦᠷᠢᠯᠡᠵᠦ᠂ ᠬᠤᠭᠤᠴᠠᠭ᠎ᠠ ᠬᠡᠲᠦᠷᠡᠭᠰᠡᠨ 9 ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ 1000 ᠭᠠᠷᠤᠶ ᠢᠵᠢ | ᠣᠷᠣᠨ ᠰᠠᠭᠤᠴᠠ ᠶᠢᠨ ᠲᠤᠰᠢᠶᠠᠨ ᠥᠭᠬᠦ ᠨᠥᠬᠦᠴᠡᠯ ᠢ ᠪᠦᠷᠢᠯᠳᠦᠭᠦᠯᠵᠦ᠂ ︽ᠨᠢᠭᠡ ᠬᠡᠷ ᠪᠠᠶᠢᠰᠢᠩ ᠢ ᠤᠯᠠᠨᠳᠠ ᠬᠤᠳᠠᠯᠳᠤᠭᠰᠡᠨ︾᠂ ᠰᠢᠭᠦᠬᠦ ᠬᠤᠷᠢᠶ᠎ᠠ ᠠᠴᠠ | ᠪᠠᠶᠢᠴᠠᠭᠠᠨ ᠪᠢᠳᠡᠬᠦᠮᠵᠢᠯᠡᠭᠰᠡᠨ ᠵᠡᠷᠭᠡ ᠬᠠᠤᠯᠢ ᠵᠠᠷᠭᠤ ᠳᠤ ᠬᠤᠯᠪᠣᠭᠳᠠᠭᠰᠠᠨ 519 ᠢᠵᠢ ᠬᠡᠷ ᠬᠥᠷᠥᠩᠭᠡ ᠶᠢ ᠲᠣᠬᠢᠲᠠᠶ ᠰᠢᠶᠳᠪᠦᠷᠢᠯᠡᠪᠡ᠃ ᠵᠠᠰᠠᠭ ᠤᠨ ᠣᠷᠳᠣᠨ | ᠤ ᠳᠠᠯᠳᠠ ᠥᠷᠢ ᠥᠭᠴᠡᠭᠡ ᠶᠢ ᠨᠡᠶᠢᠲᠡ 46.4 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠣᠨ ᠤ ᠥᠷᠢ ᠥᠭᠴᠡᠭᠡ ᠶᠢ ᠢᠯᠭᠠᠷᠠᠭᠤᠯᠬᠤ ᠡᠭᠦᠷᠭᠡ ᠪᠠᠨ | ᠳᠠᠪᠠᠭᠤᠯᠤᠨ ᠪᠡᠶᠡᠯᠡᠭᠦᠯᠵᠦ᠂ ᠪᠥᠬᠦ ᠰᠢᠰᠲ᠋ᠧᠮ ᠤᠨ ᠥᠷᠢ ᠥᠭᠴᠡᠭᠡ ᠶᠢᠨ ᠨᠣᠷᠮ᠎ᠠ ᠶᠢ 158 ᠵᠠᠭᠤᠨ ᠤ ᠬᠤᠪᠢ ᠪᠠᠷ ᠪᠠᠭᠤᠷᠠᠭᠤᠯᠵᠤ᠂ ᠬᠠᠤᠯᠢ ᠪᠤᠰᠤ ᠪᠠᠷ ᠪᠠᠯᠠ | ᠮᠥᠩᠭᠦ ᠴᠤᠭᠯᠠᠭᠤᠯᠤᠭᠰᠠᠨ ᠬᠡᠷᠡᠭ ᠢ ᠰᠢᠶᠳᠪᠦᠷᠢᠯᠡᠬᠦ ᠶᠢ ᠭᠦᠨᠵᠡᠭᠡᠶ ᠠᠬᠢᠭᠤᠯᠵᠤ᠂ 127 ᠬᠤᠪᠢ ᠬᠡᠷᠡᠭ ᠢ ᠰᠢᠢᠳᠪᠤᠷᠢᠯᠡᠵᠤ ᠲᠠᠭᠤᠰᠬᠠᠨ᠂ ᠣᠷᠣᠨ ᠨᠤᠲᠤᠭ ᠤᠨ | ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ᠦᠷᠭᠦᠯᠵᠢᠯᠡᠨ ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠶ ᠲᠦᠭᠰᠢᠭᠦᠷᠢ | ᠥᠯᠥ ᠡᠬᠦᠰᠬᠦ ᠬᠢᠵᠠᠭᠠᠷ ᠱᠤᠭᠤᠮ ᠢ ᠪᠠᠲᠤ ᠰᠠᠬᠢᠪᠠ᠃ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠪᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ | ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ ᠵᠠᠯᠬᠠᠭᠠᠨ ᠰᠢᠳᠬᠡᠵᠦ᠂ ᠳ᠋ᠦᠩᠱᠧᠩ ᠤᠨ ᠮᠡᠷᠭᠡᠵᠢᠯ ᠢᠶᠠᠷ ᠰᠡᠷᠭᠡᠶᠢᠯᠡᠬᠦ ᠰᠢᠰᠲ᠋ᠧᠮ ᠢ ᠥᠭᠡᠷᠡᠴᠢᠯᠡᠨ | ᠥᠷᠭᠡᠳᠬᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠦᠷᠭᠦᠯᠵᠢᠯᠡᠨ ᠲᠣᠭᠲᠠᠭᠤᠨ ᠪᠠᠶᠢᠪᠠ᠃ | — ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠥᠷᠨᠢᠭᠦᠯᠵᠦ᠂ ᠲᠥᠪ ᠤᠨ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ | ᠪᠠ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠠᠮᠤ ᠪᠤᠳᠠᠭ᠎ᠠ ᠬᠤᠳᠠᠯᠳᠤᠨ | ᠪᠤᠷᠤᠯᠠᠭᠤᠯᠬᠤ ᠬᠦᠷᠢᠶᠡᠨ ᠳᠠᠬᠢ ᠢᠯᠵᠢᠷᠡᠯ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠪᠡ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠪᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ | ᠶᠠᠪᠤᠴᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤ ᠥᠭᠭᠦᠭᠰᠡᠨ ᠨᠤᠷᠮ᠎ᠠ 100% ᠳᠤ ᠬᠦᠷᠴᠦ᠂ ᠵᠠᠰᠠᠭ ᠵᠠᠬᠢᠷᠭᠠᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ 100% ᠳᠤ ᠬᠦᠷᠪᠡ᠃ ︽ᠭᠤᠷᠪᠠᠨ ᠣᠯᠠᠨ᠂ ᠭᠤᠷᠪᠠᠨ | ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ | ᠦᠶᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠦᠶᠯᠡᠴᠢᠯᠡᠭᠡ ᠶᠢ ᠨᠠᠩ ᠥᠨᠳᠥᠷ ᠪᠦᠲᠦᠮᠵᠢᠲᠡᠶ᠂ ᠨᠠᠩ ᠵᠢᠷᠤᠮᠵᠢᠭᠰᠠᠨ᠂ ᠨᠠᠩ ᠪᠣᠳᠠᠲᠠᠶ ᠪᠠᠶᠢᠯᠭᠠᠬᠤ | ᠶᠢ ᠡᠷᠬᠢᠮᠯᠡᠪᠠ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠦᠨᠳᠦᠰᠦᠳᠡᠨ | ᠱᠠᠰᠢᠨ ᠰᠤᠷᠳᠠᠬᠤᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ | ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ᠵᠡᠷᠭᠡ ᠠᠵᠢᠯ ᠢ ᠦᠷᠭᠦᠯᠵᠢᠯᠡᠨ | ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ | ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠶᠢᠨ ᠠᠵᠢᠯ ᠰᠢᠨ᠎ᠡ ᠦᠷ᠎ᠡ ᠪᠦᠲᠦᠮᠵᠢ ᠤᠯᠪᠠ᠃ | ᠲᠥᠯᠥᠭᠡᠯᠡᠭᠴᠢᠳ ᠡ︕ ᠤᠷᠬᠢᠯ ᠳᠤᠷ ᠭᠠᠷᠬᠤ ᠤᠮᠤᠭ ᠵᠤᠷᠢᠭ ᠪᠠᠶᠢᠪᠠᠰᠤ ᠤᠷᠴᠢᠯᠠᠩ ᠲᠠᠯᠠᠬᠡᠢ ᠳᠤ ᠪᠡᠷᠬᠡ ᠶᠠᠪᠤᠳᠠᠯ ᠠᠯᠠᠭ᠎ᠠ᠃ ᠥᠩᠭᠡᠷᠡᠭᠰᠡᠨ ᠨᠢᠭᠡ ᠵᠢᠯ | ᠳᠤ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠲᠠᠭᠤ ᠰᠢᠯᠭᠠᠯᠲᠠ ᠪᠣᠯᠤᠨ ᠠᠵᠤ ᠠᠬᠤᠢ ᠤᠷᠤᠭᠤᠳᠠᠬᠤ ᠠᠶᠤᠯ | ᠲᠦᠭᠰᠢᠭᠦᠷᠢ ᠥᠷᠢᠰᠥᠯᠳᠦᠭᠡᠨ ᠢ ᠳᠠᠭᠠᠭᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠬᠥᠭᠵᠢᠯᠲᠡ ᠶᠢᠨ ᠬᠠᠨᠳᠤᠰᠢ ᠶᠢ | ᠪᠠᠬᠢᠵᠢᠭᠦᠯᠦᠨ ᠥᠷᠭᠡᠳᠬᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠲᠠᠯᠪᠢᠭᠰᠠᠨ᠂ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ ᠨᠠᠩ ᠴᠤ | ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠨᠢᠬᠡ ᠰᠡᠳᠬᠢᠯ ᠨᠢᠬᠡ ᠵᠤᠷᠢᠭ ᠢᠶᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ | ᠴᠥᠬᠦᠷᠡᠰᠢ ᠥᠬᠡᠶ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠳ᠋ᠦᠩᠱᠧᠩ ᠤᠨ | ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠦᠬᠦ ᠨᠥᠬᠦᠳ᠂ ᠳ᠋ᠦᠩᠱᠧᠩ ᠤᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢᠬᠢ ᠬᠠᠲᠠᠭᠤ ᠪᠡᠷᠬᠡᠰᠢᠶᠡᠯ ᠪᠠ ᠠᠮᠵᠢᠯᠲᠠ ᠪᠦᠲᠦᠮᠵᠢ ᠠᠴᠠ ᠪᠢᠳᠡ ᠰᠢᠨ᠎ᠡ ᠴᠠᠭ ᠦᠶ᠎ᠡ ᠶᠢᠨ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠳᠤ᠂ ᠭᠠᠭᠴᠠ ᠬᠦ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠪᠠᠯ ᠰᠠᠶ᠋ᠢ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ | ᠤᠯᠤᠰ ᠲᠦᠷᠦ ᠶᠢᠨ ᠨᠢᠭᠲᠠᠷᠠᠯ ᠤᠨ ᠬᠦᠴᠦᠨ ᠪᠠ ᠬᠥᠭᠵᠢᠯᠲᠡ ᠶᠢᠨ ᠢᠲᠡᠭᠡᠯ ᠲᠠᠢ ᠪᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠬᠤ ᠬᠦᠴᠦᠷᠬᠡᠭ ᠶᠡᠭᠡ ᠬᠦᠴᠦᠨ ᠢ ᠦᠨᠡᠨ ᠬᠦ ᠨᠢᠭᠲᠠᠷᠠᠭᠤᠯᠵᠤ ᠴᠢᠳᠠᠨ᠎ᠠ︔ ᠭᠠᠭᠴᠠ ᠬᠦ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠪᠠᠯ ᠰᠠᠶ᠋ᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠢ ᠪᠡᠶᠡᠯᠡᠭᠦᠯᠵᠦ᠂ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠦᠨᠡᠨ ᠬᠦ ᠠᠬᠢᠭᠤᠯᠵᠤ ᠡᠯ᠎ᠡ ᠵᠦᠢᠯ ᠤᠨ ᠦᠢᠯᠡᠰ ᠤᠨ ᠲᠠᠰᠤᠷᠠᠯᠳᠠ ᠦᠭᠡᠢ | ᠬᠦᠭᠵᠢᠬᠦ ᠶᠢ ᠠᠬᠢᠭᠤᠯᠵᠤ ᠴᠢᠳᠠᠨ᠎ᠠ︔ ᠭᠠᠭᠴᠠ ᠬᠦ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠪᠠᠯ ᠰᠠᠶ᠋ᠢ ᠰᠠᠶᠢᠨ ᠶᠠᠪᠤᠳᠠᠯ ᠢ ᠪᠣᠳᠠᠲᠠᠢ ᠬᠢᠵᠦ᠂ | ᠪᠣᠳᠠᠲᠤ ᠶᠠᠪᠤᠳᠠᠯ ᠢ ᠰᠠᠶᠢᠲᠤᠷ ᠬᠢᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠨᠡᠩ ᠭᠤᠣᠯᠴᠢ ᠪᠠᠷ | ᠡᠳ᠋ᠯᠡᠭᠦᠯᠵᠦ ᠴᠢᠳᠠᠨ᠎ᠠ︔ ᠭᠠᠭᠴᠠ ᠬᠦ ᠡᠷᠡᠮᠡᠬᠡᠶᠢᠯᠡᠨ ᠤᠷᠤᠭᠰᠢᠯᠠᠬᠤ ᠶᠢ ᠢᠮᠠᠭᠲᠠ ᠪᠠᠷᠢᠮᠲᠠᠯᠠᠪᠠᠯ ᠰᠠᠶ᠋ᠢ ᠠᠵᠢᠯ ᠶᠠᠪᠤᠳᠠᠯ ᠬᠢᠬᠦ ᠣᠪᠣᠷ ᠪᠠᠶᠢᠳᠠᠯ᠂ ᠠᠵᠢᠯ ᠶᠠᠪᠤᠳᠠᠯ | ᠬᠢᠵᠦ ᠳᠡᠶᠢᠯᠬᠦ ᠴᠢᠳᠠᠪᠤᠷᠢ ᠶᠢ ᠡᠵᠡᠮᠰᠢᠵᠦ᠂ ᠠᠵᠢᠯ ᠶᠠᠪᠤᠳᠠᠯ ᠪᠦᠲᠦᠭᠡᠵᠦ ᠨᠠᠶᠢᠳᠠᠪᠤᠷᠢᠵᠢᠭᠤᠯᠬᠤ ᠡᠭᠦᠷᠭᠡᠯᠡᠯ ᠢᠶᠠᠷ ᠲᠡᠷᠢᠭᠦᠨ ᠤ ᠬᠢ ᠪᠠᠷ ᠪᠠᠷᠢᠮᠵᠢᠶᠠᠯᠠᠵᠤ᠂ | ᠭᠠᠪᠰᠢᠭᠠᠶᠢᠯᠠᠨ ᠲᠡᠮᠡᠴᠡᠵᠦ ᠴᠢᠳᠠᠨ᠎ᠠ᠃ ᠡᠳᠡᠭᠡᠷ ᠲᠤᠷᠰᠢᠯᠭ᠎ᠠ ᠪᠣᠯ ᠲᠤᠶᠢᠯ ᠤᠨ ᠡᠷᠬᠢᠮ ᠨᠠᠨᠳᠢᠨ ᠪᠣᠯᠬᠤᠷ ᠪᠢᠳᠡ ᠲᠡᠭᠦᠨ ᠢ ᠬᠤᠪᠢ ᠳᠠᠬᠢᠨ ᠨᠠᠨᠳᠢᠩᠨᠠᠵᠤ ᠤᠷᠲᠤ | ᠬᠤᠭᠤᠴᠠᠭ᠎ᠠ ᠪᠠᠷ ᠪᠠᠷᠢᠮᠲᠠᠯᠠᠨ᠎ᠠ︕ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠡᠷᠬᠡᠪᠰᠢ ᠠᠰᠠᠭᠤᠳᠠᠯ ᠪᠠ ᠲᠤᠳᠠᠭᠤᠳᠠᠯ ᠢᠶᠠᠨ ᠪᠤᠰᠤᠳᠴᠢ ᠪᠠᠷ ᠲᠣᠳᠣᠷᠬᠠᠢ ᠲᠠᠨᠢᠬᠤ ᠬᠡᠷᠡᠭᠲᠡᠢ᠄ ᠠᠵᠤ | ᠠᠬᠤᠢ ᠶᠢᠨ ᠲᠣᠭᠲᠠᠭᠤᠨ ᠨᠡᠮᠡᠭᠳᠡᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠠᠵᠤ ᠦᠢᠯᠡᠰ ᠤᠨ ᠪᠦᠲᠦᠴᠡ ᠳᠤ ᠬᠤᠶᠠᠳᠤᠭᠠᠷ ᠠᠵᠤ | ᠤᠶᠢᠯᠡᠰ ᠤᠨ ᠬᠠᠷᠢᠴᠠᠯ ᠶᠡᠭᠡ᠂ ᠠᠵᠤ ᠦᠢᠯᠡᠰ ᠤᠨ ᠬᠡᠯᠬᠢᠶ᠎ᠡ ᠣᠬᠤᠷ᠂ ᠡᠨᠧᠷᠭᠢ ᠶᠢᠨ ᠪᠦᠲᠦᠴᠡ ᠨᠡᠭᠦᠷᠡᠰᠦ ᠪᠠᠷ ᠭᠤᠤᠯᠯᠠᠵᠤ᠂ ᠠᠯᠤᠰ ᠬᠡᠲᠦ ᠶᠢᠨ ᠬᠥᠭᠵᠢᠯᠲᠡ | ᠶᠢ ᠬᠢᠵᠠᠭᠠᠷᠯᠠᠵᠤ ᠪᠠᠶᠢᠭ᠎ᠠ ᠪᠠᠶᠢᠳᠠᠯ ᠢ ᠪᠠᠰᠠ ᠦᠨᠳᠦᠰᠦᠨ ᠠᠴᠠ ᠨᠢ ᠬᠤᠪᠢᠷᠠᠭᠤᠯᠵᠤ ᠴᠢᠳᠠᠭᠠᠳᠤᠢ ᠪᠠᠶᠢᠨ᠎ᠠ︔ ᠴᠢᠬᠤᠯᠠ ᠶᠡᠭᠡ ᠲᠥᠷᠥᠯ ᠵᠦᠶᠯ ᠤᠨ ᠠᠵᠤ | ᠦᠶᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠨᠥᠭᠡᠴᠡ ᠬᠦᠴᠦᠨ ᠬᠦᠷᠦᠯᠴᠡᠬᠦ | ᠥᠬᠡᠶ ᠪᠠᠶᠢᠨ᠎ᠠ︔ ᠡᠳ᠋ ᠤᠨ ᠵᠠᠰᠠᠭ ᠮᠥᠩᠭᠦᠨ ᠭᠦᠢᠯᠭᠡᠭᠡ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠠᠰᠠ ᠬᠦᠴᠦᠲᠡᠢ | ᠪᠥᠭᠡᠳ ᠪᠦᠲᠦᠮᠵᠢᠲᠡᠢ ᠰᠡᠷᠭᠡᠶᠢᠯᠡᠬᠦ ᠴᠢᠬᠤᠯᠠᠲᠠᠢ ᠪᠠᠶᠢᠨ᠎ᠠ︔ ᠣᠷᠣᠨ ᠪᠦᠰᠡ ᠬᠤᠳᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ | ᠠᠰᠠᠭᠤᠳᠠᠯ ᠮᠥᠨ ᠬᠦ ᠲᠤᠪᠤᠶᠢᠮ᠎ᠠ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ ᠪᠠᠶᠢᠨ᠎ᠠ︔ ᠵᠠᠷᠢᠮ ᠺᠠᠳ᠋ᠷ ᠤᠨ | ᠤᠯᠤᠰ ᠲᠦᠷᠦ ᠶᠢᠨ ᠵᠣᠭᠰᠣᠴᠠ ᠥᠨᠳᠥᠷ ᠪᠢᠰᠢ᠂ ᠶᠡᠭᠡ ᠲᠠᠯ᠎ᠠ ᠶᠢᠨ ᠤᠬᠠᠮᠰᠠᠷ ᠴᠢᠩᠭ᠎ᠠ ᠪᠢᠰᠢ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠭᠰᠠᠨ ᠢᠶᠠᠷ ᠬᠦᠷᠦᠯᠴᠡᠬᠦ ᠦᠭᠡᠢ᠂ ᠲᠤᠯᠤᠭᠠᠨ ᠲᠠᠯ᠎ᠠ ᠶᠢᠨ ᠴᠠᠭ ᠤᠨ ᠪᠠᠶᠢᠳᠠᠯ ᠲᠠᠢ ᠦᠯᠦ ᠲᠤᠬᠢᠷᠠᠬᠤ ᠪᠤᠳᠤᠯ ᠰᠠᠨᠠᠯ ᠪᠠ ᠦᠵᠡᠯᠲᠡ | ᠲᠠᠨᠢᠯᠳᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠪᠢᠳᠡ ᠲᠤᠭᠤᠷᠢᠭ ᠤᠨ ᠪᠣᠳᠠᠲᠤ ᠪᠠᠶᠢᠳᠠᠯ ᠳᠤ | ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠣᠶᠢᠯᠭᠠᠨ᠂ ᠬᠢᠨᠠᠮᠠᠭᠠᠶ ᠰᠢᠶᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠨ᠎ᠠ᠃ | | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ | ᠶᠢᠨ ᠵᠢᠯ ᠮᠥᠨ᠂ ᠮᠥᠨ ᠴᠦ ᠣᠳᠣᠬᠢᠴᠢᠯᠠᠭᠰᠠᠨ ᠳ᠋ᠦᠩᠱᠧᠩ ᠢ ᠪᠥᠲᠥᠭᠡᠨ ᠪᠠᠶᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠪᠦᠬᠦ ᠲᠠᠯ᠎ᠠ ᠪᠠᠷ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ᠂ ᠨᠡᠩ ᠴᠤ ᠪᠢᠳᠡᠨ ᠳᠤ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ ᠳᠡᠶᠢᠯᠬᠦ ᠡᠰᠡᠬᠦ᠂ ᠬᠥᠭᠡᠭᠡᠵᠦ ᠭᠦᠢᠴᠡᠨ ᠳᠠᠪᠠᠵᠤ ᠭᠠᠷᠬᠤ ᠶᠢ ᠪᠡᠶᠡᠯᠡᠭᠦᠯᠬᠦ᠂ ᠲᠡᠷᠢᠭᠦᠨ ᠤ ᠪᠠᠶᠢᠷᠢ ᠶᠢ | ᠲᠡᠮᠡᠴᠡᠨ ᠣᠯᠬᠤ ᠳᠤ ᠰᠢᠶᠳᠪᠦᠷᠢᠯᠡᠬᠦ ᠴᠢᠨᠠᠷᠲᠠᠶ ᠠᠴᠢ ᠬᠤᠯᠪᠣᠭᠳᠠᠯ ᠲᠠᠢ ᠨᠢᠭᠡ ᠵᠢᠯ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ | ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠲᠦᠷᠪᠡ︾ ᠶᠢᠨ ᠬᠠᠷᠠᠯᠲᠠ ᠡᠬᠦᠷᠬᠡ ᠲᠠᠢ ᠰᠠᠨᠠᠭᠠᠴᠢᠯᠠᠭ᠎ᠠ ᠠᠴᠠ ᠪᠠᠨ ᠬᠠᠷᠢᠴᠠᠭᠤᠯᠵᠤ ᠦᠵᠡᠨ᠂ ᠠᠵᠢᠯ ᠤᠨ | ᠰᠡᠳᠬᠢᠴᠡ ᠪᠠᠨ ᠭᠦᠨᠵᠡᠭᠡᠶ ᠲᠥᠯᠥᠪᠵᠢᠭᠦᠯᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠦᠨ᠎ᠡ᠂ | ᠰᠢᠯᠭᠠᠯᠲᠠ ᠳᠤ ᠣᠷᠣᠯᠴᠠᠬᠤ ᠰᠡᠳᠬᠢᠴᠡ᠂ ᠡᠷᠡᠯᠬᠡᠭᠯᠡᠨ ᠤᠷᠤᠭᠰᠢᠯᠠᠬᠤ ᠳᠦᠷᠢ ᠪᠠᠶᠢᠳᠠᠯ ᠢᠶᠠᠷ ᠦᠨᠡᠨ ᠬᠦ ᠠᠳᠬᠤᠵᠤ ᠪᠣᠳᠠᠲᠠᠶ ᠬᠢᠵᠤ᠂ ᠨᠠᠶᠢᠳᠠᠪᠤᠷᠢᠵᠢᠭᠤᠯᠤᠯᠲᠠ | ᠶᠢ ᠴᠢᠩᠭ᠎ᠠ ᠠᠳᠬᠤᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ᠂ ᠲᠡᠷᠢᠭᠦᠨ ᠤ ᠬᠢ ᠶᠢ ᠴᠢᠷᠮᠠᠶᠢᠨ ᠡᠬᠦᠳᠴᠦ᠂ ᠳ᠋ᠦᠩᠱᠧᠩ ᠤᠨ ᠬᠤᠲᠠ ᠶᠢᠨ ᠳᠦᠷᠢ ᠲᠥᠷᠬᠦ ᠶᠢ | ᠦᠨᠡᠨᠬᠦ ᠱᠤᠭᠤᠵᠤ ᠬᠦᠴᠦᠷᠬᠡᠭᠵᠢᠬᠦᠯᠦᠨᠠ᠃ | ᠰᠢᠨ᠎ᠡ ᠨᠢᠭᠡ ᠵᠢᠯ ᠡᠬᠢᠯᠡᠵᠤ᠂ ᠳᠡᠯᠡᠬᠡᠢ ᠶᠢᠨ ᠣᠷᠴᠢᠨ ᠲᠣᠭᠤᠷᠢᠨ ᠨᠡᠩ ᠪᠤᠳᠤᠯᠢᠶᠠᠨᠲᠠᠢ ᠪᠤᠯᠵᠤ᠂ ᠵᠠᠭᠤᠨ ᠵᠢᠯ ᠤᠨ ᠬᠤᠪᠢᠷᠠᠯᠲᠠ ᠲᠦᠷᠭᠡᠨ ᠤᠯᠠᠷᠢᠵᠤ᠂ | ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠨᠡᠮᠡᠭᠳᠡᠯ ᠤᠨ ᠳᠠᠷᠤᠯᠲᠠ ᠴᠢᠩᠭᠠᠷᠠᠵᠤ᠂ ᠡᠨᠡ ᠵᠢᠯ ᠤᠨ ᠠᠵᠢᠯ ᠢ ᠰᠠᠶᠢᠲᠤᠷ ᠬᠢᠬᠦ ᠪᠤᠳᠤᠯᠢᠶᠠᠨᠲᠤ ᠴᠢᠨᠠᠷ ᠪᠡᠷᠬᠡ | ᠬᠠᠲᠠᠭᠤᠵᠢᠯᠲᠠᠢ ᠴᠢᠨᠠᠷ ᠤᠯᠠᠮ ᠢᠯᠡᠬᠦᠦ ᠨᠡᠮᠡᠭᠳᠡᠭᠰᠡᠨ ᠢ ᠪᠢᠳᠠ ᠰᠡᠷᠭᠡᠭ ᠢᠶᠠᠷ ᠲᠠᠨᠢᠵᠤ ᠤᠯᠪᠠ᠃ ᠪᠢᠳᠡ ᠪᠠᠰᠠ ᠮᠠᠨ ᠤ ᠤᠯᠤᠰ ᠤᠨ ᠠᠵᠤ ᠠᠬᠤᠢ ᠶᠢᠨ ᠤᠶᠠᠨ | ᠬᠠᠳᠠᠨ ᠴᠢᠨᠠᠷ ᠴᠢᠩᠭ᠎ᠠ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ | ᠤᠯᠠᠨ ᠲᠦᠷᠦ ᠶᠢᠨ ᠪᠤᠳᠤᠯᠭ᠎ᠠ ᠶᠢᠨ ᠦᠷᠬᠦᠯᠵᠢᠯᠡᠨ ᠬᠦᠴᠦᠲᠡᠢ ᠪᠠᠶᠢᠵᠤ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠡᠭᠡ ᠣᠷᠣᠨ ᠵᠠᠢ ᠲᠠᠢ ᠪᠠᠶᠢᠬᠤ ᠶᠢ ᠭᠦᠨᠵᠡᠭᠡᠢ | ᠲᠠᠨᠢᠵᠤ ᠤᠯᠪᠠ︔ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ | ᠭᠦᠨᠵᠡᠭᠡᠶ ᠠᠬᠢᠭᠤᠯᠤᠨ᠎ᠠ︔ ᠣᠷᠳᠣᠰ ᠬᠤᠲᠠ ︽ᠭᠤᠷᠪᠠᠨ ᠲᠦᠷᠪᠡ︾ ᠶᠢᠨ ᠬᠠᠷᠠᠯᠲᠠ ᠡᠬᠦᠷᠬᠡ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠶᠢ ᠰᠤᠷᠤᠯᠴᠠᠨ ᠲᠤᠤᠱᠯᠠᠭᠤᠯᠬᠤ ᠶᠢᠨ ᠭᠤᠤᠯ ᠬᠦᠴᠦᠯᠡᠬᠦ ᠴᠡᠭ ᠪᠣᠯᠭᠠᠵᠤ᠂ ᠳ᠋ᠦᠩᠱᠧᠩ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠬᠢᠭᠡᠳ ᠣᠲᠣ ᠦᠶ᠎ᠡ ᠶᠢᠨ | ᠦᠶᠯᠡᠴᠢᠯᠡᠭᠡᠨ ᠤ ᠦᠶᠯᠡᠰ ᠤᠨ ᠵᠣᠬᠢᠴᠠᠯᠳᠤᠨ ᠬᠥᠭᠵᠢᠬᠦ ᠶᠢ ᠳᠡᠮᠵᠢᠵᠦ᠂ ᠳ᠋ᠦᠩᠱᠧᠩ ᠲᠣᠭᠤᠷᠢᠭ ᠬᠢᠭᠡᠳ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠦᠶᠯᠡᠳᠪᠦᠷᠢᠯᠡᠯ ᠤᠨ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠳᠤ ᠬᠠᠮᠤᠭ ᠤᠨ ᠠᠰᠢᠭᠲᠠᠶ ᠨᠥᠬᠦᠴᠡᠯ ᠢ ᠪᠦᠷᠢᠯᠳᠦᠭᠦᠯᠵᠦ ᠥᠭᠴᠡᠶ᠂ ᠢᠯᠠᠩᠭᠤᠶ᠎ᠠ ᠰᠢᠨ᠎ᠡ | ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠦᠶᠯᠡᠰ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠢᠵᠢ ᠪᠥᠷᠢᠳᠦᠭᠦᠯᠬᠦ ᠠᠵᠤ | ᠦᠶᠯᠡᠰ᠂ ᠨᠤᠤᠯᠤᠭᠤᠷ ᠨᠡᠬᠡᠮᠡᠯ ᠤᠨ ᠠᠵᠤ ᠦᠶᠯᠡᠰ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠵᠡᠷᠭᠡ ᠲᠠᠯ᠎ᠠ ᠪᠠᠷ ᠨᠠᠩ ᠶᠡᠭᠡ ᠬᠡᠪᠴᠢᠶ᠎ᠡ᠂ ᠨᠠᠩ ᠥᠷᠭᠡᠨ | ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠬᠤ ᠪᠣᠯᠤᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠪᠦᠬᠦ ᠲᠤᠭᠤᠷᠢᠭ ᠤᠨ ᠠᠵᠤ ᠠᠬᠤᠶ ᠶᠢᠨ | ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠤᠰᠤᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ | ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠶᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠦᠯᠦᠪᠵᠢᠬᠦᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ | ᠨᠢᠭᠡᠳᠦᠯᠲᠡᠶ ᠲᠦᠯᠦᠪᠵᠢᠬᠦᠯᠦᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ | ᠨᠡᠮᠡᠭᠳᠡᠬᠦᠯᠵᠤ᠂ ᠨᠡᠮᠡᠭᠳᠡᠯ᠂ ᠠᠵᠢᠯ ᠣᠯᠭᠤᠯᠲᠠ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠤᠪᠤᠶᠢᠮ᠎ᠠ ᠰᠠᠶᠢᠳᠤᠷ ᠬᠢᠵᠤ᠂ ᠲᠣᠭᠲᠠᠭᠤᠨ ᠤ | ᠳᠤᠮᠳᠠ ᠤᠷᠤᠭᠰᠢᠯᠠᠬᠤ ᠰᠠᠭᠤᠷᠢᠨ ᠳᠡᠭᠡᠷ᠎ᠡ ᠲᠤᠭᠳᠠᠭᠤᠨ ᠤ ᠲᠤᠮᠳᠠ ᠯᠠᠪᠳᠠᠭᠤᠨ ᠮᠥᠷᠲᠡᠭᠡᠨ ᠰᠢᠯᠢᠳᠡᠭ ᠢᠶᠠᠷ ᠤᠷᠤᠭᠰᠢᠯᠠᠵᠤ᠂ ︽ᠲᠠᠪᠤᠨ ᠶᠡᠭᠡ ᠡᠬᠦᠷᠬᠡ︾ | ᠪᠣᠯᠤᠨ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ | ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠶ ᠨᠡᠮᠡᠭᠳᠡᠯ ᠢ ᠠᠬᠢᠭᠤᠯᠵᠤ᠂ ᠰᠢᠨ᠎ᠡ ᠠᠶᠠᠨ ᠵᠠᠮ ᠳᠤ ᠳ᠋ᠦᠩᠱᠧᠩ ᠤᠨ ᠴᠢᠨᠠᠷ ᠰᠠᠶᠢᠲᠠᠶ ᠬᠥᠭᠵᠢᠯᠲᠡ ᠪᠠ | ᠤᠳᠤᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠰᠠᠶᠢᠨ ᠡᠬᠢᠯᠡᠯᠲᠡ ᠶᠢ ᠨᠡᠬᠡᠬᠡᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6.5% ᠣᠷᠴᠢᠮ ᠨᠡᠮᠡᠭᠳᠡᠭᠦᠯᠵᠦ᠂ 1000 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠢ 8% ᠣᠷᠴᠢᠮ ᠢᠶᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 1000 ᠳ᠋ᠦᠩᠰᠢᠭᠤᠷ ᠲᠥᠭᠦᠷᠢᠭ ᠢ | ᠳᠠᠪᠠᠭᠤᠯᠬᠤ ᠪᠠᠷ ᠴᠢᠷᠮᠠᠶᠢᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ | ᠶᠢᠨ ᠲᠥᠰᠦᠪ ᠤᠨ ᠣᠷᠣᠯᠭ᠎ᠠ ᠶᠢ 3% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ | 5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠯᠬᠤᠮ ᠨᠢᠬᠡᠳᠡᠢ | ᠪᠠᠶᠢᠯᠭᠠᠨ᠎ᠠ᠃ | ᠡᠨᠡ ᠵᠢᠯ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠵᠤ ᠦᠶᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠬᠦᠴᠦ ᠪᠠᠨ ᠲᠦᠪᠯᠡᠷᠡᠬᠦᠯᠵᠤ᠂ ᠴᠢᠨᠠᠷ ᠰᠠᠶᠢᠲᠠᠶ ᠬᠥᠭᠵᠢᠯᠲᠡ | ᠶᠢᠨ ᠰᠢᠨ᠎ᠡ ᠬᠦᠳᠡᠯᠬᠡᠭᠴᠢ ᠡᠨᠧᠷᠭᠢ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠯ ᠤᠨ ᠬᠡᠯᠬᠢᠶᠡᠵᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠶᠡᠷᠦᠩᠬᠡᠶ ᠬᠡᠮᠵᠢᠶ᠎ᠡ ᠶᠢ | ᠨᠡᠮᠡᠭᠳᠡᠬᠦᠯᠬᠦ ᠪᠠ ᠪᠦᠲᠦᠴᠡ ᠶᠢ ᠰᠢᠯᠢᠳᠡᠭᠵᠢᠭᠦᠯᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ | ᠬᠦᠴᠦᠯᠡᠨ ᠳᠠᠶᠢᠴᠢᠯᠠᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠨ᠎ᠠ᠃ ︽ᠰᠠᠯᠬᠢ ᠭᠡᠷᠡᠯ | ᠤᠰᠤᠲᠥ᠋ᠷᠥᠭᠴᠢ ᠬᠠᠳᠠᠭᠠᠯᠠᠬᠤ ᠲᠡᠷᠭᠡ︾ ᠵᠢᠴᠢ ᠲᠦᠯᠡᠰᠢᠨ ᠳ᠋ᠢᠶᠠᠨ ᡂᠢ ᠶᠢᠨ ᠰᠢᠰᠲ᠋ᠧᠮ ᠦᠢᠯᠡᠳᠬᠦ ᠵᠡᠷᠭᠡ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠵᠤ᠂ ᠨᠡᠬᠦᠷᠡᠰᠤᠨ ᠰᠢᠷᠬᠡᠭᠯᠢᠭ᠂ ᠯᠢᠲ᠋ᠢ ᠳ᠋ᠢᠶᠠᠨ ᡂᠢ᠂ ᠤᠰᠤᠲᠥ᠋ᠷᠥᠭᠴᠢ ᠲᠦᠯᠡᠰᠢ ᠶᠢᠨ ᠴᠠᠬᠢᠯᠭᠠᠨ ᠵᠤᠤᠬ᠎ᠠ ᠵᠡᠷᠭᠡ ᠰᠢᠨ᠎ᠡ ᠮᠠᠲ᠋ᠧᠷᠢᠶᠠᠯ ᠤᠨ | ᠦᠢᠯᠡᠳᠬᠦ ᠲᠥᠷᠥᠯ ᠵᠦᠢᠯ ᠢ ᠢᠳᠡᠪᠬᠢᠲᠡᠶ ᠪᠠᠷ ᠤᠷᠤᠭᠤᠯᠤᠨ᠎ᠠ᠃ ᠴᠢ ᠷᠦᠢ᠂ ᠵᠢᠩ ᠳ᠋ᠦᠩ ᠹᠠᠩ᠂ ᠵᠥᠩ ᠴᠧ ᠶᠢᠨ ᠳ᠋ᠠ ᠵᠤᠤ ᠸᠠ ᠤᠶᠤᠨᠳᠤ ᠴᠠᠬᠢᠯᠭᠠᠨ | ᠬᠦᠴᠦᠨ ᠤ ᠮᠠᠰᠢᠨ ᠢ ᠶᠡᠷᠦᠩᠬᠡᠶᠢᠯᠡᠨ ᠤᠭᠰᠠᠷᠠᠬᠤ ᠰᠠᠭᠤᠷᠢᠨ ᠭᠠᠵᠠᠷ ᠵᠡᠷᠭᠡ ᠳᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠴᠢ ᠷᠦᠢ ᠰᠢᠨ᠎ᠡ ᠡᠨᠧᠷᠭᠢ | ᠶᠢᠨ ᠮᠠᠰᠢᠨ ᠳᠡᠷᠬᠡ᠂ ᠵᠢᠩ ᠳ᠋ᠦᠩ ᠹᠠᠩ ᠤᠨ ᠬᠤᠶᠠᠳᠤᠭᠠᠷ ᠬᠤᠭᠤᠴᠠᠭ᠎ᠠ᠂ ᠳ᠋ᠠ ᠵᠣᠣ ᠸᠠ ᠤᠶᠤᠨᠲᠤ ᠰᠠᠯᠬᠢᠨ ᠬᠦᠴᠦᠨ ᠤ ᠮᠠᠰᠢᠨ ᠢ ᠶᠡᠷᠦᠩᠬᠡᠶᠢᠯᠡᠨ ᠤᠭᠰᠠᠷᠠᠬᠤ | ᠰᠠᠭᠤᠷᠢᠨ ᠭᠠᠵᠠᠷ ᠵᠡᠷᠭᠡ ᠨᠢᠭᠡᠨᠲᠡ ᠪᠠᠶᠢᠭ᠎ᠠ ᠠᠵᠤ ᠦᠶᠯᠡᠰ ᠤᠨ ᠲᠠᠰ ᠳᠡᠪᠰᠢᠭᠦᠯᠬᠦ ᠲᠥᠷᠥᠯ ᠵᠦᠶᠯ ᠢ ᠲᠦᠷᠭᠡᠳᠬᠡᠨ ᠠᠬᠢᠭᠤᠯᠤᠨ᠎ᠠ᠃ ᠯᠢᠦ ᠴᠢ ᠰᠢᠨ᠎ᠡ ᠡᠨᠧᠷᠭᠢ | ᠶᠢᠨ ᠮᠠᠰᠢᠨ ᠲᠡᠷᠭᠡ᠂ ᠵᠢᠩ ᠤᠣ ᠬᠡᠷᠡᠯ ᠴᠡᠨᠡᠭ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠨᠡᠭᠦᠷᠡᠰᠦᠲᠥ᠋ᠷᠥᠭᠴᠢ ᠦᠬᠡᠶᠢᠵᠢᠬᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ᠂ ᠳ᠋ᠠ ᠯᠤ᠋ ᠶᠢᠨ ᠰᠢ ᠸᠠᠩ ᠪᠦᠯᠦᠭᠯᠡᠯ ᠤᠨ ᠣᠷᠳᠣᠰ ᠤᠨ ᠠᠵᠤ ᠦᠶᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠶᠯ ᠢ ᠪᠤᠳᠠᠳᠠᠶᠢᠵᠢᠭᠤᠯᠤᠨ | ᠬᠡᠷᠡᠭᠵᠢᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠮᠠᠰᠢᠨ ᠲᠡᠷᠭᠡ᠂ ᠡᠯᠧᠺᠲᠷᠣᠨ ᠳᠡᠯᠭᠡᠴᠡ ᠵᠡᠷᠭᠡ ᠭᠤᠤᠯ ᠪᠣᠯᠬᠤ ᠠᠵᠤ ᠦᠶᠯᠡᠳᠪᠦᠷᠢ ᠶᠢᠨ ᠦᠶᠯᠡᠳᠬᠦᠨ ᠤ | ᠦᠶᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠣᠨᠤᠭ ᠲᠥᠬᠦᠭᠡᠷᠦᠮᠵᠢ ᠶᠢᠨ ᠠᠵᠤ ᠦᠶᠯᠡᠰ ᠤᠨ ᠬᠦᠷᠢᠶᠡᠯᠡᠩ ᠤᠨ | ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠤᠨ 300 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠭᠤᠯᠤᠨ᠎ᠠ᠃ ᠠᠵᠤ ᠠᠬᠤᠶᠢᠯᠠᠯ | ᠤᠨ ᠬᠡᠪᠴᠢᠶᠡᠵᠢᠯ ᠢᠶᠠᠨ ᠳᠡᠭᠡᠭᠰᠢᠯᠡᠭᠦᠯᠦᠨ ᠪᠦᠷᠢᠳᠬᠡᠯ ᠳᠤ ᠤᠷᠤᠬᠤ ᠶᠢ ᠠᠬᠢᠭᠤᠯᠵᠤ᠂ ᠦᠢᠯᠡᠳᠬᠦ ᠦᠢᠯᠡᠰ ᠤᠨ ᠬᠦᠷᠢᠶᠡᠨ ᠳᠤ ᠨᠢᠭᠡ ᠪᠦᠯᠦᠭ ᠳᠡᠬᠡᠳᠤ ᠮᠡᠷᠭᠡᠵᠢᠯ᠂ | ᠳᠡᠬᠡᠳᠤ ᠨᠡᠮᠡᠯᠲᠡ ᠥᠷᠲᠡᠭ ᠪᠦᠬᠦᠢ ᠠᠵᠤ ᠠᠬᠤᠶᠢᠯᠠᠯ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ ᠢ ᠰᠢᠨ᠎ᠡ ᠪᠠᠷ 5 ᠶᠢ ᠨᠡᠮᠡᠭᠳᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠤᠨ ᠰᠢᠯᠢᠳᠡᠭ ᠢ ᠪᠠᠬᠢᠵᠢᠬᠦᠯᠵᠤ᠂ ᠰᠢᠨ᠎ᠡ ᠶᠢ ᠪᠤᠶᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠣᠳᠣ ᠶᠢᠨ ᠪᠠᠶᠢᠭ᠎ᠠ ᠨᠡᠭᠦᠷᠡᠰᠦᠨ ᠠᠭᠤᠷᠬᠠᠢ | ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠭᠤᠤᠯ ᠭᠠᠷᠤᠯᠲᠠ ᠶᠢ ᠨᠡᠮᠡᠭᠳᠡᠭᠦᠯᠬᠦ ᠴᠢᠳᠠᠪᠬᠢᠳᠤ ᠨᠡᠭᠦᠷᠡᠰᠦᠨ ᠠᠭᠤᠷᠬᠠᠢ ᠶᠢᠨ ᠭᠠᠷᠤᠯᠲᠠ | ᠶᠢ ᠨᠡᠮᠡᠭᠳᠡᠭᠦᠯᠦᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠦᠬᠦ ᠵᠢᠯ ᠤᠨ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠶᠢ 1.1 | ᠳ᠋ᠦᠩᠰᠢᠭᠤᠷ ᠲᠣᠨ ᠢ ᠳᠠᠪᠠᠭᠤᠯᠬᠤ ᠪᠠᠷ ᠴᠢᠷᠮᠠᠶᠢᠨ᠎ᠠ᠃ ᠮᠧᠩ ᠲᠠᠢ ᠶᠢᠨ 2×66 ᠲᠦᠮᠡᠨ ᠺᠢᠯᠣᠸᠠᠲ ᠤᠨ ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ | ᠲᠥᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢ 310 ᠲᠦᠮᠡᠨ ᠺᠢᠯᠣᠸᠠᠲ ᠲᠤ | ᠬᠦᠷᠭᠡᠨ᠎ᠡ᠃ ᠣᠷᠳᠣᠰ ᠨᠤᠤᠯᠤᠭᠤᠷ ᠤᠨ ᠪᠦᠯᠦᠭᠯᠡᠯ ᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠳᠡᠮᠵᠢᠵᠦ᠂ ᠨᠢᠭᠡ ᠪᠦᠯᠦᠭ ᠳᠡᠭᠡᠳᠦ | ᠰᠢᠨ᠎ᠡ ᠮᠡᠷᠭᠡᠵᠢᠯ ᠤᠨ ᠦᠶᠯᠡᠳᠬᠦᠨ ᠢ ᠲᠦᠷᠭᠡᠳᠬᠡᠨ ᠰᠤᠳᠤᠯᠤᠨ ᠭᠠᠷᠭᠠᠵᠤ᠂ ᠨᠢᠭᠡ ᠪᠦᠯᠦᠭ ᠣᠯᠠᠨ ᠤᠯᠤᠰ ᠤᠨ ᠠᠵᠢᠯ ᠲᠥᠷᠥᠯ ᠤᠨ ᠪᠠᠷᠢᠮᠵᠢᠶ᠎ᠠ ᠶᠢ | ᠪᠦᠷᠢᠯᠳᠦᠬᠦᠯᠦᠨ᠎ᠡ᠃ ᠳᠤᠮᠳᠠ ᠪᠠᠭ᠎ᠠ ᠨᠡᠬᠡᠮᠡᠯ ᠤᠨ ᠬᠦᠷᠢᠶᠡᠯᠡᠩ ᠲᠣᠭᠤᠷᠢᠭ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠤ᠂ ᠨᠢᠭᠡ ᠪᠦᠯᠦᠭ ᠳᠤᠮᠳᠠ ᠵᠡᠷᠭᠡ ᠶᠢᠨ | ᠬᠡᠪᠴᠢᠶᠡᠵᠢᠯ ᠠᠴᠠ ᠳᠡᠭᠡᠭᠰᠢᠬᠢ ᠨᠤᠤᠯᠤᠭᠤᠷ ᠦᠢᠯᠡᠳᠪᠦᠷᠢᠯᠡᠵᠦ ᠡᠳ᠋ᠰᠢᠬᠦᠯᠬᠦ ᠠᠵᠤ ᠠᠬᠤᠶᠢᠯᠠᠯ ᠢ ᠤᠷᠤᠭᠤᠯᠬᠤ ᠪᠠ ᠪᠣᠶᠢᠵᠢᠭᠤᠯᠵᠤ᠂ ᠠᠵᠤ ᠦᠢᠯᠡᠰ ᠤᠨ | ᠪᠦᠬᠡᠮᠨᠡᠷᠡᠯ ᠤᠨ ᠲᠦᠪᠯᠡᠷᠡᠨ ᠬᠦᠭᠵᠢᠭᠰᠡᠨ ᠪᠠᠶᠢᠳᠠᠯ ᠢ ᠪᠤᠢ ᠪᠣᠯᠭᠠᠨ᠎ᠠ᠃ ᠣᠷᠳᠣᠰ ᠨᠤᠤᠯᠤᠭᠤᠷ ᠤᠨ ᠠᠷᠠᠯᠵᠢᠶᠠᠨ ᠤ ᠲᠥᠪ ᠢ ᠲᠦᠷᠭᠡᠳᠬᠡᠨ ᠪᠠᠶᠢᠭᠤᠯᠵᠤ᠂ ᠣᠯᠠᠨ | ᠤᠯᠤᠰ ᠤᠨ ᠨᠤᠤᠯᠤᠭᠤᠷ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠨᠡᠶᠢᠲᠡᠯᠡᠬᠦ ᠲᠤᠭ᠎ᠠ ᠪᠠᠷᠢᠮᠲᠠ ᠶᠢᠨ ᠲᠥᠪ ᠢ ᠪᠠᠶᠢᠭᠤᠯᠤᠨ᠂ ᠨᠤᠤᠯᠤᠭᠤᠷ ᠤᠨ ᠲᠦᠭᠦᠬᠡᠶ | ᠮᠠᠲ᠋ᠧᠷᠢᠶᠠᠯ ᠤᠨ ᠦᠨ᠎ᠡ ᠲᠣᠭᠲᠠᠭᠠᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ | ᠨᠣᠤᠯᠣᠭᠤᠷ ᠤᠨ ᠦᠵᠡᠰᠬᠦᠯᠡᠩ ᠢ ᠦᠷᠭᠦᠯᠵᠢᠯᠡᠨ ᠴᠢᠨᠠᠷ ᠰᠠᠶᠢᠲᠠᠶ ᠡᠷᠭᠢᠯᠡᠵᠦ᠂ ᠭᠠᠵᠠᠷ ᠣᠷᠣᠨ ᠤ ᠠᠵᠤ ᠦᠶᠯᠡᠰ ᠤᠨ ᠠᠯᠳᠠᠷᠰᠢᠯ ᠢ ᠦᠷᠬᠦᠯᠵᠢᠯᠡᠨ ᠪᠠᠬᠢᠵᠢᠭᠦᠯᠦᠨ | ᠳᠡᠭᠡᠭᠰᠢᠯᠡᠭᠦᠯᠵᠦ᠂ ︽ᠳᠤᠮᠳᠠᠳᠤ ᠤᠯᠤᠰ ᠤᠨ ᠨᠣᠤᠯᠣᠭᠤᠷ ᠤᠨ ᠬᠤᠲᠠ︾ ᠭᠡᠬᠦ ᠡᠨᠡ ᠬᠦ ᠨᠠᠷᠠᠲᠤ ᠲᠡᠮᠳᠡᠭ ᠢ ᠨᠠᠩ ᠢᠯᠡ ᠲᠣᠳᠣ ᠪᠤᠯᠭᠠᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠬᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠬᠡᠷᠡᠭᠯᠡᠭᠡᠨ ᠤ | ᠨᠥᠬᠦᠴᠡᠯ ᠢ ᠰᠠᠶᠢᠵᠢᠷᠠᠭᠤᠯᠤᠨ᠂ ᠬᠡᠷᠡᠭᠯᠡᠭᠡᠨ ᠤ ᠪᠠᠶᠢᠳᠠᠯ ᠢ ᠰᠢᠨ᠎ᠡ ᠪᠠᠷ ᠡᠭᠦᠳᠦᠨ᠎ᠡ᠃ ︽ᠠᠮᠢᠳᠤᠷᠠᠯ ᠤᠨ ᠠᠭᠤᠷ ᠠᠮᠢᠰᠬᠤᠯ︾ ᠪᠦᠬᠦᠢ ᠣᠷᠣᠨ ᠪᠦᠰᠡ ᠶᠢᠨ | ᠴᠢᠨᠠᠷᠲᠠᠢ ᠭᠤᠣᠯ ᠬᠤᠲᠠ ᠲᠣᠭᠤᠷᠢᠭ ᠢ ᠴᠣᠭᠴᠠᠯᠠᠬᠤ ᠳᠤ ᠰᠠᠭᠤᠷᠢᠯᠠᠵᠤ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠢ 600 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠪᠠᠲᠤᠯᠠᠨ᠎ᠠ᠃ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠸᠠᠨ ᠳ᠋ᠠ ᠠᠭᠤᠳᠠᠮ ᠲᠠᠯᠠᠪᠠᠢ ᠶᠢᠨ ᠬᠤᠶᠠᠳᠤᠭᠠᠷ ᠬᠤᠭᠤᠴᠠᠭ᠎ᠠ᠂ ᠰᠢᠩ ᠾᠧ ᠬᠤᠲᠠ ᠶᠢᠨ ᠶᠡᠷᠦᠩᠬᠡᠶᠢᠯᠡᠭᠰᠡᠨ | ᠴᠣᠭᠴᠠ᠂ ᠴᠢ ᠰᠢᠩ ᠶᠤᠸᠠᠨ ᠬᠤᠳᠠᠯᠳᠤᠭᠠᠨ ᠤ ᠶᠡᠷᠦᠩᠬᠡᠢ ᠴᠤᠭᠴᠠ ᠵᠡᠷᠭᠡ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ | ᠳᠡᠮᠦᠷ ᠵᠠᠮ ᠤᠨ ᠪᠠᠷᠠᠭᠤᠨᠳᠡᠬᠢ ᠵᠢᠦᠢ ᠸᠠᠩ ᠶᠢᠨ ᠵᠡᠷᠭᠡ ᠣᠨᠴᠠᠯᠢᠭᠲᠤ ᠰᠡᠯᠡᠭᠦᠴᠡᠯ ᠤᠨ ᠰᠦᠯᠵᠢᠶᠡᠨ ᠤ ᠪᠠᠭ᠋ᠠᠷᠬᠠᠯᠳᠤ ᠲᠣᠭᠤᠷᠢᠭ ᠢ ᠨᠢᠬᠡᠳᠬᠡᠨ ᠪᠠᠶᠢᠭᠤᠯᠵᠤ᠂ ᠨᠢᠭᠡ | ᠮᠥᠴᠡ ᠶᠢᠨ ᠠᠷᠠᠳ ᠲᠤ ᠳᠥᠭᠦᠮ ᠦᠵᠡᠭᠦᠯᠬᠦ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ 20 ᠪᠠᠶᠢᠭᠤᠯᠤᠨ᠎ᠠ᠃ ᠬᠠᠩᠭᠠᠨ ᠪᠤᠷᠤᠯᠠᠭᠤᠯᠬᠤ ᠪᠠᠷᠠᠭᠠᠨ ᠤ | ᠭᠦᠶᠯᠭᠡᠭᠡᠨ ᠤ ᠬᠦᠷᠢᠶᠡᠯᠡᠩ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ | ᠪᠠᠷᠠᠭᠠᠨ ᠤ ᠭᠦᠶᠯᠭᠡᠭᠡᠨ ᠤ ᠳᠠᠮᠵᠢᠭᠤᠯᠭ᠎ᠠ ᠶᠢᠨ ᠵᠠᠩᠭᠢᠯᠠᠭ᠎ᠠ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ | ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠭᠤᠶᠢᠳᠠ ᠰᠠᠶᠢᠬᠠᠨ ᠵᠢᠭᠤᠯᠴᠢᠯᠠᠯ ᠤᠨ ᠵᠠᠮ ᠱᠤᠭᠤᠮ ᠢ ᠨᠠᠷᠢᠯᠢᠭ ᠣᠨᠣᠴᠠᠲᠠᠢ | ᠲᠥᠰᠦᠪᠯᠡᠨ ᠪᠠᠶᠢᠭᠤᠯᠵᠤ᠂ ᠵᠢᠭᠤᠯᠴᠢᠯᠠᠯ ᠤᠨ ᠳᠠᠳᠠᠵᠤ ᠳᠠᠶᠢᠴᠢᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠸᠠᠨ ᠵᠢᠶᠠ ᠬᠤᠢ ᠪᠠᠶᠠᠰᠤᠯᠳᠤ ᠶᠢᠷᠳᠢᠨᠴᠤ | ᠶᠢᠨ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠠᠮᠢᠲᠠᠨ ᠤ ᠬᠦᠷᠢᠶᠡᠯᠡᠩ᠂ ᠤᠷᠭᠤᠮᠠᠯ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ | ᠵᠢᠭᠤᠯᠴᠢᠯᠠᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ ᠪᠠᠶᠢᠭᠠᠳ ᠵᠢᠭᠤᠯᠴᠢᠯᠠᠯ ᠤᠨ ᠦᠶᠯᠡᠰ ᠤᠨ ᠰᠠᠶᠢᠵᠢᠷᠠᠯᠲᠠ ᠰᠡᠷᠭᠦᠯᠲᠡ ᠶᠢ ᠠᠬᠢᠭᠤᠯᠤᠨ᠎ᠠ᠃ ᠶᠡᠷᠦᠩᠬᠡᠶ ᠬᠡᠯᠲᠡᠰ ᠤᠨ ᠠᠵᠤ ᠠᠬᠤᠶ᠂ ᠲᠠᠪᠴᠠᠩ ᠤᠨ ᠠᠵᠤ | ᠠᠬᠤᠶ᠂ ᠲᠣᠭᠠᠴᠢᠯᠠᠭᠰᠠᠨ ᠠᠵᠤ ᠠᠬᠤᠶ᠂ ᠬᠤᠷᠠᠯ ᠦᠵᠡᠰᠬᠦᠯᠡᠩ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ | ᠮᠡᠳᠡᠭᠡ ᠵᠠᠩᠭᠢ ᠶᠢᠨ ᠵᠥᠭᠡᠯᠡᠨ ᠲᠣᠨᠤᠭ᠂ ᠠᠵᠢᠯᠯᠠᠭᠠᠨ ᠢ ᠪᠠᠲᠤᠯᠠᠬᠤ ᠦᠶᠯᠡᠴᠢᠯᠡᠭᠡᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠡᠷᠭᠡ ᠦᠶᠯᠡᠳᠪᠦᠷᠢᠯᠡᠯ ᠤᠨ | ᠴᠢᠨᠠᠷᠲᠠᠶ ᠦᠶᠯᠡᠴᠢᠯᠡᠭᠡᠨ ᠤ ᠦᠶᠯᠡᠰ ᠢ ᠬᠦᠴᠦᠯᠡᠨ ᠣᠷᠣᠭᠤᠯᠤᠨ ᠪᠤᠶᠢᠵᠢᠭᠤᠯᠵᠤ᠂ ᠤᠳᠤ ᠦᠶ᠎ᠡ ᠶᠢᠨ ᠦᠶᠯᠡᠴᠢᠯᠡᠭᠡᠨ ᠤ ᠦᠶᠯᠡᠰ ᠬᠢᠭᠡᠳ ᠲᠡᠷᠢᠭᠦᠨ ᠤ | ᠦᠶᠯᠡᠳᠬᠦ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠲᠥᠯᠥᠭᠡᠯᠡᠭᠴᠢᠳ ᠡ︕ ᠠᠵᠤ ᠦᠶᠯᠡᠰ ᠢ ᠲᠥᠪᠯᠡᠷᠡᠭᠦᠯᠦᠨ ᠬᠥᠭᠵᠢᠭᠦᠯᠬᠦ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠪᠣᠯ | ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠭᠤᠤᠯᠳᠠᠯᠭ᠎ᠠ ᠶᠢᠨ ᠭᠤᠤᠯᠳᠠᠯᠭ᠎ᠠ ᠪᠣᠯᠤᠨ᠎ᠠ᠃ ᠪᠢᠳᠡ ᠪᠥᠬᠦ ᠬᠤᠲᠠ ᠶᠢᠨ ︽ᠳᠥᠷᠪᠡᠨ | ᠳᠡᠯᠡᠬᠡᠶ ᠶᠢᠨ ᠲᠠᠰ ᠤᠨ ᠠᠵᠤ ᠦᠶᠯᠡᠰ︾ ᠢ ᠴᠤᠭᠴᠠᠯᠠᠬᠤ ᠳᠤ ᠬᠦᠴᠦ ᠪᠠᠨ ᠲᠦᠪᠯᠡᠷᠡᠬᠦᠯᠦᠨ᠂ ᠠᠵᠤ ᠦᠶᠯᠡᠰ ᠤᠨ ᠬᠥᠭᠵᠢᠯᠲᠡ ᠶᠢᠨ ︽ᠪᠥᠬᠦ ᠦᠵᠡᠮᠵᠢ ᠶᠢᠨ | ᠵᠢᠷᠤᠭ︾ ᠢ ᠵᠢᠷᠤᠵᠤ ᠲᠥᠯᠥᠪᠯᠡᠨ᠂ ᠠᠵᠤ ᠦᠶᠯᠡᠰ ᠤᠨ ︽ᠡᠭᠦᠷᠭᠡ ᠶᠢᠨ ᠬᠠᠭᠤᠳᠠᠰᠤ︾ ᠶᠢ ᠲᠣᠭᠲᠠᠭᠠᠵᠤ᠂ ᠠᠵᠤ ᠦᠶᠯᠡᠰ ᠤᠨ ᠲᠦᠪᠯᠡᠷᠡᠬᠦᠯᠦᠨ ᠲᠠᠰ | ᠳᠡᠪᠰᠢᠬᠦ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠬᠠᠩᠭᠠᠨ᠎ᠠ᠃ | ︵ᠬᠤᠶᠠᠷ︶ ᠲᠥᠷᠥᠯ ᠵᠦᠶᠯ ᠤᠨ ᠬᠤᠷᠳᠤᠴᠠ ᠶᠢ ᠲᠦᠷᠭᠡᠳᠬᠡᠨ ᠦᠷ᠎ᠡ ᠠᠰᠢᠭ ᠢ ᠨᠡᠮᠡᠭᠳᠡᠬᠦᠯᠬᠦ ᠳᠤ ᠬᠦᠴᠦ ᠪᠠᠨ ᠲᠦᠪᠯᠡᠷᠡᠬᠦᠯᠦᠨ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠨᠥᠭᠡᠴᠡ ᠬᠦᠴᠦᠨ ᠢ ᠲᠠᠰᠤᠷᠠᠯᠲᠠ ᠥᠬᠡᠶ ᠬᠤᠷᠠᠮᠳᠤᠭᠤᠯᠤᠨ᠎ᠠ᠃ | ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ︽ᠲᠥᠷᠥᠯ ᠵᠦᠶᠯ ᠢ ᠴᠢᠬᠤᠯᠠᠴᠢᠯᠠᠨ᠂ ᠬᠤᠳᠠᠯᠳᠤᠭᠠᠴᠢᠨ ᠤᠷᠢᠬᠤ ᠪᠠᠷ ᠭᠤᠤᠯ | ᠪᠣᠯᠭᠠᠬᠤ︾ ᠣᠨᠣᠯᠵᠢᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ | ᠵᠡᠷᠭᠡ ᠭᠤᠤᠯᠳᠠᠯᠭᠠᠳᠤ ᠠᠵᠤ ᠦᠶᠯᠡᠰ ᠤᠨ ᠬᠡᠯᠬᠢᠶ᠎ᠡ ᠶᠢᠨ ᠲᠣᠭᠤᠷᠢᠨ ᠳᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠳᠠᠯᠳᠤᠭᠠᠴᠢᠨ ᠤᠷᠢᠬᠤ | ᠠᠵᠢᠯᠯᠠᠭ᠎ᠠ ᠶᠢ ᠡᠷᠭᠢᠯᠡᠵᠦ᠂ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ᠂ ᠨᠠᠷᠢᠯᠢᠭ ᠤᠨᠤᠴᠠᠳᠠᠢ ᠪᠠᠷ ᠬᠤᠳᠠᠯᠳᠤᠭᠠᠴᠢᠨ ᠤᠷᠢᠬᠤ ᠪᠠ ᠪᠤᠳᠠᠳᠤ ᠭᠠᠵᠠᠷ ᠲᠤ | ᠬᠦᠷᠴᠤ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠪᠥᠬᠦ ᠵᠢᠯ ᠳᠤ 220 ᠠᠴᠠ ᠳᠡᠭᠡᠭᠰᠢ ᠲᠥᠷᠥᠯ ᠵᠦᠶᠯ ᠢ ᠭᠡᠷ᠎ᠡ ᠲᠣᠭᠲᠠᠨ ᠣᠷᠣᠭᠤᠯᠤᠨ | ᠠᠪᠴᠢᠷᠠᠵᠤ᠂ ᠲᠥᠷᠥᠯ ᠵᠦᠶᠯ ᠢ ᠨᠠᠶᠢᠳᠠᠪᠤᠷᠢᠵᠢᠭᠤᠯᠤᠭᠰᠠᠨ ᠨᠣᠷᠮ᠎ᠠ ᠪᠠ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠬᠤᠤᠰ ᠨᠡᠮᠡᠭᠳᠡᠯ ᠢ ᠪᠡᠶᠡᠯᠡᠭᠦᠯᠦᠨ᠎ᠡ᠃ ᠪᠦᠬᠦ | ᠵᠢᠯ ᠳᠤ 267 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠵᠦ᠂ ᠵᠢᠯ ᠤᠨ ᠪᠡᠯᠡ ᠤᠷᠤᠭᠤᠯᠤᠯᠳᠠ ᠶᠢ 228 ᠳ᠋ᠦᠩᠰᠢᠭᠤᠷ ᠲᠥᠭᠦᠷᠢᠭ ᠲᠤ ᠬᠦᠷᠬᠡᠬᠦ ᠪᠠᠷ | ᠲᠥᠯᠥᠪᠯᠡᠵᠦ ᠪᠤᠢ᠃ ᠠᠵᠤ ᠦᠶᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠬᠤ ᠪᠠᠷ ᠭᠤᠤᠯᠳᠠᠭᠤᠯᠵᠤ᠂ ᠬᠤᠲᠠ ᠶᠢᠨ ᠰᠢᠨᠡᠴᠢᠯᠡᠯᠲᠡ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠵᠠᠮ ᠬᠠᠷᠢᠯᠴᠠᠭ᠎ᠠ ᠡᠨᠧᠷᠭᠢ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠨᠢᠭᠡ | ᠪᠦᠯᠦᠭ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠦᠨ ᠬᠡᠷᠡᠭᠵᠢᠭᠦᠯᠵᠦ᠂ ᠡᠯ᠎ᠡ ᠲᠠᠯ᠎ᠠ ᠶᠢᠨ ᠪᠠᠯᠠ ᠣᠷᠣᠭᠤᠯᠤᠯᠲᠠ ᠶᠢᠨ ᠳᠠᠯᠳᠠ ᠬᠦᠴᠦᠨ ᠢ ᠤᠯᠠᠮ | ᠴᠢᠨᠠᠭᠰᠢᠳᠠ ᠠᠭᠤᠳᠠᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠣᠷᠣᠨ ᠵᠠᠶ ᠶᠢ ᠥᠷᠭᠡᠳᠬᠡᠨ᠎ᠡ᠃ | ᠲᠥᠷᠥᠯ ᠵᠦᠢᠯ ᠤᠨ ᠭᠠᠷᠳᠠᠮ ᠭᠦᠢᠴᠡᠳᠬᠡᠬᠦ ᠶᠢ ᠲᠦᠷᠭᠡᠳᠬᠡᠨ᠎ᠡ᠃ ᠡᠨᠡ ᠡᠪᠦᠯ ᠢᠷᠡᠬᠦ ᠬᠠᠪᠤᠷ ᠤᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ᠂ ︽ᠨᠢᠭᠡ | ᠲᠥᠷᠥᠯ ᠵᠦᠢᠯ ᠨᠢᠭᠡ ᠨᠠᠷᠢᠨ ᠳᠠᠩᠰᠠ︾᠂ ︽ᠨᠢᠭᠡ ᠲᠥᠷᠥᠯ ᠵᠦᠢᠯ ᠨᠢᠭᠡ ᠳᠠᠩᠰᠠ ᠡᠪᠬᠡᠮᠡᠯ︾ ᠤᠨ ᠠᠷᠭ᠎ᠠ ᠮᠠᠶ᠋ᠢᠭ ᠶᠣᠰᠣᠭᠠᠷ᠂ ᠭᠤᠣᠯᠳᠠᠯᠭ᠎ᠠ ᠲᠠᠢ ᠲᠥᠷᠥᠯ | ᠵᠦᠢᠯ ᠤᠨ ᠭᠠᠷᠳᠠᠮ ᠭᠦᠢᠴᠡᠳᠬᠡᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ᠂ ᠭᠠᠷᠳᠠᠮ ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠱᠠᠭᠠᠷᠳᠠᠯᠭ᠎ᠠ | ᠶᠢ ᠲᠣᠳᠣᠷᠬᠠᠶᠢᠯᠠᠵᠤ᠂ ᠳᠤᠲᠠᠭᠳᠠᠯ ᠢ ᠠᠭᠤᠴᠢᠯᠠᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ᠂ ᠲᠥᠷᠥᠯ ᠵᠦᠢᠯ ᠢ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠠᠪᠴᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ | ᠶᠠᠪᠤᠴᠠ ᠶᠢ ᠦᠨᠡᠨᠬᠦ ᠰᠢᠯᠢᠳᠡᠭᠵᠢᠭᠦᠯᠦᠨ᠂ ᠡᠯ᠎ᠡ ᠲᠥᠷᠥᠯ ᠤᠨ ᠭᠠᠷᠳᠠᠮ ᠭᠦᠢᠴᠡᠳᠬᠡᠵᠦ ᠪᠠᠶᠢᠭ᠎ᠠ ᠠᠬᠢᠴᠠ ᠶᠢ ᠲᠦᠷᠬᠡᠳᠬᠡᠵᠤ᠂ ᠨᠢᠭᠡᠳᠦᠭᠡᠷ ᠤᠯᠠᠷᠢᠯ ᠳᠤ ᠰᠢᠨ᠎ᠡ | ᠪᠠᠷ ᠪᠠᠶᠢᠭᠤᠯᠬᠤ ᠲᠥᠷᠥᠯ ᠵᠦᠢᠯ ᠤᠨ ᠨᠠᠢᠮᠠᠨ ᠲᠥᠷᠥᠯ ᠤᠨ ᠭᠤᠣᠯ ᠪᠣᠯᠬᠤ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ | ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠲᠥᠯᠥᠪᠯᠡᠭᠡ ᠶᠣᠰᠣᠭᠠᠷ ᠠᠵᠢᠯ ᠢᠶᠠᠨ ᠰᠡᠷᠭᠦᠭᠡᠨ ᠪᠦᠲᠦᠭᠡᠨ ᠪᠠᠶᠢᠭᠤᠯᠵᠤ᠂ ᠳᠡᠭᠡᠷ᠎ᠡ ᠬᠠᠭᠠᠰ ᠵᠢᠯ ᠤᠨ ᠲᠥᠷᠥᠯ | ᠵᠦᠢᠯ ᠤᠨ ᠠᠵᠢᠯ ᠢᠶᠠᠨ ᠡᠬᠢᠯᠡᠬᠦᠯᠵᠤ ᠰᠡᠷᠬᠦᠬᠡᠬᠦ ᠨᠤᠷᠮ᠎ᠠ ᠶᠢ 80% ᠠᠴᠠ ᠳᠡᠬᠡᠭᠰᠢ ᠳᠤ ᠬᠦᠷᠬᠡᠨ᠎ᠡ᠃ | ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠤᠳᠤᠷᠢᠳᠤᠯᠭ᠎ᠠ ᠠᠴᠠ ᠬᠤᠯᠪᠤᠭᠠᠯᠠᠨ ᠳᠠᠭᠠᠭᠠᠴᠢᠯᠠᠬᠤ + ᠠᠵᠢᠯ ᠤᠨ | ᠳᠤᠰᠬᠠᠢ ᠠᠩᠬᠢ︾ ᠶᠢᠨ ᠳᠤᠭᠳᠠᠴᠠ ᠶᠢ ᠴᠢᠩᠭᠠᠳᠬᠠᠵᠤ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ ᠨᠠᠷᠢᠯᠢᠭ ᠬᠢᠵᠦ᠂ ᠭᠠᠵᠠᠷ ᠰᠢᠷᠣᠶ | ᠶᠢᠨ ᠬᠠᠩᠭᠠᠯᠭ᠎ᠠ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ | ᠲᠥᠷᠥᠯ ᠵᠦᠶᠯ ᠢ ᠲᠥᠰᠦᠪᠯᠡᠨ ᠨᠥᠭᠡᠴᠡᠯᠡᠬᠦ ᠠᠴᠠ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠬᠦᠷᠲᠡᠯ᠎ᠡ᠂ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠠᠴᠠ | ᠪᠠᠷᠢᠯᠭ᠎ᠠ ᠳᠠᠭᠤᠰᠤᠨ ᠠᠰᠢᠭᠯᠠᠯᠲᠠ ᠳᠤ ᠣᠷᠣᠭᠤᠯᠬᠤ ᠬᠦᠷᠲᠡᠯᠡᠬᠢ ᠪᠥᠬᠦ ᠶᠠᠪᠤᠴᠠ ᠳᠤ ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠦᠶᠯᠡᠴᠢᠯᠡᠭᠡᠨ ᠤ ᠰᠢᠨ᠎ᠡ ᠵᠠᠭᠪᠤᠷ ᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︽ᠭᠤᠤᠯᠳᠠᠯᠭ᠎ᠠ ᠲᠠᠢ ᠲᠥᠷᠥᠯ ᠵᠦᠶᠯ ᠤᠨ ᠬᠤᠯᠪᠣᠭᠠᠯᠠᠨ ᠬᠥᠳᠡᠯᠦᠯᠴᠡᠬᠦ ᠡᠭᠦᠯᠡᠨ ᠲᠠᠪᠴᠠᠩ︾ ᠤᠨ ᠦᠶᠯᠡᠳᠦᠯ ᠢ | ᠥᠨᠳᠥᠷ ᠪᠦᠲᠦᠮᠵᠢᠲᠡᠶ ᠪᠠᠷ ᠪᠠᠳᠠᠷᠠᠭᠤᠯᠵᠤ᠂ ︽ᠤᠯᠠᠭᠠᠨ ᠰᠢᠷ᠎ᠠ ᠫᠠᠶᠢᠰᠠ︾ ᠶᠢᠨ ᠵᠠᠷᠯᠠᠯ ᠤᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ | ᠲᠥᠷᠥᠯ ᠵᠦᠶᠯ ᠳᠤ ᠨᠠᠷᠢᠯᠢᠭ ᠤᠨᠤᠴᠠᠳᠠᠢ ᠪᠠᠷ ᠲᠣᠬᠢᠷᠠᠭᠤᠯᠬᠤ᠂ ᠨᠠᠷᠢᠯᠢᠭ ᠤᠨᠤᠴᠠᠳᠠᠢ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠢᠯᠡ ᠪᠠᠷ ᠰᠠᠨᠠᠯ ᠵᠥᠪᠯᠡᠯᠭᠡ ᠬᠤᠷᠢᠶᠠᠬᠤ ᠶᠠᠷᠢᠯᠴᠠᠭᠠᠨ ᠤ ᠬᠤᠷᠠᠯ ᠢ ᠪᠠᠶᠢᠩᠭᠤᠵᠢᠭᠤᠯᠤᠨ ᠬᠤᠷᠠᠯᠳᠤᠭᠤᠯᠵᠤ᠂ ᠠᠵᠤ | ᠠᠬᠤᠶᠢᠯᠠᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ ᠵᠣᠬᠢᠴᠠᠭᠤᠯᠤᠨ ᠰᠢᠶᠳᠪᠦᠷᠢᠯᠡᠵᠦ᠂ | ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠦᠨᠡᠨ ᠬᠦ ᠪᠠᠲᠤᠯᠠᠵᠤ᠂ ᠴᠠᠭ ᠤᠨ ᠳᠠᠷᠠᠭᠠᠯᠠᠯ ᠤᠨ ᠠᠬᠢᠴᠠ | ᠶᠣᠰᠣᠭᠠᠷ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ | ᠲᠥᠯᠥᠭᠡᠯᠡᠭᠴᠢᠳ ᠡ︕ ᠠᠷᠭ᠎ᠠ ᠤᠬᠠᠭᠠᠨ ᠰᠦᠪᠡᠭᠴᠢᠯᠡᠬᠦ ᠶᠢ ᠴᠢᠬᠤᠯᠠᠴᠢᠯᠠᠵᠤ᠂ ᠠᠵᠢᠯ ᠬᠢᠬᠦ ᠶᠢ ᠭᠤᠤᠯᠴᠢᠯᠠᠵᠤ᠂ ᠦᠷ᠎ᠡ ᠪᠦᠲᠦᠮᠵᠢ ᠶᠢ ᠡᠷᠬᠢᠮᠯᠡᠬᠦ ᠶᠢ | ᠲᠡᠷᠢᠭᠦᠨ ᠳᠤ ᠲᠠᠯᠪᠢᠵᠤ᠂ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡ ᠰᠡᠳᠬᠢᠯ ᠨᠢᠭᠡ ᠵᠣᠷᠢᠭ | ᠢᠶᠠᠷ ᠲᠦᠷᠦᠯ ᠵᠦᠢᠯ ᠢ ᠲᠠᠲᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠲᠦᠷᠦᠯ ᠵᠦᠢᠯ ᠢ ᠪᠣᠳᠣᠯᠬᠢᠯᠠᠵᠤ᠂ ᠨᠢᠭᠡ ᠯᠡ ᠠᠮᠢᠰᠬᠤᠭ᠎ᠠ ᠪᠠᠷ ᠲᠦᠷᠦᠯ ᠵᠦᠢᠯ ᠢ | ᠪᠠᠶᠢᠭᠤᠯᠵᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ᠎ᠠ︕ | ︵ᠭᠤᠷᠪᠠ︶ ᠰᠢᠨ᠎ᠡ ᠶᠢ ᠡᠭᠦᠳᠬᠦ ᠬᠤᠲᠠ ᠶᠢ ᠪᠠᠶᠢᠭᠤᠯᠬᠤ ᠳᠤ ᠬᠦᠴᠦ ᠪᠠᠨ ᠲᠦᠪᠯᠡᠷᠡᠬᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠣᠷᠴᠢᠨ | ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ | ᠰᠢᠨ᠎ᠡ ᠶᠢ ᠡᠭᠦᠳᠬᠦ ᠠᠴᠢᠶᠠᠯᠠᠪᠤᠷᠢ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠥᠬᠦ ᠤᠯᠤᠰ ᠤᠨ ᠲᠡᠷᠢᠭᠦᠨ ᠤ ᠰᠢᠨ᠎ᠡ ᠶᠢ ᠡᠬᠦᠳᠦᠭᠰᠡᠨ ᠠᠮᠢ ᠠᠬᠤᠶ ᠶᠢ | ᠬᠦᠴᠦᠯᠡᠨ ᠪᠣᠶ ᠪᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠬᠡᠷᠡᠭᠵᠢᠬᠦᠯᠵᠤ᠂ ︽ᠭᠤᠷᠪᠠ ᠶᠢ ᠦᠭᠡᠶᠢᠰᠬᠡᠬᠦ︾ ᠠᠵᠢᠯᠯᠠᠭ᠎ᠠ ᠪᠠ ︽ᠬᠤᠶᠠᠷ ᠢ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ | ᠳᠡᠭᠡᠳᠦ ᠲᠡᠰ ᠤᠨ ᠲᠣᠨᠣᠭᠯᠠᠯ ᠦᠶᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠢᠮᠠᠭᠠᠨ ᠨᠤᠤᠯᠤᠭᠤᠷ ᠵᠡᠷᠭᠡ ᠠᠵᠤ ᠦᠶᠯᠡᠰ ᠤᠨ ᠪᠦᠬᠡᠮᠨᠡᠷᠡᠯ ᠤᠨ ᠳᠤᠭᠤᠷᠢᠨ | ᠳᠤ ᠠᠵᠤ ᠠᠬᠤᠶᠢᠯᠠᠯ ᠤᠨ ᠣᠯᠠᠨ ᠡᠰᠢᠵᠢᠭᠰᠡᠨ᠂ ᠵᠠᠬ᠎ᠠ ᠳᠡᠯᠬᠡᠬᠦᠷᠴᠢᠯᠡᠭᠰᠡᠨ᠂ ᠣᠳᠣᠬᠢᠴᠢᠯᠠᠭᠰᠠᠨ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠪᠠᠶᠢᠭᠤᠯᠤᠮᠵᠢ ᠪᠠ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠳᠡᠮᠵᠢᠵᠤ᠂ ᠡᠯ᠎ᠡ ᠱᠠᠲᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠤᠰᠬᠠᠶ ᠵᠦᠢᠯ ᠤᠨ ᠲᠡᠳᠬᠦᠬᠦ ᠪᠡᠯᠡ ᠮᠥᠩᠭᠦ ᠶᠢ ᠢᠳᠡᠪᠬᠢᠳᠡᠢ ᠳᠡᠮᠡᠴᠡᠨ ᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 25 ᠳᠤ ᠬᠦᠷᠬᠡᠨ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 80 ᠳᠤ ᠬᠦᠷᠬᠡᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠢᠨ᠎ᠡ ᠪᠠᠷ 4 ᠶᠢ ᠨᠡᠮᠡᠭᠳᠡᠬᠦᠯᠦᠨ᠎ᠡ᠃ | ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠦᠨ ᠴᠤᠭᠯᠠᠷᠠᠭᠤᠯᠤᠨ᠎ᠠ᠃ ᠴᠢᠳᠠᠪᠤᠷᠢᠲᠠᠨ ᠢ ᠤᠷᠢᠨ ᠠᠪᠴᠢᠷᠠᠬᠤ ᠪᠠ ᠴᠢᠳᠠᠪᠤᠷᠢᠲᠠᠨ ᠢ ᠬᠥᠮᠦᠵᠢᠭᠦᠯᠬᠦ ᠶᠢ | ᠵᠡᠷᠭᠡᠪᠡᠷ ᠴᠢᠬᠤᠯᠠᠴᠢᠯᠠᠬᠤ᠂ ᠳᠡᠬᠡᠳᠤ ᠲᠡᠰ ᠤᠨ ᠴᠢᠳᠠᠪᠤᠷᠢᠲᠠᠨ ᠪᠠ ᠪᠤᠳᠠᠳᠤ ᠬᠡᠷᠡᠭᠯᠡᠭᠡᠨ ᠤ ᠴᠢᠳᠠᠪᠤᠷᠢᠲᠠᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ | ᠶᠢ ᠡᠭᠦᠳᠬᠦ ᠴᠢᠳᠠᠪᠤᠷᠢᠲᠠᠨ ᠢ ᠤᠷᠢᠨ ᠠᠪᠴᠢᠷᠠᠬᠤ ᠲᠠᠪᠴᠠᠩ ᠤᠨ ᠪᠠᠶᠢᠭᠤᠯᠤᠯᠲᠠ ᠶᠢ ᠳᠠᠮᠵᠢᠵᠤ᠂ ᠴᠢᠳᠠᠪᠤᠷᠢᠲᠠᠨ ᠢ ︽ᠤᠷᠢᠨ ᠠᠪᠴᠢᠷᠠᠬᠤ ᠪᠣᠶᠢᠵᠢᠭᠤᠯᠬᠤ | ᠦᠯᠡᠳᠡᠭᠡᠬᠦ ᠬᠡᠷᠡᠭᠯᠡᠬᠦ︾ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ︽ᠬᠤᠲᠠ ᠶᠢᠨ ᠬᠤᠷᠰᠢᠭᠴᠢ ᠶᠢ ᠡᠷᠢᠬᠦ︾ | ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠠᠵᠤ ᠦᠶᠯᠡᠰ ᠪᠠ ᠴᠢᠳᠠᠪᠤᠷᠢᠲᠠᠨ ᠤ | ᠠᠭᠤᠰᠤᠯᠴᠠᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ︽ᠲᠥᠷᠥᠯ ᠵᠦᠶᠯ + ᠴᠢᠳᠠᠪᠤᠷᠢᠲᠠᠨ︾ ᠢ ᠬᠤᠯᠪᠤᠭᠠᠰᠤᠯᠠᠬᠤ ᠮᠠᠶ᠋ᠢᠭ ᠢᠶᠠᠷ ᠣᠷᠣᠭᠤᠯᠤᠨ ᠠᠪᠴᠢᠷᠠᠬᠤ | ᠶᠢ ᠪᠠᠷᠢᠮᠲᠠᠯᠠᠵᠤ᠂ ᠴᠥᠩ ᠵᠢᠶ ᠬᠦᠮᠦᠵᠢᠬᠦᠯᠵᠤ ᠰᠤᠷᠭᠠᠬᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠤ ᠴᠤᠭᠯᠠᠷᠠᠯ ᠤᠨ | ᠭᠠᠵᠠᠷ ᠢ ᠬᠦᠴᠦᠯᠡᠨ ᠪᠣᠶ ᠪᠣᠯᠭᠠᠨ᠎ᠠ᠃ | ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠰᠢᠮᠡᠳᠦ ᠬᠥᠷᠥᠰᠥ ᠶᠢ ᠪᠣᠶᠢᠵᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ | ᠢᠶᠠᠨ ᠮᠠᠨᠳᠤᠭᠤᠯᠬᠤ︾᠂ ︽ᠲᠠᠯ᠎ᠠ ᠨᠤᠲᠤᠭ ᠤᠨ ᠴᠢᠳᠠᠪᠤᠷᠢᠲᠠᠨ︾ ᠪᠠ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ 30 ᠵᠤᠷᠪᠤᠰ | ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ᠂ ᠠᠵᠤ ᠠᠬᠤᠶᠢᠯᠠᠯ ᠢ | ᠨᠡᠪᠴᠢᠭᠦᠯᠬᠦ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠵᠡᠷᠭᠡ ᠡᠯ᠎ᠡ ᠱᠠᠲᠤᠨ ᠤ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢᠨ ᠪᠠᠯᠠ ᠮᠥᠩᠭᠦ ᠶᠢ ᠭᠦᠶᠴᠡᠳ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠶᠯ ᠢ ᠬᠥᠲᠥᠯᠥᠨ ᠵᠢᠯᠣᠭᠤᠳᠴᠤ | ᠪᠠᠶᠢᠭᠠᠳ ᠠᠵᠤ ᠠᠬᠤᠶᠢᠯᠠᠯ ᠲᠡᠰᠢ ᠲᠥᠪᠯᠡᠷᠡᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠡᠯ᠎ᠡ ᠱᠠᠲᠤᠨ ᠤ | ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠡᠳ᠋ ᠤᠨ ᠵᠠᠰᠠᠭ ᠢᠶᠠᠷ ᠬᠥᠲᠥᠯᠥᠨ | ᠵᠢᠯᠣᠭᠤᠳᠬᠤ᠂ ᠠᠵᠤ ᠠᠬᠤᠶᠢᠯᠠᠯ ᠣᠷᠣᠭᠤᠯᠤᠯᠲᠠ ᠬᠢᠬᠦ᠂ ᠮᠥᠩᠭᠦᠨ ᠭᠦᠶᠯᠭᠡᠭᠡᠨ ᠢᠶᠠᠷ ᠲᠤᠯᠭᠠᠭᠤᠷᠢᠯᠠᠬᠤ᠂ ᠨᠡᠶᠢᠬᠡᠮ ᠠᠴᠠ ᠨᠦᠬᠦᠪᠤᠷᠢᠯᠡᠬᠦ ᠤᠯᠠᠨ ᠡᠰᠢᠴᠢᠯᠡᠭᠰᠡᠨ | ᠰᠢᠨᠵᠢᠯᠡᠬᠦ ᠤᠬᠠᠭᠠᠨ ᠮᠡᠷᠬᠡᠵᠢᠯ ᠤᠨ ᠤᠷᠤᠭᠤᠯᠤᠯᠳᠠ ᠶᠢᠨ ᠳᠤᠭᠳᠠᠯᠴᠠᠭ᠎ᠠ ᠶᠢ ᠠᠬᠢᠭᠤᠯᠬᠤ ᠶᠢ ᠪᠦᠷᠢᠯᠳᠦᠬᠦᠯᠵᠤ᠂ ᠰᠢᠨ᠎ᠡ ᠶᠢ ᠡᠬᠦᠳᠤᠨ ᠵᠤᠬᠢᠴᠠᠭᠤᠯᠤᠨ | ᠬᠦᠭᠵᠢᠬᠦᠯᠬᠦ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ | ᠲᠥᠯᠥᠭᠡᠯᠡᠭᠴᠢᠳ ᠡ︕ ᠰᠢᠨ᠎ᠡ ᠶᠢ ᠡᠭᠦᠳᠬᠦ ᠪᠣᠯ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠨᠢᠭᠡᠳᠦᠭᠡᠷ ᠬᠥᠳᠡᠯᠭᠡᠬᠦ ᠬᠦᠴᠦᠨ | ᠮᠥᠨ᠃ ᠪᠢᠳᠡ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠡᠷᠢᠭᠦᠨ ᠵᠡᠷᠭᠡ ᠶᠢᠨ ᠰᠢᠨ᠎ᠡ ᠶᠢ ᠡᠭᠦᠳᠬᠦ ᠤᠷᠴᠢᠨ ᠠᠬᠤᠢ ᠶᠢ ᠪᠠᠶᠢᠭᠤᠯᠤᠨ ᠪᠦᠷᠢᠯᠳᠦᠬᠦᠯᠵᠤ᠂ | ᠲᠡᠷᠢᠭᠦᠨ ᠵᠡᠷᠭᠡ ᠶᠢᠨ ᠴᠢᠳᠠᠪᠤᠷᠢᠲᠠᠨ ᠤ ᠣᠷᠴᠢᠨ ᠲᠣᠭᠤᠷᠢᠨ ᠢ ᠪᠤᠢ ᠪᠣᠯᠭᠠᠵᠤ᠂ ᠮᠠᠨ ᠤ ᠳᠤᠭᠤᠷᠢᠭ ᠢᠶᠠᠨ ᠰᠢᠨ᠎ᠡ ᠶᠢ ᠡᠭᠦᠳᠬᠦ ᠥᠨᠳᠦᠷᠯᠢᠭ ᠭᠠᠵᠠᠷ᠂ | ᠴᠢᠳᠠᠪᠤᠷᠢᠲᠠᠨ ᠤ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ︕ | ︵ᠲᠦᠷᠪᠡ︶ ᠥᠭᠡᠷᠡᠴᠢᠯᠡᠯᠲᠡ ᠨᠡᠭᠡᠭᠡᠯᠲᠡ ᠶᠢ ᠬᠦᠨᠵᠡᠬᠡᠶᠢᠷᠡᠬᠦᠯᠬᠦ ᠳᠤ ᠬᠦᠴᠦᠨ ᠢᠶᠠᠨ ᠲᠥᠪᠯᠡᠷᠡᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠲᠡᠷᠢᠭᠦᠨ ᠵᠡᠷᠭᠡ ᠶᠢᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠪᠦᠷᠢᠯᠳᠦᠬᠦᠯᠬᠦ ᠳᠤ ᠠᠩᠬᠠᠷᠤᠯ ᠢᠶᠠᠨ ᠲᠦᠪᠯᠡᠷᠡᠬᠦᠯᠵᠤ᠂ 490 ᠵᠤᠷᠪᠤᠰ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ | ᠡᠮᠬᠢᠯᠡᠨ ᠨᠡᠶᠢᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠨᠠᠬᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳᠤᠭᠳᠠᠯᠴᠠᠭ᠎ᠠ ᠶᠢ ᠪᠦᠷᠢᠯᠳᠦᠭᠦᠯᠬᠦ ᠶᠢ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠭᠵᠢᠯᠳᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ᠂ ᠪᠥᠬᠦ ᠬᠡᠯᠬᠢᠶᠡᠨ ᠤ ᠬᠤᠷᠠᠮᠠᠯ | ᠦᠢᠯᠡᠴᠢᠯᠡᠭᠡ ᠶᠢ ᠪᠦᠷᠢᠯᠳᠦᠬᠦᠯᠵᠤ᠂ ᠣᠶᠤᠨᠴᠢᠯᠠᠭᠰᠠᠨ᠂ ᠬᠠᠮᠵᠢᠯᠴᠠᠭᠰᠠᠨ᠂ ᠳᠥᠭᠦᠮ ᠳᠥᠲᠡ ᠠᠵᠤ ᠠᠬᠤᠶᠢᠯᠠᠯ ᠤᠨ ᠦᠢᠯᠡᠴᠢᠯᠡᠭᠡ ᠶᠢ ᠬᠠᠩᠭᠠᠬᠤ ᠶᠢ | ᠪᠡᠶᠡᠯᠡᠬᠦᠯᠦᠨ᠎ᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠶᠢᠯᠢ ᠶᠢ ᠬᠥᠩᠭᠡᠯᠡᠵᠦ | ᠰᠦᠶᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠭᠤᠶᠢᠪᠢᠰᠢ ᠦᠬᠡᠢ ᠨᠠᠶᠢᠳᠠᠪᠤᠷᠢᠵᠢᠭᠤᠯᠤᠨ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ᠂ ᠪᠣᠬᠢᠷᠲᠤᠯ ᠥᠬᠡᠶ ᠬᠥᠭᠵᠢᠯᠲᠡ ᠵᠡᠷᠭᠡ | ᠬᠦᠷᠢᠶ᠎ᠡ ᠴᠠᠷᠠᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠨ᠎ᠡ᠃ ᠠᠵᠤ | ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠪᠡᠷᠯᠡᠨ᠂ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠢ ᠳᠠᠯ᠎ᠠ ᠶᠢᠨ ᠨᠠᠷᠢᠨ ᠳᠠᠩᠰᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ︽ᠬᠤᠶᠠᠷ ᠢ ᠰᠤᠭᠤᠴᠢᠵᠤ᠂ ᠨᠢᠭᠡ | ᠶᠢ ᠢᠯᠡ ᠪᠣᠯᠭᠠᠬᠤ︾ ᠬᠢᠨᠠᠯᠳᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠣᠭᠲᠠᠭᠤᠨ᠂ ᠲᠥᠪ ᠭᠤᠣᠯᠴᠢ᠂ ᠵᠢᠱᠢᠵᠦ | ᠪᠣᠯᠬᠤᠶᠢᠴᠠ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠬᠤᠶᠠᠷ ᠥᠴᠦᠬᠡᠨ ᠴᠦ ᠭᠤᠶᠢᠪᠢᠰᠢ ᠥᠬᠡᠶ︾ ᠶᠢ ᠡᠷᠡᠰ ᠭᠤᠶᠢᠪᠢᠰᠢ | ᠥᠬᠡᠶ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠭᠤᠤᠯ ᠰᠢᠪᠲᠤᠯᠤᠯᠲᠠ ᠶᠢᠨ ᠴᠢᠭᠯᠡᠯ ᠢᠶᠠᠨ | ᠲᠣᠳᠣᠷᠬᠠᠶᠢᠯᠠᠨ᠂ ᠪᠣᠳᠠᠲᠤ ᠴᠣᠭᠴᠠᠵᠢᠭᠤᠯᠤᠭᠰᠠᠨ ᠠᠵᠢᠯᠯᠠᠭᠠᠨ᠂ ᠲᠥᠷᠥᠯ ᠵᠦᠶᠯᠵᠢᠭᠦᠯᠦᠭᠰᠡᠨ ᠬᠠᠮᠢᠶᠠᠷᠤᠯᠲᠠ ᠶᠢ ᠪᠠᠷᠢᠮᠲᠠᠯᠠᠵᠤ᠂ ᠳᠤᠨᠤᠮᠠᠯ ᠡᠳ᠋ ᠬᠥᠷᠥᠩᠭᠡ᠂ | ᠬᠦᠷᠦᠩᠬᠡ᠂ ᠡᠬᠢ ᠪᠠᠶᠠᠯᠢᠭ ᠢ ᠠᠮᠢᠯᠠᠭᠤᠯᠬᠤ᠂ ᠡᠬᠢ ᠪᠠᠶᠠᠯᠢᠭ ᠤᠨ ᠬᠦᠴᠦᠨ ᠵᠦᠶᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠤᠯᠠᠮ ᠨᠢᠭᠡ | ᠠᠯᠬᠤᠮ ᠴᠢᠩᠭᠠᠷᠠᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠣᠯᠠᠨ ᠵᠦᠶᠯ ᠤᠨ ᠠᠷᠭ᠎ᠠ ᠮᠠᠶ᠋ᠢᠭ ᠢᠶᠠᠷ ᠰᠢᠨ᠎ᠡ ᠡᠨᠧᠷᠭᠢ᠂ ᠲᠣᠭᠠᠴᠢᠯᠠᠭᠰᠠᠨ ᠠᠵᠤ | ᠠᠬᠤᠶ ᠪᠠ ᠮᠡᠳᠡᠭᠡ ᠵᠠᠩᠭᠢᠵᠢᠯᠲᠠ ᠵᠢᠴᠢ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ | ᠭᠦᠨᠵᠡᠭᠡᠶ ᠣᠷᠣᠯᠴᠠᠬᠤ ᠶᠢ ᠳᠡᠮᠵᠢᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ | ᠲᠦᠷᠭᠡᠳᠬᠡᠨ ᠠᠬᠢᠭᠤᠯᠤᠨ᠎ᠠ᠃ ᠤᠷᠤᠨ ᠨᠤᠳᠤᠭ ᠤᠨ ᠠᠵᠤ ᠠᠬᠤᠶᠢᠯᠠᠯ ᠣᠯᠠᠨ ᠵᠦᠶᠯ ᠤᠨ ᠠᠷᠭ᠎ᠠ ᠮᠠᠶ᠋ᠢᠭ ᠢᠶᠠᠷ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠶ | ᠪᠠ ᠮᠡᠳᠡᠭᠡ ᠵᠠᠩᠭᠢᠵᠢᠯᠲᠠ ᠵᠢᠴᠢ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ | ᠣᠷᠣᠯᠴᠠᠬᠤ ᠶᠢ ᠳᠠᠮᠵᠢᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠦᠨ᠂ ︽ᠬᠡᠮᠵᠢᠯᠲᠡ ᠵᠢᠷᠤᠭᠯᠠᠯ ᠢ ᠨᠢᠬᠡᠳᠬᠡᠬᠦ︾᠂ | ︽ᠬᠢᠨᠠᠯᠳᠠ ᠵᠦᠪᠰᠢᠶᠡᠷᠡᠯ ᠢ ᠨᠢᠬᠡᠳᠬᠡᠬᠦ︾᠂ ︽ᠭᠠᠵᠠᠷ ᠰᠢᠷᠣᠶ ᠠᠪᠤᠮᠠᠭᠴᠠ ᠠᠵᠢᠯ ᠢᠶᠠᠨ ᠡᠬᠢᠯᠡᠭᠦᠯᠬᠦ︾ ᠵᠡᠷᠭᠡ ᠬᠢᠨᠠᠨ ᠵᠥᠪᠰᠢᠶᠡᠷᠡᠬᠦ ᠵᠠᠭᠪᠤᠷ ᠢ ᠠᠬᠢᠭᠤᠯᠵᠤ᠂ | ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠂ ᠬᠢᠨᠠᠨ ᠵᠦᠪᠰᠢᠶᠡᠷᠡᠯᠳᠡ ᠶᠢ ᠳᠥᠭᠦᠮ ᠲᠦᠷᠭᠡᠨ ᠪᠤᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠤᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠨ | ᠪᠤᠵᠠᠭᠠᠶᠢᠷᠬᠠᠤ ᠶᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠢ ᠨᠢᠭᠡ | ᠴᠤᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠵᠢᠷᠤᠮᠵᠢᠭᠤᠯᠤᠨ᠎ᠠ᠃ | ᠨᠡᠭᠡᠭᠡᠯᠲᠡ ᠬᠢᠵᠦ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠤᠨ᠎ᠠ᠃ ︽ᠬᠤᠤᠰ ᠣᠷᠴᠢᠯ︾ ᠤᠨ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ | ᠠᠭᠤᠰᠤᠯᠴᠠᠵᠤ᠂ ᠬᠥᠬᠡᠬᠤᠲᠠ ᠪᠤᠭᠤᠲᠤ ᠣᠷᠳᠣᠰ ᠳᠡᠮᠡᠬᠡᠳᠤ ᠬᠤᠲᠠ ᠶᠢᠨ ᠪᠦᠯᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ | ᠬᠥᠭᠵᠢᠬᠦ ᠳᠤ ᠭᠦᠨᠵᠡᠭᠡᠶ ᠠᠭᠤᠰᠤᠯᠴᠠᠵᠤ᠂ ᠭᠠᠳᠠᠭᠠᠳᠤ ᠪᠠᠯᠠ ᠭᠠᠳᠠᠭᠠᠳᠤ ᠠᠷᠠᠯᠵᠢᠶ᠎ᠠ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠭᠠᠳᠠᠭᠠᠳᠤ | ᠪᠠᠯᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠲᠦᠷᠭᠡᠳᠬᠡᠨ ᠳᠠᠳᠠᠨ ᠣᠷᠣᠭᠤᠯᠵᠤ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ | ᠲᠠᠰᠤᠷᠠᠯᠲᠠ ᠥᠬᠡᠶ ᠨᠡᠭᠡᠭᠡᠬᠦ ᠶᠢ ᠳᠡᠮᠵᠢᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠤᠯᠠᠮ ᠨᠢᠭᠡ ᠠᠯᠬᠤᠮ ᠥᠷᠭᠡᠳᠬᠡᠨ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 8 ᠳ᠋ᠦᠩᠰᠢᠭᠤᠷ ᠳ᠋ᠤᠯᠯᠠᠷ ᠢ ᠪᠡᠶᠡᠯᠡᠬᠦᠯᠬᠦ ᠪᠠᠷ ᠴᠢᠷᠮᠠᠶᠢᠨ᠎ᠠ᠃ ᠪᠡᠭᠡᠵᠢᠩ | ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ | ᠶᠢᠨ ᠬᠠᠮᠲᠤᠷᠠᠯᠴᠠᠭ᠎ᠠ ᠶᠠᠪᠤᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠢᠭᠡ ᠪᠦᠯᠦᠭ ᠴᠢᠨᠠᠷ ᠰᠠᠶᠢᠲᠠᠶ ᠬᠠᠮᠲᠤᠷᠠᠯᠴᠠᠭᠠᠨ ᠤ ᠲᠥᠷᠥᠯ ᠵᠦᠶᠯ ᠢ ᠨᠢᠭᠡᠳᠦᠯᠲᠡᠶ | ᠲᠥᠯᠥᠪᠵᠢᠭᠦᠯᠦᠨ ᠰᠦᠪᠡᠭᠴᠢᠯᠡᠵᠦ ᠬᠡᠷᠡᠭᠵᠢᠭᠦᠯᠦᠨ᠂ ᠭᠠᠳᠠᠭᠠᠳᠤ ᠨᠡᠭᠡᠭᠡᠯᠲᠡ ᠬᠢᠵᠤ ᠬᠠᠮᠳᠤᠷᠠᠯᠴᠠᠬᠤ ᠬᠥᠭᠵᠢᠯᠲᠡ ᠶᠢᠨ ᠰᠢᠨ᠎ᠡ ᠣᠷᠣᠨ ᠵᠠᠶ ᠶᠢ ᠲᠠᠰᠤᠷᠠᠯᠲᠠ ᠥᠬᠡᠶ | ᠥᠷᠭᠡᠳᠬᠡᠨ᠎ᠡ᠃ | ᠲᠥᠯᠥᠭᠡᠯᠡᠭᠴᠢᠳ ᠡ︕ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠨᠡᠭᠡᠭᠡᠯᠲᠡ ᠬᠢᠵᠦ ᠬᠠᠮᠲᠤᠷᠠᠯᠴᠠᠬᠤ ᠳᠤ ᠲᠦᠰᠢᠭᠯᠡᠵᠦ᠂ ᠳ᠋ᠦᠩᠱᠧᠩ ᠤᠨ | ᠬᠦᠭᠵᠢᠯᠳᠡ ᠤᠯᠠᠨ ᠳᠠᠬᠢᠨ ᠰᠢᠪᠲᠤᠯᠤᠯᠲᠠ ᠪᠠ ᠦᠰᠦᠷᠦᠯᠲᠡ ᠲᠠᠢ ᠪᠤᠯᠪᠠ᠃ ᠪᠢᠳᠡ ᠡᠷᠡᠰ ᠭᠤᠶᠢᠪᠢᠰᠢ ᠥᠬᠡᠶ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠡᠭᠡᠭᠡᠯᠲᠡ ᠶᠢ ᠥᠷᠭᠡᠳᠬᠡᠨ᠂ ᠳ᠋ᠦᠩᠱᠧᠩ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠥᠳᠡᠯᠭᠡᠬᠦ ᠬᠦᠴᠦᠨ ᠢ ᠶᠠᠪᠤᠬᠤ ᠲᠤᠲᠤᠮ ᠡᠷᠴᠢᠮᠲᠡᠶ ᠪᠣᠯᠭᠠᠵᠤ᠂ ᠴᠢᠨᠠᠷ | ᠰᠠᠶᠢᠲᠠᠶ ᠬᠥᠭᠵᠢᠯᠲᠡ ᠶᠢᠨ ᠠᠯᠬᠤᠴᠠ ᠶᠢ ᠶᠠᠪᠤᠬᠤ ᠲᠤᠲᠤᠮ ᠪᠠᠲᠤ ᠪᠠᠬᠢ ᠪᠣᠯᠭᠠᠬᠤ ᠬᠡᠷᠡᠭᠲᠡᠶ︕ | ︵ᠲᠠᠪᠤ︶ ᠴᠢᠨᠠᠷ ᠰᠠᠶᠢᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠨ᠎ᠡ᠃ | ᠬᠤᠲᠠ ᠶᠢᠨ ᠰᠢᠨᠡᠴᠢᠯᠡᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠤᠨ ᠲᠡᠷᠢᠭᠦᠨ ᠤ ᠬᠤᠲᠠ ᠶᠢᠨ ᠳᠦᠷᠢ ᠲᠥᠷᠬᠦ ᠶᠢ ᠬᠦᠴᠦᠯᠡᠨ ᠴᠤᠭᠴᠠᠯᠠᠨ᠎ᠠ᠃ ᠬᠤᠭᠤᠯᠠᠢ ᠲᠣᠣᠷ ᠢ | ᠦᠬᠡᠷᠡᠴᠢᠯᠡᠨ ᠵᠠᠰᠠᠬᠤ᠂ ᠵᠠᠮ ᠱᠤᠭᠤᠮ ᠢ ᠰᠢᠨᠡᠳᠬᠡᠬᠦ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠦᠬᠦᠬᠡᠷᠦᠮᠵᠢ ᠶᠢᠨ ᠲᠥᠷᠥᠯ ᠵᠦᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠳ᠋ᠠ ᠰᠢᠩ᠂ ᠮᠧᠩ ᠲᠠᠢ ᠶᠢᠨ ᠢᠯᠴᠢ ᠬᠠᠩᠭᠠᠬᠤ ᠰᠤᠷᠪᠤᠯᠵᠢ ᠶᠢᠨ ᠲᠣᠣᠷ ᠢ ᠰᠠᠯᠭᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠨᠡᠬᠡᠮᠡᠯ ᠤᠨ ᠪᠠᠷᠠᠭᠤᠨ ᠵᠡᠭᠡᠯᠢ᠂ ᠬᠤᠳᠠᠯᠳᠤᠭᠠᠨ ᠤ ᠬᠤᠶᠢᠳᠤ ᠵᠠᠮ ᠵᠡᠷᠭᠡ 21 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠵᠦ᠂ ᠬᠠᠭᠤᠴᠢᠨ ᠬᠤᠲᠠ ᠶᠢᠨ ᠲᠣᠭᠤᠷᠢᠭ ᠤᠨ ᠲᠠᠪᠤᠳᠤᠭᠠᠷ ᠵᠡᠭᠡᠯᠢ ᠲᠠᠪᠤᠳᠤᠭᠠᠷ ᠵᠠᠮ ᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ ᠢ | ᠬᠡᠷᠡᠭᠵᠢᠭᠦᠯᠵᠦ᠂ ᠣᠯᠠᠨ ᠨᠡᠶᠢᠲᠡ ᠶᠢᠨ ᠲᠡᠷᠭᠡ ᠵᠣᠭᠰᠣᠭᠠᠬᠤ ᠲᠠᠯᠠᠪᠠᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 50 ᠶᠢ ᠰᠢᠨ᠎ᠡ ᠪᠠᠷ ᠪᠠᠶᠢᠭᠤᠯᠤᠨ᠎ᠠ᠃ ᠳᠡᠭᠡᠳᠦ | ᠱᠠᠲᠤᠨ ᠤ ᠲᠤᠰᠬᠠᠶ ᠵᠦᠶᠯ ᠤᠨ ᠪᠠᠯᠠ ᠮᠥᠩᠭᠦ ᠶᠢ ᠳᠡᠮᠡᠴᠡᠨ ᠤᠯᠬᠤ ᠪᠠ ᠰᠠᠭᠤᠭᠠᠯᠢ ᠠᠷᠠᠳ ᠤᠨ ᠥᠪᠡᠰᠦᠪᠡᠨ ᠴᠤᠭᠯᠠᠭᠤᠯᠬᠤ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ 49 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ 43 ᠨᠢᠭᠡᠨᠲᠡ ᠪᠠᠶᠢᠭ᠎ᠠ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠤᠷᠢᠨ ᠠᠪᠴᠢᠷᠠᠵᠤ ᠬᠤᠷᠰᠢᠯᠴᠠᠬᠤ᠂ ᠵᠠᠬ᠎ᠠ ᠳᠡᠯᠬᠡᠬᠦᠷᠴᠢᠯᠡᠨ | ᠠᠮᠢᠳᠤᠯᠢᠭᠵᠢᠭᠤᠯᠬᠤ ᠵᠡᠷᠭᠡ ᠠᠷᠭ᠎ᠠ ᠮᠠᠶ᠋ᠢᠭ ᠢᠶᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ 56 ᠲᠥᠷᠥᠯ ᠵᠦᠢᠯ ᠪᠣᠯᠤᠨ 4 ᠳᠥᠭᠦᠮ ᠪᠦᠳᠦᠴᠡᠳᠤ ᠣᠷᠣᠨ | ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠴᠡᠷᠯᠢᠭᠵᠢᠬᠦᠯᠦᠭᠰᠡᠨ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠳᠣᠲᠣᠷᠠᠬᠢ ᠪᠤᠯᠤᠩ ᠭᠠᠵᠠᠷ᠂ ᠰᠤᠯᠠ ᠭᠠᠵᠠᠷ ᠢ ᠭᠦᠢᠴᠡᠳ | ᠠᠰᠢᠭᠯᠠᠨ᠂ ᠨᠡᠶᠢᠭᠡᠮ ᠲᠣᠭᠤᠷᠢᠭ ᠤᠨ ᠴᠡᠴᠡᠷᠯᠢᠭ᠂ ︽ᠬᠠᠷᠮᠠᠨ ᠴᠡᠴᠡᠷᠯᠢᠭ︾ ᠵᠢᠴᠢ ᠵᠢᠵᠢᠭ ᠨᠤᠭᠤᠭᠠᠷᠠᠭᠤᠯᠤᠯᠳᠠ ᠶᠢᠨ ᠭᠠᠵᠠᠷ ᠢ ᠨᠢᠭᠡᠳᠦᠯᠲᠡᠶ ᠲᠥᠯᠥᠪᠯᠡᠨ | ᠪᠠᠶᠢᠭᠤᠯᠤᠨ᠎ᠠ᠃ ᠲᠣᠰ ᠱᠠᠲᠤᠨ ᠤ ᠡᠳ᠋ ᠤᠨ ᠵᠠᠰᠠᠭ ᠨᠢ ᠣᠯᠠᠨ ᠲᠠᠯ᠎ᠠ ᠶᠢᠨ ᠠᠷᠭ᠎ᠠ ᠠᠪᠴᠢᠯ ᠢᠶᠠᠷ 2 ᠳ᠋ᠦᠩᠰᠢᠭᠤᠷ ᠲᠥᠭᠦᠷᠢᠭ ᠤᠨ ᠪᠠᠯᠠ ᠮᠥᠩᠭᠦ | ᠴᠤᠭᠯᠠᠭᠤᠯᠵᠤ᠂ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ | ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠣᠨ ᠰᠠᠭᠤᠴᠠ ᠶᠢᠨ ᠠᠰᠠᠷ ᠤᠨ ᠤᠰᠤ᠂ ᠢᠯᠴᠢ᠂ ᠬᠡᠶ ᠬᠠᠩᠭᠠᠬᠤ᠂ ᠭᠠᠯ ᠤᠨᠲᠠᠷᠠᠭᠠᠬᠤ᠂ ᠤᠰᠤ ᠭᠤᠭᠤᠵᠢᠬᠤ | ᠵᠡᠷᠭᠡ ᠶᠢᠨ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠠᠯᠬᠤᠮ ᠳᠠᠷᠠᠭ᠎ᠠ ᠬᠤᠪᠢᠶᠠᠨ᠂ | ᠲᠥᠯᠥᠪᠯᠡᠭᠡ ᠲᠠᠢ ᠪᠠᠷ ᠬᠡᠷᠡᠭᠵᠢᠭᠦᠯᠵᠦ᠂ ᠴᠡᠪᠡᠷ ᠲᠡᠭᠰᠢ᠂ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ | ᠲᠣᠭᠤᠷᠢᠨ ᠢ ᠡᠭᠦᠳᠴᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠳᠬᠠᠨ᠎ᠠ᠃ | ᠬᠤᠲᠠ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠪᠣᠯᠪᠠᠰᠤᠨ ᠨᠡᠶᠢᠲᠡᠯᠢᠭ ᠬᠤᠲᠠ ᠶᠢ ᠡᠭᠦᠳᠦᠨ ᠪᠠᠶᠢᠭᠤᠯᠬᠤ | ᠠᠵᠢᠯ ᠢ ᠭᠦᠨᠵᠡᠭᠡᠶ ᠠᠬᠢᠭᠤᠯᠵᠤ᠂ 15 ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ | ᠡᠭᠦᠳᠦᠨ ᠪᠠᠶᠢᠭᠤᠯᠬᠤ ᠶᠢ ᠵᠡᠷᠭᠡᠪᠡᠷ ᠥᠷᠨᠢᠭᠦᠯᠵᠦ᠂ ᠬᠤᠲᠠ ᠶᠢᠨ ᠠᠷᠠᠳ ᠤᠨ ᠪᠣᠯᠪᠠᠰᠤᠨ ᠬᠡᠪ ᠪᠣᠯᠪᠠᠰᠤᠷᠠᠯ ᠪᠠ ᠬᠤᠲᠠ ᠶᠢᠨ ᠪᠣᠯᠪᠠᠰᠤᠨ ᠤ ᠳᠦᠷᠢ ᠲᠥᠷᠬᠦ ᠶᠢᠨ | ︽ᠬᠤᠤᠰ ᠳᠡᠭᠡᠭᠰᠢᠯᠡᠯᠲᠡ︾ ᠶᠢ ᠠᠬᠢᠭᠤᠯᠤᠨ᠎ᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠣᠷᠣᠨ | ᠪᠦᠰᠡ ᠶᠢᠨ ᠬᠤᠲᠠ ᠶᠢᠨ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠰᠢᠲᠠᠮᠠᠬᠠᠶ ᠬᠡᠶ᠂ ᠤᠰᠤᠲᠤᠯ᠂ ᠦᠶᠡᠷ ᠤᠨ ᠤᠰᠤ ᠶᠢ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠵᠡᠷᠭᠡ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠬᠤᠲᠠ ᠶᠢᠨ ᠠᠵᠢᠯᠯᠠᠭᠠᠨ ᠢ ︽ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ︾ ᠶᠢ ᠠᠬᠢᠭᠤᠯᠤᠨ᠎ᠠ᠃ ᠣᠶᠤᠨᠴᠢ ᠵᠠᠮ ᠬᠠᠷᠢᠯᠴᠠᠭ᠎ᠠ᠂ ᠣᠶᠤᠨᠴᠢ ᠲᠡᠷᠭᠡᠨ ᠵᠣᠭᠰᠣᠭᠠᠯ᠂ ᠠᠷᠠᠳ ᠲᠤ ᠳᠥᠭᠦᠮ ᠦᠵᠡᠭᠦᠯᠬᠦ ᠵᠠᠬ᠎ᠠ | ᠳᠡᠯᠭᠡᠭᠦᠷ ᠵᠢᠴᠢ ᠬᠤᠲᠠ ᠶᠢᠨ ᠢᠵᠢ ᠪᠦᠷᠢᠳᠦᠬᠦᠯᠦᠭᠰᠡᠨ ᠦᠢᠯᠡᠴᠢᠯᠡᠭᠡᠨ ᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠶᠤᠨᠴᠢ ᠠᠮᠤᠷ | ᠠᠮᠤᠭᠤᠯᠠᠩ ᠲᠣᠭᠤᠷᠢᠭ ᠢ ᠥᠨᠳᠥᠷ ᠪᠠᠷᠢᠮᠵᠢᠶ᠎ᠠ ᠪᠠᠷ 20 ᠶᠢ ᠪᠦᠲᠦᠭᠡᠨ ᠪᠠᠶᠢᠭᠤᠯᠤᠨ᠎ᠠ᠃ ︽ᠬᠠᠳᠬᠤᠮᠠᠯ ᠬᠠᠳᠬᠤᠬᠤ︾ ᠡᠷᠳᠡᠮ ᠢᠶᠠᠷ ᠬᠤᠲᠠ ᠶᠢᠨ | ᠨᠠᠷᠢᠯᠢᠬᠵᠢᠭᠤᠯᠤᠭᠰᠠᠨ᠂ ᠲᠣᠤᠷᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠨᠢᠭᠡ ᠪᠦᠯᠦᠭ ᠬᠤᠪᠢᠰᠬᠠᠯ ᠤᠨ ᠠᠳᠠᠯ ᠠᠬᠤᠶ᠂ ᠤᠶᠤᠨᠲᠤ ᠠᠳᠠᠯ ᠠᠬᠤᠶ ᠶᠢᠨ ᠲᠤᠷᠰᠢᠯᠲᠠ ᠶᠢᠨ ᠴᠡᠭ ᠤᠨ ᠰᠠᠭᠤᠭᠠᠯᠢ | ᠲᠣᠭᠤᠷᠢᠭ ᠢ ᠬᠦᠴᠦᠯᠡᠨ ᠪᠠᠶᠢᠭᠤᠯᠤᠨ᠎ᠠ᠃ ᠴᠡᠴᠡᠷᠯᠢᠭᠵᠢᠬᠦᠯᠦᠯᠳᠡ ᠶᠢᠨ ᠨᠠᠷᠢᠯᠢᠬᠵᠢᠭᠤᠯᠤᠭᠰᠠᠨ ᠬᠠᠮᠢᠶᠠᠷᠴᠤ ᠬᠠᠮᠠᠭᠠᠯᠠᠬᠤ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢ ︽ᠴᠡᠴᠡᠷᠯᠢᠭᠵᠢᠭᠦᠯᠬᠦ᠂ ᠡᠷᠴᠢᠮᠵᠢᠭᠦᠯᠬᠦ︾ ᠲᠡᠰᠢ ᠠᠬᠢᠭᠤᠯᠤᠨ᠎ᠠ᠃ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠷᠥᠯ ᠬᠤᠪᠢᠶᠠᠨ ᠬᠠᠶᠠᠬᠤ᠂ ᠳᠡᠰ ᠬᠤᠪᠢᠶᠠᠨ ᠴᠤᠭᠯᠠᠭᠤᠯᠬᠤ᠂ | ᠪᠢᠳᠡᠬᠦᠮᠵᠢᠯᠡᠨ ᠲᠡᠭᠡᠭᠡᠪᠦᠷᠢᠯᠡᠬᠦ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠯᠡᠬᠦ ᠵᠡᠷᠭᠡ ᠭᠤᠭᠴᠤᠭ᠎ᠠ ᠶᠢ ᠨᠠᠷᠢᠯᠢᠭ ᠪᠣᠳᠠᠲᠠᠶ ᠠᠳᠬᠤᠵᠤ᠂ ᠠᠮᠢᠳᠤᠷᠠᠯ ᠤᠨ ᠬᠤᠭ | ᠨᠣᠪᠰᠢ ᠶᠢ ᠪᠠᠭᠠᠰᠬᠠᠬᠤ᠂ ᠬᠤᠤᠷ ᠥᠬᠡᠶᠢᠳᠡᠭᠦᠯᠬᠦ᠂ ᠡᠬᠢ ᠪᠠᠶᠠᠯᠢᠭᠵᠢᠭᠤᠯᠤᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃ | ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ ᠬᠠᠮᠲᠤ ᠪᠠᠷ ᠪᠠᠶᠠᠵᠢᠨ ᠴᠢᠨᠡᠭᠡᠯᠢᠭᠵᠢᠭᠰᠡᠨ ᠨᠡᠶᠢᠲᠡᠯᠢᠭ ᠬᠤᠲᠠ ᠶᠢ ᠪᠦᠲᠦᠭᠡᠨ | ᠪᠠᠶᠢᠭᠤᠯᠬᠤ ᠲᠠᠢ ᠤᠶᠠᠯᠳᠤᠭᠤᠯᠤᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠳᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠲᠠ ᠬᠥᠳᠡᠭᠡ ᠬᠠᠷᠢᠯᠴᠠᠨ | ᠨᠥᠬᠦᠪᠥᠷᠢᠯᠡᠭᠰᠡᠨ᠂ ᠵᠣᠬᠢᠴᠠᠩᠭᠤᠢ ᠬᠦᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠢᠨ᠎ᠡ ᠮᠠᠶ᠋ᠢᠭ ᠤᠨ ᠠᠵᠤ ᠦᠢᠯᠡᠳᠪᠦᠷᠢ ᠲᠠᠷᠢᠶᠠᠯᠠᠩ ᠬᠤᠲᠠ ᠬᠥᠳᠡᠭᠡ | ᠶᠢᠨ ᠬᠠᠷᠢᠴᠠᠭ᠎ᠠ ᠶᠢ ᠲᠦᠷᠭᠡᠪᠴᠢᠯᠡᠨ ᠪᠣᠢ ᠪᠣᠯᠭᠠᠨ᠎ᠠ᠃ ᠪᠠᠯᠭᠠᠰᠤ ᠲᠣᠰᠬᠤᠨ ᠤ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠳᠡᠭᠡ | ᠲᠣᠰᠬᠤᠨ ᠤ ᠡᠬᠢ ᠪᠠᠶᠠᠯᠢᠭ ᠢ ᠲᠠᠰᠤᠷᠠᠯᠲᠠ ᠥᠬᠡᠶ ᠠᠮᠢᠯᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ | ᠰᠠᠭᠤᠷᠢ ᠲᠥᠬᠦᠭᠡᠷᠦᠮᠵᠢ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠬᠠᠮᠢᠶᠠᠷᠤᠯᠲᠠ ᠬᠠᠮᠠᠭᠠᠯᠠᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠶᠠᠰᠤ ᠴᠢᠨᠠᠷ | ᠢ ᠦᠨᠡᠨ ᠬᠦ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠣᠭᠠᠲᠤ ᠴᠣᠭᠴᠠ ᠶᠢ ᠢᠳᠡᠪᠬᠢᠲᠡᠶ ᠪᠠᠶᠢᠭᠤᠯᠵᠤ᠂ ᠢ ᠲᠠᠢ ᠲᠠᠷᠢᠶᠠᠯᠠᠩ ᠤᠨ | ᠣᠶᠤᠨᠴᠢ ᠬᠥᠨᠳᠡᠶ᠂ ᠶᠢᠨ ᠸᠠᠨ ᠠᠮᠢ ᠠᠬᠤᠶ ᠶᠢᠨ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠦᠶᠯᠡᠳᠪᠦᠷᠢᠯᠡᠯ ᠪᠣᠷᠣᠯᠠᠭᠤᠯᠭ᠎ᠠ ᠶᠢᠨ ᠵᠤᠯᠭᠠᠯᠴᠠᠭ᠎ᠠ ᠶᠢ ᠰᠠᠶᠢᠲᠤᠷ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ | ᠲᠥᠯᠥᠭᠡᠯᠡᠭᠴᠢᠳ ᠡ︕ ᠪᠢᠳᠡ ︽ᠰᠠᠭᠤᠷᠢᠰᠢᠬᠤ ᠳᠤ ᠲᠣᠬᠢᠷᠠᠮᠵᠢᠲᠠᠶ᠂ ᠤᠶᠠᠨ ᠴᠢᠨᠠᠷᠲᠠᠶ᠂ ᠤᠶᠤᠨᠲᠤ ᠬᠤᠲᠠ ᠶᠢ ᠪᠠᠶᠢᠭᠤᠯᠬᠤ︾ ᠴᠢᠬᠤᠯᠠ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠯᠢᠳᠡᠭᠵᠢᠭᠦᠯᠦᠨ ᠨᠢᠬᠡᠳᠬᠡᠵᠤ᠂ | ᠬᠤᠲᠠ ᠪᠠᠷ ᠬᠥᠳᠡᠭᠡ ᠶᠢ ᠳᠠᠶᠢᠴᠢᠯᠠᠬᠤ᠂ ᠬᠤᠲᠠ ᠬᠥᠳᠡᠭᠡ ᠶᠢ ᠠᠭᠤᠰᠤᠯᠴᠠᠭᠤᠯᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠠᠮ ᠢᠶᠠᠷ ᠡᠷᠡᠰ ᠭᠤᠶᠢᠪᠢᠰᠢ | ᠥᠬᠡᠶ ᠵᠠᠮᠨᠠᠵᠤ᠂ ᠳ᠋ᠦᠩᠱᠧᠩ ᠳᠤᠭᠤᠷᠢᠭ ᠢ ᠰᠠᠭᠤᠷᠢᠰᠢᠬᠤ ᠳᠤ ᠨᠠᠩ ᠲᠣᠬᠢᠷᠠᠮᠵᠢᠲᠠᠶ᠂ ᠨᠠᠩ ᠪᠠᠭᠲᠠᠭᠠᠮᠵᠢᠲᠠᠶ᠂ ᠨᠠᠩ ᠲᠠᠲᠠᠬᠤ ᠬᠦᠴᠦᠨ ᠲᠠᠢ ᠪᠣᠯᠭᠠᠨ᠎ᠠ᠃ | ︵ᠵᠢᠷᠭᠤᠭ᠎ᠠ︶ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠦᠴᠦ ᠪᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠰᠠᠭᠤᠷᠢ ᠥᠩᠭᠡ ᠶᠢ ᠲᠠᠰᠤᠷᠠᠯᠲᠠ ᠦᠭᠡᠢ ᠬᠡᠷᠡᠯᠳᠦᠬᠦᠯᠦᠨᠡ᠃ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢᠨ ᠤᠷᠢᠳᠡᠪᠡᠷ ᠬᠡᠷᠡᠭᠵᠢᠬᠦᠯᠬᠦ ᠣᠷᠣᠨ ᠢ ᠪᠥᠲᠥᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠬᠤᠶᠠᠳᠤᠭᠠᠷ | ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠳᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠨ᠎ᠠ᠃ ᠬᠤᠲᠠ ᠶᠢᠨ ᠲᠣᠭᠤᠷᠢᠭ ᠤᠨ ᠨᠡᠭᠦᠷᠡᠰᠦᠨ ᠤ ᠳᠠᠷᠬᠠᠢ ᠰᠢᠲᠠᠭᠠᠯᠭ᠎ᠠ ᠶᠢᠨ ᠵᠠᠰᠠᠯᠲᠠ᠂ | ᠠᠭᠤᠷᠬᠠᠢ ᠶᠢᠨ ᠣᠷᠣᠨ ᠤ ᠲᠣᠭᠤᠰᠣᠨ ᠤ ᠪᠣᠬᠢᠷᠲᠤᠯ ᠢ ᠴᠡᠭᠴᠡᠯᠡᠨ ᠵᠠᠰᠠᠬᠤ᠂ ᠠᠵᠤ ᠦᠶᠯᠡᠳᠪᠦᠷᠢ ᠶᠢᠨ ᠪᠣᠬᠢᠷᠲᠤᠯ ᠤᠨ ᠡᠬᠢ ᠶᠢᠨ ᠭᠠᠳᠠᠭᠰᠢᠯᠠᠭᠤᠯᠤᠯᠲᠠ ᠶᠢᠨ | ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠵᠢᠯ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ | ᠨᠣᠷᠮ᠎ᠠ ᠶᠢ 85% ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ︾ ᠶᠢᠨ ᠳᠦᠷᠢᠮ ᠢ ᠭᠦᠨᠵᠡᠭᠡᠶ | ᠨᠠᠶᠢᠳᠠᠪᠤᠷᠢᠵᠢᠭᠤᠯᠵᠤ᠂ ︽ᠳᠥᠷᠪᠡᠨ ᠡᠷᠦᠢ ᠬᠤᠷᠤᠢ ᠦᠬᠡᠢ ᠪᠠᠶᠢᠬᠤ ᠶᠢ ᠠᠷᠢᠯᠭᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠮᠦᠨ᠎ᠡ ᠲᠡᠭᠦᠷᠭᠡ ᠶᠢᠨ | ᠤᠰᠤᠨ ᠤ ᠴᠢᠨᠠᠷ ᠢ ᠴᠡᠪᠡᠷᠰᠢᠭᠦᠯᠬᠦ ᠦᠢᠯᠡᠳᠪᠦᠷᠢ ᠶᠢᠨ ᠵᠠᠪᠰᠠᠷ ᠤᠨ ᠤᠰᠤ ᠶᠢ ᠲᠣᠬᠢᠷᠠᠭᠤᠯᠬᠤ ᠢᠨᠵᠧᠨᠧᠷᠢᠩ ᠢ ᠡᠬᠢᠯᠡᠭᠦᠯᠵᠦ᠂ ᠤᠯᠠᠭᠠᠨᠮᠥ᠋ᠷᠡᠨ ᠤ ᠰᠠᠪᠠ ᠭᠠᠵᠠᠷ᠂ | ᠬᠠᠰᠢᠶᠠᠲᠤ ᠭᠤᠣᠯ᠂ ᠰᠠᠶᠢᠨ ᠳᠠᠶᠢᠵᠢ ᠨᠠᠭᠤᠷ ᠤᠨ ᠣᠷᠣᠨ ᠤ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠠᠬᠢᠭᠤᠯᠤᠨ᠂ ᠭᠤᠣᠯ ᠮᠥᠷᠡᠨ ᠤ | ᠣᠭᠲᠣᠯᠤᠭᠠᠰᠤ ᠶᠢᠨ ᠤᠰᠤᠨ ᠤ ᠴᠢᠨᠠᠷ ᠢ ᠤᠷᠲᠤ ᠬᠤᠭᠤᠴᠠᠭ᠎ᠠ ᠪᠠᠷ ᠲᠣᠭᠲᠠᠭᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠭᠤᠤᠯᠳᠠᠯᠭ᠎ᠠ ᠲᠠᠢ | ᠠᠵᠤ ᠠᠬᠤᠶᠢᠯᠠᠯ ᠤᠨ ᠪᠣᠬᠢᠷᠲᠤᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠨ᠂ ᠲᠠᠷᠢᠶᠠᠯᠠᠩ ᠤᠨ | ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ | ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠵᠡᠷᠭᠡ ᠢᠨᠵᠧᠨᠧᠷᠢᠩ ᠤᠨ ᠲᠥᠷᠥᠯ ᠵᠦᠶᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠶᠢ ᠭᠦᠨᠵᠡᠭᠡᠢ ᠠᠬᠢᠭᠤᠯᠤᠨ᠎ᠠ᠃ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠥᠪ᠂ ᠥᠪᠡᠷᠲᠡᠭᠡᠨ | ᠵᠠᠰᠠᠬᠤ ᠣᠷᠣᠨ ᠵᠡᠷᠭᠡ ᠡᠯ᠎ᠡ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠲᠤᠶᠢᠯᠪᠤᠷᠢᠳᠠᠢ ᠴᠡᠭᠴᠡᠯᠡᠨ ᠰᠠᠶᠢᠵᠢᠷᠠᠭᠤᠯᠬᠤ ᠪᠠ ᠪᠦᠬᠦᠨ ᠢ ᠰᠢᠢᠳᠪᠤᠷᠢᠯᠡᠬᠦ ᠶᠢ ᠨᠢᠭᠡᠳᠦᠯᠲᠡᠶ ᠲᠥᠯᠥᠪᠵᠢᠭᠦᠯᠦᠨ ᠬᠤᠯᠪᠣᠭᠠᠯᠠᠨ ᠠᠬᠢᠭᠤᠯᠤᠨ᠎ᠠ᠃ | ︽ᠤᠢ ᠰᠢᠭᠤᠢ ᠶᠢᠨ ᠳᠠᠷᠤᠭ᠎ᠠ ᠶᠢᠨ ᠲᠦᠷᠢᠮ︾ ᠢ ᠭᠦᠨᠵᠡᠭᠡᠢ ᠨᠠᠶᠢᠳᠠᠪᠤᠷᠢᠵᠢᠭᠤᠯᠤᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢᠨ | ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ | ᠶᠡᠷᠦᠩᠬᠡᠶᠢᠯᠡᠭᠰᠡᠨ ᠵᠠᠰᠠᠯᠲᠠ ᠪᠠ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ | ᠡᠯᠡᠰᠦᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠤᠢ ᠰᠢᠭᠤᠢ ᠡᠪᠡᠰᠦ ᠪᠡᠯᠴᠢᠭᠡᠷ ᠤᠨ ᠬᠠᠮᠢᠶᠠᠷᠤᠯᠲᠠ | ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠪᠦᠬᠦ ᠵᠢᠯ ᠳᠤ 2000 ᠮᠦ ᠭᠠᠵᠠᠷ ᠢ ᠰᠢᠨ᠎ᠡ ᠪᠠᠷ ᠣᠶᠢᠵᠢᠭᠤᠯᠤᠨ᠂ 67000 ᠮᠦ ᠭᠠᠵᠠᠷ ᠤᠨ ᠠᠮᠢ ᠠᠬᠤᠢ ᠶᠢ | ᠵᠠᠰᠠᠨ ᠰᠡᠷᠬᠦᠭᠡᠨ᠎ᠡ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠰᠠᠶᠢᠲᠤᠷ ᠬᠡᠷᠡᠭᠯᠡᠨ᠂ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠪᠠ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ | ᠠᠵᠤ ᠦᠶᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠭᠤᠷᠬᠠᠶ ᠶᠢᠨ ᠳᠠᠬᠢᠨ ᠬᠠᠭᠠᠯᠪᠤᠷᠢᠯᠠᠯᠲᠠ ᠶᠢᠨ ᠣᠷᠣᠨ ᠢ ᠶᠡᠷᠦᠩᠬᠡᠶᠢᠯᠡᠨ | ᠠᠰᠢᠭᠯᠠᠵᠤ ᠨᠡᠭᠡᠭᠡᠨ ᠬᠥᠭᠵᠢᠭᠦᠯᠬᠦ ᠶᠢ ᠬᠡᠪᠴᠢᠶᠡᠵᠢᠭᠦᠯᠦᠨ ᠠᠬᠢᠭᠤᠯᠵᠤ᠂ ᠪᠥᠬᠦ ᠵᠢᠯ ᠳᠤ 500 ᠾᠧᠺᠲ᠋ᠠᠷ ᠭᠠᠵᠠᠷ ᠤᠨ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ | ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ ᠥᠨᠳᠥᠷ ᠪᠠᠷᠢᠮᠵᠢᠶ᠎ᠠ ᠪᠠᠷ ᠡᠭᠦᠳᠦᠨ ᠪᠠᠶᠢᠭᠤᠯᠤᠨ᠎ᠠ᠃ | ᠪᠣᠬᠢᠷᠲᠤᠯ ᠦᠭᠡᠢ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ︽ᠬᠤᠤᠰ ᠨᠡᠭᠦᠷᠡᠰᠦᠲᠥ᠋ᠷᠥᠭᠴᠢ︾ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠤᠨ ᠳᠣᠤᠷ᠎ᠠ ᠨᠡᠭᠦᠷᠡᠰᠦᠲᠥ᠋ᠷᠥᠭᠴᠢᠲᠦ ᠲᠤᠷᠰᠢᠯᠲᠠ ᠶᠢᠨ ᠴᠡᠭ ᠤᠨ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠠᠵᠤ | ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ | ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠡᠬᠡ ᠬᠠᠭᠤᠷᠠᠢ ᠶᠢᠨ ᠭᠠᠷᠠᠮ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠦᠨ᠂ ᠸᠠᠨ ᠯᠢ ᠶᠢᠨ | ᠡᠬᠡ ᠬᠠᠭᠤᠷᠠᠢ ᠶᠢᠨ ᠭᠠᠷᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ 9 ᠡᠬᠡ ᠬᠠᠭᠤᠷᠠᠢ ᠶᠢᠨ ᠭᠠᠷᠠᠮ ᠢ | ᠰᠢᠨ᠎ᠡ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠡᠵᠡᠩᠨᠡᠯᠳᠡ ᠶᠢ 1000 ᠶᠢ ᠳᠠᠪᠠᠭᠤᠯᠤᠨ᠎ᠠ᠃ ᠠᠭᠤᠷᠬᠠᠶ ᠶᠢᠨ ᠬᠤᠳᠳᠤᠭ ᠤᠨ | ᠤᠰᠤ᠂ ᠨᠡᠭᠦᠷᠡᠰᠦᠨ ᠴᠢᠯᠠᠭᠤ ᠶᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠶᠢ ᠰᠦᠪᠡᠭᠴᠢᠯᠡᠨ ᠠᠬᠢᠭᠤᠯᠵᠤ᠂ ᠠᠵᠤ ᠦᠶᠯᠡᠳᠪᠦᠷᠢ ᠶᠢᠨ ᠬᠠᠶᠠᠭᠳᠠᠮᠠᠯ | ᠡᠳ᠋ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠪᠠᠷ ᠭᠠᠷᠳᠠᠴᠠ ᠪᠣᠯᠭᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ | ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ | ᠬᠡᠮᠵᠢᠶᠡᠨ ᠤ ᠬᠢᠵᠠᠭᠠᠷᠯᠠᠯ ᠤᠨ ᠬᠠᠮᠢᠶᠠᠷᠤᠯᠲᠠ ᠶᠢ ᠴᠢᠩᠭᠠᠳᠬᠠᠨ᠂ ᠡᠨᠧᠷᠭᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠠ | ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠳᠦᠷᠭᠡᠳᠬᠡᠨ ᠠᠬᠢᠭᠤᠯᠤᠨ᠎ᠠ᠃ ᠪᠣᠬᠢᠷᠲᠤᠯ ᠦᠭᠡᠢ ᠬᠡᠷᠡᠭᠯᠡᠭᠡ | ᠶᠢ ᠶᠡᠭᠡ ᠪᠠᠷ ᠰᠠᠨᠠᠭᠠᠴᠢᠯᠠᠵᠤ᠂ ᠪᠣᠬᠢᠷᠲᠤᠯ ᠦᠭᠡᠢ ᠲᠤᠤᠷ᠎ᠠ ᠨᠡᠬᠦᠷᠡᠰᠦ᠋ᠳᠦᠷᠦᠭᠴᠢᠳᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ | ᠠᠬᠢᠭᠤᠯᠤᠨ᠎ᠠ᠃ | ᠲᠥᠯᠥᠭᠡᠯᠡᠭᠴᠢᠳ ᠡ︕ ᠬᠦᠮᠦᠨ ᠠᠷᠠᠳ ᠪᠠᠶᠢᠭᠠᠯᠢ ᠳᠡᠯᠡᠭᠡᠢ ᠪᠠᠨ ᠬᠠᠶᠢᠷᠠᠯᠠᠪᠠᠰᠤ ᠪᠠᠶᠢᠭᠠᠯᠢ ᠳᠡᠯᠡᠬᠡᠢ ᠬᠦᠮᠦᠨ ᠠᠷᠠᠳ ᠢᠶᠠᠨ ᠢᠪᠡᠭᠡᠨᠡᠮ᠃ ᠪᠢᠳᠡ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠵᠠᠰᠠᠯᠲᠠ | ᠶᠢᠨ ᠨᠡᠶᠢᠲᠡᠯᠢᠭ ᠵᠢᠱᠢᠶ᠎ᠡ ᠶᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠭᠦᠯᠬᠦ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ | ᠬᠥᠭᠵᠢᠭᠦᠯᠬᠦ ᠶᠢ ᠪᠠᠷᠢᠮᠲᠠᠯᠠᠵᠤ᠂ ᠳ᠋ᠦᠩᠱᠧᠩ ᠤᠨ ᠤᠷᠤᠰᠬᠠᠯ ᠤᠰᠤ ᠨᠢ ᠳᠤᠩᠭᠠᠯᠠᠭ᠂ ᠦᠩᠬᠡ ᠦᠵᠡᠮᠵᠢ ᠶᠢ ᠨᠢ ᠳᠡᠬᠦᠰ ᠰᠠᠶᠢᠬᠠᠨ ᠪᠠᠶᠢᠯᠭᠠᠨ᠎ᠠ︕ | ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠬᠦᠯᠬᠦ ᠳᠤ ᠬᠦᠴᠦ ᠪᠠᠨ ᠲᠦᠪᠯᠡᠷᠡᠬᠦᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠦᠷ᠎ᠡ ᠪᠦᠲᠦᠭᠡᠯ ᠤᠨ ᠠᠰᠢᠭ ᠢ ᠲᠠᠰᠤᠷᠠᠯᠲᠠ ᠥᠬᠡᠶ ᠨᠡᠶᠢᠳᠡᠮ ᠬᠦᠷᠲᠡᠭᠡᠨ᠎ᠡ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠨ ᠰᠤᠷᠭᠠᠨ ᠬᠥᠮᠦᠵᠢᠯ ᠢ ᠬᠥᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠤᠨ᠎ᠠ᠃ ︽ᠬᠤᠶᠠᠷ ᠢ | ᠬᠦᠩᠬᠡᠷᠡᠬᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ | ᠰᠢᠯᠢᠳᠡᠭᠵᠢᠬᠦᠯᠦᠨ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠡᠯᠰᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠦᠯᠦᠭᠯᠡᠯᠵᠢᠭᠦᠯᠦᠨ | ᠰᠤᠷᠭᠠᠭᠤᠯᠢ ᠡᠷᠭᠢᠯᠡᠬᠦ᠂ ᠰᠤᠷᠭᠠᠭᠤᠯᠢ ᠶᠢᠨ ᠬᠤᠭᠤᠷᠣᠨᠳᠣᠬᠢ ᠬᠤᠯᠪᠣᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠥᠷᠭᠡᠳᠬᠡᠵᠦ᠂ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠤᠨ᠎ᠠ᠃ ᠱᠧᠩ ᠱᠢ ᠺᠠᠩ ᠴᠧᠩ ᠬᠡᠦᠬᠡᠳ ᠤᠨ ᠴᠡᠴᠡᠷᠯᠢᠭ | ᠪᠠ ᠵᠢᠷᠭᠤᠳᠤᠭᠠᠷ ᠪᠠᠭ᠎ᠠ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ 10 ᠰᠤᠷᠭᠠᠨ ᠬᠥᠮᠦᠵᠢᠯ ᠤᠨ ᠰᠠᠭᠤᠷᠢ ᠳᠦᠬᠦᠭᠡᠷᠦᠮᠵᠢ ᠶᠢᠨ ᠲᠥᠷᠥᠯ | ᠵᠦᠶᠯ ᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠲᠤᠭᠳᠠᠯᠴᠠᠭ᠎ᠠ ᠶᠢᠨ ︽ᠲᠠᠪᠤᠨ ᠡᠩᠨᠡᠭᠡ︾ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠦᠷᠭᠦᠯᠵᠢᠯᠡᠨ | ᠴᠢᠩᠭᠠᠳᠬᠠᠵᠤ᠂ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠤᠯ ᠤᠨ ︽ᠲᠦᠷᠪᠡᠨ ᠵᠦᠶᠯ ᠤᠨ ᠢᠨᠵᠧᠨᠧᠷᠢᠩ︾ ᠢ ᠨᠢᠭᠡᠳᠦᠯᠲᠡᠶ ᠲᠥᠯᠥᠪᠯᠡᠨ | ᠠᠬᠢᠭᠤᠯᠵᠤ᠂ 510 ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠠᠪᠴᠢᠷᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠬᠢᠷᠢ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠤᠯᠤᠰ | ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ | ᠡᠩ ᠤᠨ ᠦᠨᠳᠦᠷ ᠳᠤᠮᠳᠠᠳᠤ ᠶᠢᠨ ᠰᠤᠷᠭᠠᠨ ᠬᠥᠮᠦᠵᠢᠯ ᠤᠨ ᠠᠭᠤᠰᠤᠯᠴᠠᠯ᠂ ᠠᠵᠤ ᠦᠶᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠰᠢᠨᠵᠢᠯᠡᠬᠦ ᠤᠬᠠᠭᠠᠨ | ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠰᠢᠯᠢᠳᠡᠭᠵᠢᠭᠦᠯᠬᠦ ᠠᠵᠢᠯᠯᠠᠭ᠎ᠠ︾ ᠶᠢ ᠭᠦᠨᠵᠡᠭᠡᠶ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ | ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ | ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢ ᠲᠡᠩᠴᠡᠭᠦᠷᠢᠲᠡᠶ ᠪᠠᠶᠢᠷᠢᠯᠠᠭᠤᠯᠬᠤ ᠶᠢ ᠠᠬᠢᠭᠤᠯᠵᠤ᠂ ᠲᠤᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶᠠᠨ ᠤ ᠲᠠᠪᠤᠨ ᠶᠡᠭᠡ ᠡᠮᠴᠢᠯᠡᠭᠡᠨ ᠤ ᠲᠥᠪ᠂ ᠭᠤᠤᠯᠳᠠᠯᠭ᠎ᠠ ᠲᠠᠢ ᠰᠢᠨᠵᠢᠯᠡᠭᠡᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠂ ᠲᠤᠭᠤᠷᠢᠭ ᠤᠨ | ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ | ᠤᠨ ᠦᠶᠯᠡᠴᠢᠯᠡᠭᠡᠨ ᠤ ᠲᠥᠪ ᠢ ᠥᠭᠡᠷᠡᠴᠢᠯᠡᠵᠦ ᠲᠠᠰ ᠳᠡᠪᠰᠢᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ︽ᠡᠮᠴᠢᠯᠡᠭᠡᠨ ᠤ ᠬᠤᠯᠪᠣᠭᠠᠲᠤ ᠴᠣᠭᠴᠠ︾᠂ | ︽ᠡᠮᠴᠢᠯᠡᠭᠡᠨ ᠤ ᠬᠠᠮᠲᠤ ᠶᠢᠨ ᠴᠣᠭᠴᠠ︾ ᠪᠠ ︽ᠡᠮᠴᠢᠯᠡᠭᠡᠨ ᠤ ᠪᠦᠯᠦᠭᠯᠡᠯ︾ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠥᠨᠳᠥᠷ᠂ ᠨᠠᠷᠢᠯᠢᠭ᠂ | ᠣᠷᠣᠶᠢᠯᠠᠭᠰᠠᠨ︾ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ | ᠮᠡᠨᠳᠦ︾ ᠶᠢ ᠭᠦᠨᠵᠡᠭᠡᠶ ᠠᠬᠢᠭᠤᠯᠤᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠳᠡᠭᠡᠭᠰᠢ ᠳᠣᠷᠣᠭᠰᠢ ᠨᠡᠪᠲᠡᠷᠡᠬᠦ ᠶᠢ ᠠᠬᠢᠭᠤᠯᠵᠤ᠂ ᠣᠯᠠᠨ ᠲᠦᠮᠡᠨ ᠳᠤ | ᠬᠡᠷ ᠲᠤ ᠪᠠᠨ ᠰᠠᠭᠤᠵᠤ ᠪᠠᠶᠢᠭᠠᠳ ᠴᠢᠨᠠᠷ ᠰᠠᠶᠢᠲᠠᠶ ᠡᠮᠴᠢᠯᠡᠭᠡᠨ ᠤ ᠦᠶᠯᠡᠴᠢᠯᠡᠭᠡ ᠶᠢ ᠬᠦᠷᠳᠡᠬᠡᠬᠦ ᠪᠤᠯᠭᠠᠨ᠎ᠠ᠃ ᠬᠢᠲᠠᠳ ᠮᠣᠩᠭᠤᠯ ᠡᠮᠨᠡᠯᠭᠡ ᠶᠢᠨ ᠣᠨᠴᠠᠯᠢᠭᠲᠤ | ᠳᠠᠪᠠᠭᠤᠯᠢᠭ ᠲᠤ ᠲᠦᠰᠢᠭᠯᠡᠨ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠦᠨᠳᠦ ᠶᠡᠭᠡ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠡᠮᠨᠡᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠲᠤ ᠴᠤᠭᠴᠠᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠶ | ᠥᠷᠨᠢᠭᠦᠯᠵᠦ᠂ ᠪᠥᠬᠦ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠲᠠᠢ ᠪᠣᠯᠭᠠᠨ᠎ᠠ᠃ | ᠰᠣᠶᠣᠯ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠶᠡᠬᠡᠪᠡᠷ ᠠᠬᠢᠭᠤᠯᠤᠨ᠎ᠠ᠃ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ | ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠪᠣᠳᠠᠰ ᠤᠨ | ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠪᠡᠶᠡᠴᠢᠯᠡᠨ ᠣᠶᠢᠯᠠᠭᠠᠬᠤ ᠣᠷᠳᠣᠨ ᠢ ᠪᠦᠳᠦᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ | ᠪᠣᠳᠠᠰ ᠤᠨ ᠪᠤᠰᠤ ᠰᠣᠶᠣᠯ ᠤᠨ ᠥᠪ ᠤᠨ ᠤᠬᠤᠷ ᠵᠦᠴᠦᠬᠡ ᠰᠣᠳᠣᠨ ᠵᠦᠴᠦᠭᠡ ᠶᠢ ᠨᠠᠶᠢᠷᠠᠭᠤᠯᠤᠨ ᠵᠤᠬᠢᠶᠠᠨ᠎ᠠ᠃ ᠰᠣᠶᠣᠯ ᠤᠨ ᠣᠷᠳᠣᠨ᠂ ᠨᠣᠮ ᠤᠨ ᠰᠠᠩ | ᠤᠨ ᠶᠡᠷᠦᠩᠬᠡᠶ ᠬᠤᠪᠢᠶᠠᠷᠢ ᠣᠷᠳᠣᠨ ᠪᠣᠯᠤᠨ ᠲᠣᠭᠠᠴᠢᠯᠠᠭᠰᠠᠨ ᠰᠣᠶᠣᠯ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠪᠦᠬᠦ | ᠠᠷᠠᠳ ᠤᠨ ᠨᠣᠮ ᠤᠩᠰᠢᠬᠤ ᠶᠢ ᠠᠬᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠲᠠᠢ | ᠤᠶᠠᠯᠳᠤᠭᠤᠯᠤᠨ᠂ ᠰᠣᠳᠣᠨ ᠤᠷᠠᠨ ᠰᠠᠶᠢᠬᠠᠨ ᠤ ᠲᠣᠭᠯᠠᠯᠲᠠ ᠪᠠ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ ᠨᠠᠶᠢᠷᠠᠭᠤᠯᠤᠨ ᠵᠣᠬᠢᠶᠠᠨ᠎ᠠ᠃ ᠮᠥᠰᠥ | ᠴᠠᠰᠤᠨ ᠤ ᠨᠠᠶᠢᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠰᠣᠶᠣᠯ ᠤᠨ ᠨᠠᠶᠢᠷ᠂ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ ᠵᠡᠷᠭᠡ ᠰᠣᠶᠣᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠣᠶᠤᠨ ᠤ ᠪᠤᠯᠪᠠᠰᠤᠨ ᠤ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠪᠡᠶ᠎ᠡ ᠶᠢᠨ | ᠲᠠᠮᠢᠷ ᠤᠨ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠂ ᠪᠥᠬᠦ ᠠᠷᠠᠳ ᠤᠨ ᠡᠷᠡᠭᠦᠯ ᠴᠢᠭᠢᠷᠠᠭ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠭᠦᠨ ᠠᠭᠤᠰᠤᠯᠴᠠᠬᠤ ᠶᠢ ᠠᠬᠢᠭᠤᠯᠤᠨ᠎ᠠ᠃ | | ᠠᠷᠠᠳ ᠤᠨ ᠠᠮᠢᠳᠤᠷᠠᠯ ᠤᠨ ᠦᠨᠳᠦᠰᠦᠨ ᠵᠦᠶᠯ ᠢ ᠪᠠᠲᠤᠯᠠᠬᠤ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠦᠬᠦ ᠠᠷᠠᠳ ᠢ | ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠦᠯᠦᠪᠵᠢᠬᠦᠯᠦᠭᠰᠡᠨ᠂ ᠭᠤᠣᠯᠴᠢ ᠪᠥᠭᠡᠳ ᠨᠢᠭᠡᠳᠦᠯᠲᠡᠶ᠂ ᠠᠮᠤᠷ ᠲᠦᠪᠰᠢᠨ ᠪᠥᠭᠡᠳ ᠵᠢᠷᠤᠮᠵᠢᠭᠤᠨ᠂ | ᠦᠷᠬᠦᠯᠵᠢᠯᠡᠬᠦᠶᠢᠴᠡ ᠣᠯᠠᠨ ᠳᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠠᠵᠢᠯ | ᠣᠯᠭᠤᠯᠲᠠ ᠶᠢ ᠪᠠᠲᠤᠯᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ | ᠬᠥᠮᠦᠰ ᠤᠨ ᠦᠶᠯᠡᠰ ᠴᠣᠭᠴᠠᠯᠠᠵᠤ ᠠᠵᠢᠯ ᠤᠯᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠪᠠᠶᠢᠩᠭᠤᠵᠢᠭᠤᠯᠤᠨ ᠬᠠᠨᠳᠤᠯᠭ᠎ᠠ ᠲᠠᠢ ᠪᠠᠷ ᠦᠷᠨᠢᠬᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠪᠥᠬᠦ ᠵᠢᠯ | ᠳᠤ ᠠᠳᠠᠭ ᠲᠤ ᠪᠠᠨ 5300 ᠬᠦᠮᠦᠨ ᠳᠤ ᠠᠵᠢᠯ ᠤᠯᠭᠤᠵᠤ᠂ ᠠᠵᠢᠯ ᠦᠭᠡᠢ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠬᠡᠬᠦ ᠶᠢ ᠪᠠᠲᠤᠯᠠᠨ᠎ᠠ᠃ ᠰᠢᠨ᠎ᠡ ᠱᠠᠳᠤ | ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠰᠤᠲᠠᠶᠢᠴᠤᠳ | ᠪᠣᠯᠤᠨ ᠰᠠᠭᠤᠷᠢ ᠴᠢᠨᠠᠷᠲᠠᠢ ᠡᠪᠡᠳᠴᠢᠨ ᠲᠠᠢ ᠬᠦᠮᠦᠰ ᠤᠨ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠠᠳᠬᠤᠨ᠂ ᠡᠷᠡᠭᠦᠯ ᠮᠡᠨᠳᠦ ᠶᠢ ᠬᠦᠴᠦᠯᠡᠨ ᠪᠠᠲᠤᠯᠠᠵᠤ᠂ | ᠬᠦᠨᠳᠦ ᠡᠪᠡᠳᠴᠢᠯᠡᠬᠦ ᠶᠢ ᠰᠡᠷᠭᠡᠶᠢᠯᠡᠨ᠎ᠡ᠃ ︽ᠨᠠᠰᠤᠲᠠᠨ ᠪᠠ ᠬᠡᠦᠬᠡᠳ︾ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ | ᠲᠣᠭᠤᠷᠢᠭ ᠤᠨ ᠨᠠᠰᠤᠲᠠᠶᠢᠴᠤᠳ ᠤᠨ ᠶᠡᠷᠦᠩᠬᠡᠶᠢᠯᠡᠭᠰᠡᠨ ᠦᠢᠯᠡᠴᠢᠯᠡᠬᠦ ᠲᠥᠪ ᠪᠠ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ 15 ᠮᠢᠨᠦ᠋ᠲ ᠤᠨ ᠨᠠᠰᠤᠵᠢᠯ ᠤᠨ ᠦᠢᠯᠡᠴᠢᠯᠡᠭᠡᠨ ᠤ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ | ᠶᠢ ᠠᠬᠢᠭᠤᠯᠤᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠡᠶᠢᠭᠡᠮ ᠤᠨ ᠠᠪᠤᠷᠠᠨ | ᠲᠤᠰᠠᠯᠠᠬᠤ᠂ ᠬᠠᠷᠠᠭᠠᠯᠵᠠᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠤᠷᠵᠠᠩ ᠨᠠᠭᠤᠷ ᠤᠨ ᠣᠨᠴᠠ ᠬᠦᠴᠢᠷᠳᠡᠯᠲᠡᠶ ᠬᠥᠮᠦᠰ | ᠢ ᠠᠪᠤᠷᠠᠨ ᠳᠤᠰᠠᠯᠠᠬᠤ ᠲᠥᠪ ᠤᠨ ᠲᠥᠷᠥᠯ ᠵᠦᠶᠯ ᠤᠨ ᠬᠤᠶᠠᠳᠤᠭᠠᠷ ᠬᠤᠭᠤᠴᠠᠭ᠎ᠠ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ︕ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠡᠷᠡᠮᠡᠯᠵᠡᠯ ᠤᠨ ᠲᠦᠯᠦᠬᠡ ᠦᠷᠬᠦᠯᠵᠢᠯᠡᠨ ᠡᠷᠡᠯᠬᠡᠭᠯᠡᠨ ᠲᠡᠮᠡᠴᠡᠰᠤᠭᠡᠢ᠃ ᠪᠢᠳᠡ | ᠠᠷᠠᠳ ᠤᠨ ᠠᠮᠢᠳᠤᠷᠠᠯ ᠤᠨ ᠪᠣᠳᠠᠲᠠᠢ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠤᠯᠠᠨ ᠲᠦᠮᠡᠨ ᠤ ᠬᠠᠮᠤᠭ ᠠᠴᠠ | ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠬᠦ ᠠᠴᠠ ᠡᠬᠢᠯᠡᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠠᠰᠠᠭ ᠤᠨ ᠣᠷᠳᠣᠨ ᠤ ᠠᠷᠠᠳ | ᠲᠦᠮᠡᠨ ᠤ ᠲᠥᠯᠥᠭᠡ ᠪᠠᠶᠢᠬᠤ ᠲᠠᠷᠬᠠᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ︕ | ︵ᠨᠠᠶᠮᠠ︶ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠬᠦᠴᠦᠨ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠲᠤᠯᠠᠭ᠎ᠠ | ᠶᠢ ᠲᠠᠰᠤᠷᠠᠯᠲᠠ ᠥᠬᠡᠶ ᠴᠢᠩᠭᠠᠳᠬᠠᠨ᠎ᠠ᠃ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ᠃ ᠮᠥᠩᠭᠦᠨ ᠭᠦᠶᠯᠭᠡᠭᠡᠨ ᠤ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠥᠨᠳᠥᠷ ᠪᠦᠲᠦᠮᠵᠢᠲᠡᠶ ᠲᠤᠭᠳᠠᠯᠴᠠᠭ᠎ᠠ ᠶᠢ ᠢᠳᠡᠪᠬᠢᠲᠡᠶ ᠪᠠᠷ ᠪᠠᠶᠢᠭᠤᠯᠵᠤ᠂ ᠣᠷᠣᠨ ᠨᠤᠲᠤᠭ ᠤᠨ ᠮᠥᠩᠭᠦᠨ | ᠭᠦᠶᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠨᠢᠭᠡ ᠠᠵᠢᠯ ᠲᠥᠷᠥᠯ ᠳᠤ ᠨᠢᠭᠡ ᠠᠷᠭ᠎ᠠ | ᠪᠣᠳᠣᠯᠭ᠎ᠠ ᠠᠪᠬᠤ︾ ᠶᠢ ᠪᠠᠷᠢᠮᠲᠠᠯᠠᠵᠤ᠂ ᠲᠦᠭᠰᠢᠭᠦᠷᠢ ᠶᠡᠬᠡᠲᠡᠶ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠰᠢᠶᠳᠪᠦᠷᠢᠯᠡᠬᠦ ᠠᠵᠢᠯ ᠢ ᠠᠬᠢᠭᠤᠯᠤᠨ᠎ᠠ᠃ ᠭᠠᠵᠠᠷ | ᠰᠢᠷᠣᠶ ᠶᠢ ᠰᠢᠯᠵᠢᠬᠦᠯᠬᠦ᠂ ᠡᠳ᠋ ᠬᠥᠷᠥᠩᠭᠡ ᠶᠢ ᠪᠡᠯᠡᠨ ᠵᠣᠭᠤᠰ ᠪᠣᠯᠭᠠᠬᠤ᠂ ᠵᠢᠭᠡᠯᠡᠯᠭᠡ ᠶᠢ ᠰᠲ᠋ᠣᠺ ᠪᠣᠯᠭᠠᠬᠤ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ | ᠲᠥᠷᠥᠯ ᠵᠦᠶᠯ ᠢ ᠢᠯᠭᠠᠷᠠᠭᠤᠯᠤᠨ ᠪᠤᠳᠤᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠠᠪᠴᠤ᠂ 43.6 ᠳ᠋ᠦᠩᠰᠢᠭᠤᠷ ᠲᠥᠭᠦᠷᠢᠭ ᠤᠨ ᠣᠨ ᠤ ᠥᠷᠢ | ᠥᠭᠴᠡᠭᠡ ᠶᠢ ᠢᠯᠭᠠᠷᠠᠭᠤᠯᠬᠤ ᠡᠭᠦᠷᠭᠡ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠤᠨ | ︽ᠤᠯᠠᠭᠠᠨ ᠱᠤᠭᠤᠮ ᠠᠴᠠ ᠤᠬᠤᠷᠢᠬᠤ︾ ᠶᠢ ᠲᠦᠷᠭᠡᠳᠬᠡᠨ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠬᠦᠰᠬᠡᠬᠦ ᠬᠤᠷᠢᠭ᠎ᠠ ᠱᠤᠭᠤᠮ ᠢ | ᠡᠷᠡᠰ ᠰᠠᠬᠢᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ᠵᠥᠷᠢᠴᠡᠯ ᠪᠠ ᠠᠰᠠᠭᠤᠳᠠᠯ ᠢ ᠪᠦᠬᠦ ᠬᠦᠴᠦᠨ ᠢᠶᠠᠷ ᠰᠢᠢᠳᠪᠤᠷᠢᠯᠡᠨ᠎ᠡ᠃ ᠭᠡᠷ ᠪᠠᠶᠢᠰᠢᠩ | ᠭᠠᠵᠠᠷ ᠬᠦᠷᠦᠩᠭᠡ ᠶᠢᠨ ᠬᠦᠷᠢᠶ᠎ᠡ ᠴᠠᠷᠠᠨ ᠳᠠᠬᠢ ᠦᠯᠡᠳᠡᠭᠳᠡᠯ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠡᠷ ᠪᠠᠶᠢᠰᠢᠩ | ᠭᠠᠵᠠᠷ ᠬᠦᠷᠦᠩᠭᠡ ᠶᠢᠨ ︽ᠭᠤᠷᠪᠠᠨ ᠬᠦᠴᠢᠷ︾᠂ ︽ᠬᠠᠭᠠᠰ ᠳᠤᠳᠠᠭᠤ ᠤᠷᠬᠢᠭᠰᠠᠨ︾᠂ ︽ᠨᠢᠭᠡ ᠭᠡᠷ ᠢ ᠤᠯᠠᠨᠳᠠ ᠬᠤᠳᠠᠯᠳᠤᠭᠰᠠᠨ︾ ᠵᠡᠷᠭᠡ ᠤᠯᠠᠨ ᠲᠦᠮᠡᠨ | ᠤ ᠠᠰᠢᠭ ᠲᠤᠰᠠ ᠳᠤ ᠬᠤᠯᠪᠣᠭᠳᠠᠬᠤ ︽ᠳᠤᠪᠤᠶᠢᠮ᠎ᠠ ᠬᠦᠴᠢᠷ ᠠᠰᠠᠭᠤᠳᠠᠯ︾ ᠢ ᠬᠠᠤᠯᠢ ᠲᠣᠭᠲᠠᠭᠠᠯ ᠶᠣᠰᠣᠭᠠᠷ ᠲᠣᠬᠢᠲᠠᠢ ᠰᠢᠢᠳᠪᠦᠷᠢᠯᠡᠵᠦ᠂ ᠭᠡᠷ ᠪᠠᠶᠢᠰᠢᠩ ᠢ | ᠳᠤᠰᠢᠶᠠᠬᠤ ᠶᠢ ᠪᠠᠳᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠨ᠎ᠡ᠃ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ︽ᠬᠡᠷ ᠪᠠᠶᠢᠰᠢᠩ ᠢ ᠰᠠᠭᠤᠬᠤ ᠳᠤ ᠬᠡᠷᠡᠭᠯᠡᠨ᠎ᠡ ᠬᠠᠷᠢᠨ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠬᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠭᠠᠵᠠᠷ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠶᠯᠡᠰ ᠤᠨ ᠰᠢᠨ᠎ᠡ ᠬᠥᠭᠵᠢᠯᠲᠡ ᠶᠢᠨ | ᠵᠠᠭᠪᠤᠷ ᠲᠡᠶᠢᠰᠢ ᠲᠣᠭᠲᠠᠭᠤᠨ ᠢᠶᠠᠷ ᠰᠢᠯᠵᠢᠬᠦ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠨᠡᠶᠢᠲᠡᠯᠢᠭ | ᠵᠢᠱᠢᠶ᠎ᠡ ᠶᠢ ᠪᠠᠶᠢᠭᠤᠯᠬᠤ ᠳᠤ ᠴᠢᠭᠯᠡᠬᠦᠯᠵᠤ᠂ ︽ᠠᠮᠤᠷ ᠠᠮᠤᠭᠤᠯᠠᠩ ᠳ᠋ᠦᠩᠱᠧᠩ︾᠂ ︽ᠪᠥᠬᠦ ᠤᠯᠤᠰ ᠤᠨ ᠬᠠᠮᠤᠭ ᠤᠨ ᠠᠮᠤᠷ ᠲᠦᠪᠰᠢᠨ ᠬᠤᠲᠠ︾ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ | ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠬᠡᠯᠬᠢᠶ᠎ᠡ ᠪᠠᠷ ᠴᠣᠬᠢᠯᠲᠠ | ᠥᠭᠴᠦ᠂ ᠠᠮᠤᠷ ᠠᠮᠤᠭᠤᠯᠠᠩ ᠳ᠋ᠦᠩᠱᠧᠩ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠭᠦᠷᠡᠰᠦᠨ ᠠᠭᠤᠷᠬᠠᠶ᠂ | ᠪᠠᠷᠢᠯᠭ᠎ᠠ ᠶᠢᠨ ᠠᠵᠢᠯ᠂ ᠠᠶᠤᠯᠲᠠᠶ ᠬᠢᠮᠢ ᠶᠢᠨ ᠪᠣᠳᠠᠰ᠂ ᠢᠳᠡᠭᠡᠨ ᠪᠠ ᠡᠮ ᠤᠨ ᠵᠤᠶᠢᠯ᠂ ᠭᠠᠯ ᠤᠨ ᠠᠶᠤᠯ ᠤᠨ ᠰᠡᠷᠬᠡᠶᠢᠯᠡᠯᠳᠠ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶ᠎ᠡ ᠴᠠᠷᠠᠨ ᠳᠠᠬᠢ ᠠᠶᠤᠯᠬᠦᠢ ᠦᠶᠯᠡᠳᠪᠦᠷᠢᠯᠡᠯ ᠤᠨ ᠵᠢᠭᠰᠠᠭᠠᠨ ᠪᠠᠶᠢᠴᠠᠭᠠᠯᠲᠠ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠦᠨᠡᠨ ᠬᠦ ᠴᠢᠩᠭᠠᠳᠬᠠᠨ᠂ ᠬᠦᠨᠳᠦ ᠨᠤᠴᠢᠳᠠᠢ ᠠᠮᠤᠷ ᠲᠦᠪᠰᠢᠨ ᠤ ᠠᠳᠡᠯ ᠥᠯᠥ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠲᠠᠪᠤᠨ | ᠨᠡᠶᠢᠬᠡᠮ ᠬᠤᠯᠪᠣᠭᠠᠯᠠᠨ ᠬᠥᠳᠡᠯᠦᠯᠴᠡᠬᠦ︾ ᠶᠢ ᠭᠦᠨᠵᠡᠭᠡᠶᠢᠷᠡᠭᠦᠯᠦᠨ᠂ ᠵᠥᠷᠢᠴᠡᠯ ᠵᠢᠭᠤᠷᠠᠯᠳᠤᠭᠠᠨ ᠢ ᠨᠢᠭᠡ ᠥᠷᠲᠡᠭᠡᠴᠢᠯᠡᠭᠰᠡᠨ ᠮᠠᠶ᠋ᠢᠭ ᠤᠨ ᠵᠣᠬᠢᠴᠠᠭᠤᠯᠤᠨ | ᠰᠢᠶᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠵᠥᠷᠢᠴᠡᠯ ᠢ ᠡᠬᠢ ᠡᠭᠦᠰᠦᠯ ᠠᠴᠠ ᠨᠢ᠂ | ᠵᠢᠭᠤᠷᠠᠯᠳᠤᠭᠠᠨ ᠢ ᠦᠨᠳᠦᠰᠦᠨ ᠠᠴᠠ ᠨᠢ ᠦᠨᠡᠨᠬᠦ ᠰᠢᠶᠳᠪᠦᠷᠢᠯᠡᠨ᠎ᠡ᠃ | ᠲᠥᠯᠥᠭᠡᠯᠡᠭᠴᠢᠳ ᠡ︕ ᠬᠦᠨᠳᠦ ᠨᠤᠴᠢᠳᠠᠢ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠬᠦᠯᠬᠦ ᠶᠢᠨ ᠤᠷᠢᠲᠠᠯ ᠮᠥᠨ᠂ ᠪᠢᠳᠡ | ᠰᠢᠰᠲ᠋ᠧᠮ ᠤᠨ ᠦᠵᠡᠯᠲᠡ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠨᠡᠩ ᠶᠡᠭᠡ ᠡᠷᠴᠢᠮ ᠪᠠ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯ | ᠲᠦᠭᠰᠢᠭᠦᠷᠢ ᠶᠢ ᠰᠡᠷᠭᠡᠶᠢᠯᠡᠨ᠂ ᠲᠣᠭᠲᠠᠭᠤᠨ ᠪᠠᠶᠢᠳᠠᠯ ᠢ ᠪᠠᠲᠤᠯᠠᠵᠤ᠂ ᠠᠵᠤ ᠠᠬᠤᠢ ᠨᠡᠶᠢᠭᠡᠮ ᠤᠨ ᠤᠷᠳᠤ ᠤᠳᠠᠭᠠᠨ ᠬᠥᠭᠵᠢᠯᠲᠡ ᠶᠢ ᠠᠬᠢᠭᠤᠯᠤᠨ᠎ᠠ᠃ | | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | | ᠰᠢᠨ᠎ᠡ ᠠᠶᠠᠯᠠᠯ ᠳᠤ ᠰᠢᠨ᠎ᠡ ᠡᠭᠦᠷᠭᠡᠯᠡᠯ ᠲᠠᠢ᠂ ᠰᠢᠨ᠎ᠡ ᠡᠬᠦᠷᠭᠡᠯᠡᠯ ᠢᠶᠠᠷ ᠢᠶᠠᠨ ᠰᠢᠨ᠎ᠡ ᠪᠦᠳᠦᠮᠵᠢ ᠶᠢ ᠡᠬᠦᠳᠤᠰᠤᠬᠡᠢ᠃ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠠᠴᠠ ᠳᠤᠷᠠᠳᠤᠭᠰᠠᠨ ︽ᠲᠤᠯᠤᠭ᠎ᠠ ᠶᠢ ᠲᠠᠶᠠᠭᠳᠠᠬᠤ︾ ᠲᠠᠢ ᠬᠠᠷᠭᠤᠭᠤᠯᠵᠤ᠂ ᠠᠰᠠᠭᠤᠳᠠᠯ ᠢ ᠵᠠᠳᠠᠯᠤᠨ᠂ ᠰᠢᠯᠲᠠᠭᠠᠨ ᠢ ᠭᠦᠨᠵᠡᠭᠡᠢ ᠠᠭᠤᠳᠠᠯᠵᠤ᠂ ᠴᠠᠭ ᠦᠶ᠎ᠡ ᠳᠤ | ᠦᠯᠦ ᠲᠤᠬᠢᠷᠠᠬᠤ ᠵᠦᠢᠯ ᠢ ᠡᠷᠡᠰ ᠲᠠᠶᠠᠭᠳᠠᠨ᠂ ᠵᠥᠪ ᠬᠥᠭᠵᠢᠯᠲᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠪᠦᠬᠦ | ᠤᠯᠤᠰ ᠤᠨ ᠲᠡᠷᠢᠭᠦᠨ ᠵᠡᠷᠭᠡ ᠶᠢᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠴᠢᠷᠮᠠᠶᠢᠯᠳᠠ ᠲᠠᠢ᠂ ᠴᠢᠨᠠᠷ ᠲᠠᠢ᠂ ᠪᠦᠲᠦᠮᠵᠢ ᠲᠠᠢ ᠠᠵᠢᠯᠯᠠᠬᠤ ᠤᠪᠤᠷ ᠢᠶᠠᠷ | ᠢᠶᠠᠨ ᠦᠢᠯᠡᠰ ᠢᠶᠠᠨ ᠴᠤᠭᠴᠠᠯᠠᠨ ᠪᠦᠳᠦᠭᠡᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠳ᠋ᠦᠩᠱᠧᠩ ᠤᠨ ᠡᠬᠦᠷᠭᠡᠯᠡᠯ | ᠬᠠᠷᠢᠭᠤᠴᠠᠯᠭ᠎ᠠ ᠪᠠ ᠵᠢᠳᠬᠦᠯ ᠴᠢᠷᠮᠠᠶᠢᠯᠭ᠎ᠠ ᠶᠢ ᠢᠯᠡᠷᠡᠬᠦᠯᠦᠨ᠎ᠡ᠃ | ︵ᠨᠢᠭᠡ︶ ᠦᠨᠡᠨᠴᠢ ᠰᠢᠳᠤᠷᠭᠤ ᠪᠠᠶᠢᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠣᠱᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠲᠦᠷᠪᠡᠨ ᠤᠬᠠᠮᠰᠠᠷ︾ ᠢ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢ | ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠎ᠡ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠬᠦᠷᠢᠶ᠎ᠡ ᠴᠠᠷ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠳᠡᠭᠡᠳᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ | ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠳᠤᠯᠠᠨ᠂ ᠪᠣᠳᠠᠲᠤ ᠠᠵᠢᠯᠯᠠᠭ᠎ᠠ ᠳᠡᠭᠡᠷ᠎ᠡ ᠪᠠᠨ ᠤᠭ ᠵᠤᠷᠢᠯᠳᠠ ᠶᠢ ᠪᠠᠷᠢᠮᠳᠠᠯᠠᠵᠤ᠂ ᠡᠬᠦᠷᠭᠡᠯᠡᠨ ᠬᠠᠷᠢᠭᠤᠴᠠᠬᠤ ᠤᠪᠤᠷ ᠢᠶᠠᠷ ᠦᠨᠡᠨᠴᠢ ᠰᠢᠳᠤᠷᠭᠤ ᠪᠠᠨ | ᠬᠠᠷᠠᠭᠤᠯᠤᠨ᠎ᠠ᠃ | ︵ᠬᠤᠶᠠᠷ︶ ᠪᠣᠳᠠᠲᠠᠢ ᠪᠠᠷ ᠠᠵᠢᠯᠯᠠᠬᠤ ᠶᠢ ᠴᠢᠬᠤᠯᠠᠴᠢᠯᠠᠬᠤ ᠶᠢ ᠪᠠᠷᠢᠮᠳᠠᠯᠠᠨ᠎ᠠ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ | ᠣᠷᠳᠣᠨ ᠤ ᠠᠵᠢᠯ ᠤᠨ ᠬᠠᠲᠠᠭᠤ ᠰᠠᠬᠢᠯᠭ᠎ᠠ ᠪᠣᠯᠭᠠᠵᠤ᠂ ︽ᠬᠦᠯᠢᠶᠡᠵᠦ ᠪᠤᠯᠤᠮ᠎ᠠ ᠦᠭᠡᠢ︾ ᠲᠤᠯᠭᠠᠮ᠎ᠠ ᠰᠡᠳᠬᠢᠯᠭᠡ᠂ ︽ᠬᠤᠶᠢᠰᠢᠯᠠᠭᠤᠯᠵᠤ ᠪᠤᠯᠤᠰᠢ ᠦᠭᠡᠢ︾ | ᠲᠦᠭᠰᠢᠭᠦᠷᠢᠲᠦ ᠰᠡᠳᠬᠢᠯᠭᠡ ᠪᠣᠯᠤᠨ ︽ᠤᠪᠠᠶᠢᠯᠠᠬᠤ ᠦᠭᠡᠢ ᠪᠠᠶᠢᠵᠤ ᠦᠯᠤ ᠪᠤᠯᠬᠤ︾ ᠬᠠᠷᠢᠭᠤᠴᠠᠯᠭᠠᠲᠤ ᠰᠡᠳᠬᠢᠯᠭᠡ ᠶᠢ ᠪᠣᠶ ᠪᠣᠯᠭᠠᠵᠤ᠂ ᠪᠣᠳᠠᠲᠠᠶ ᠶᠢ ᠡᠷᠬᠢᠮᠯᠡᠬᠦ᠂ | ᠬᠠᠷᠢᠭᠤᠴᠠᠯᠭ᠎ᠠ ᠡᠭᠦᠷᠭᠡᠯᠡᠬᠦ᠂ ᠪᠣᠳᠠᠲᠠᠶ ᠠᠵᠢᠯᠯᠠᠬᠤ ᠶᠢ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ ᠪᠤᠯᠭᠠᠨ᠎ᠠ᠃ ᠠᠷᠠᠳ | ᠲᠦᠮᠡᠨ ᠢ ᠳᠡᠭᠡᠳᠦᠯᠡᠬᠦ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠤᠳᠠᠳᠠᠢ ᠪᠣᠯᠭᠠᠨ ᠬᠤᠪᠢᠷᠠᠭᠤᠯᠵᠤ᠂ | ︽ᠪᠣᠳᠠᠲᠠᠶ ᠶᠢ ᠡᠷᠬᠢᠮᠯᠡᠭᠰᠡᠨ ᠵᠠᠰᠠᠭ ᠤᠨ ᠣᠷᠳᠣᠨ︾ ᠤ ᠳᠦᠷᠢ ᠲᠥᠷᠬᠦ ᠶᠢ ᠪᠠᠳᠤ ᠪᠠᠬᠢ ᠪᠤᠢ ᠪᠤᠯᠭᠠᠨ᠎ᠠ᠃ | ︵ᠭᠤᠷᠪᠠ︶ ᠠᠮᠵᠢᠯᠲᠠ ᠪᠦᠲᠦᠮᠵᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ︽ᠡᠳᠤᠷ ᠤᠨ ᠠᠵᠢᠯ ᠢ ᠡᠳᠤᠷ ᠲᠤᠨᠢ ᠳᠠᠭᠤᠰᠬᠠᠬᠤ︾ ᠦᠷ᠎ᠡ | ᠪᠦᠳᠦᠮᠵᠢ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ | ᠰᠢᠢᠳᠪᠤᠷᠢᠯᠡᠵᠤ᠂ ᠵᠠᠰᠠᠭ ᠤᠨ ᠣᠷᠳᠣᠨ ᠤ ᠰᠢᠰᠲ᠋ᠧᠮ ᠤᠨ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠶᠢᠯᠠᠭᠠᠬᠤ ᠰᠡᠳᠬᠢᠬᠦᠢ ᠪᠠᠨ | ᠴᠢᠩᠭᠠᠳᠬᠠᠵᠤ᠂ ᠬᠦᠴᠢᠷ ᠪᠡᠷᠬᠡᠰᠢᠶᠡᠯ ᠳᠤ ᠰᠢᠯᠲᠠᠭ ᠡᠷᠢᠬᠦ ᠦᠭᠡᠢ᠂ ᠠᠮᠵᠢᠯᠳᠠ ᠶᠢᠨ ᠲᠥᠯᠥᠭᠡ ᠠᠷᠭ᠎ᠠ ᠪᠣᠳᠣᠵᠤ᠂ ᠦᠨᠡᠨ ᠬᠦ ᠬᠦᠴᠢᠷ ᠶᠠᠪᠤᠳᠠᠯ ᠢ ᠪᠦᠲᠦᠭᠡᠵᠦ᠂ | ᠬᠢᠪᠡᠯ ᠵᠣᠬᠢᠬᠤ ᠶᠠᠪᠤᠳᠠᠯ ᠢ ᠰᠠᠶᠢᠲᠤᠷ ᠬᠢᠵᠦ᠂ ᠡᠷᠬᠡᠪᠰᠢ ᠬᠢᠬᠦ ᠶᠠᠪᠤᠳᠠᠯ ᠢ ᠭᠢᠯᠠᠯᠵᠠᠲᠠᠯ᠎ᠠ ᠬᠢᠨ᠎ᠡ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠱᠠᠩᠨᠠᠨ ᠵᠣᠷᠢᠭᠵᠢᠭᠤᠯᠬᠤ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠷᠮ᠎ᠠ ᠵᠤᠷᠢᠭ ᠢ ᠬᠥᠭᠵᠢᠭᠡᠵᠦ᠂ | ︽ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ︾ ᠢᠶᠠᠷ ᠦᠷᠳᠡᠭ ᠤᠨ ᠬᠦᠭᠡᠭᠡᠴᠡᠯᠳᠦᠯ ᠢᠶᠠᠨ ᠪᠤᠯᠭᠠᠨ᠎ᠠ᠃ | ︵ᠳᠥᠷᠪᠡ︶ ᠬᠠᠤᠯᠢᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢᠵᠢᠯ ᠤᠨ | ᠰᠡᠳᠬᠢᠬᠦᠶ᠂ ᠬᠠᠤᠯᠢᠵᠢᠯ ᠤᠨ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ ᠶᠢ | ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯ ᠤᠨ ᠬᠠᠤᠯᠢᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠦᠬᠦ ᠶᠠᠪᠤᠴᠠ ᠳᠤ ᠠᠷᠠᠳ ᠤᠨ | ᠠᠷᠠᠳᠴᠢᠯᠠᠯ ᠢ ᠤᠶᠢᠯᠡᠳᠦᠯᠬᠡᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ | ᠬᠠᠤᠯᠢ ᠶᠣᠰᠣᠭᠠᠷ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ᠂ ᠨᠡᠶᠢᠭᠡᠮ ᠤᠨ ᠬᠢᠨᠠᠯᠲᠠ | ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠂ ᠬᠤᠲᠠ | ᠶᠢᠨ ᠠᠷᠠᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠣᠯᠠᠨ ᠨᠡᠶᠢᠲᠡ ᠶᠢᠨ | ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ︽ᠬᠠᠤᠯᠢᠵᠢᠯ ᠵᠠᠰᠠᠭ ᠤᠨ ᠣᠷᠳᠣᠨ︾ ᠤ ᠳᠦᠷᠢ ᠳᠦᠷᠬᠦ ᠶᠢ ᠨᠠᠩ ᠢᠯᠡ ᠲᠣᠳᠣ ᠪᠣᠯᠭᠠᠨ᠎ᠠ᠃ | ︵ᠲᠠᠪᠤ︶ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠷ ᠰᠠᠭᠤᠷᠢ ᠪᠣᠯᠭᠠᠬᠤ ᠶᠢ ᠪᠠᠷᠢᠮᠲᠠᠯᠠᠨ᠎ᠠ᠃ ︽ᠬᠤᠶᠠᠷ ᠤᠷᠳᠤ ᠬᠤᠭᠤᠴᠠᠭ᠎ᠠ ᠪᠠᠷ ᠣᠷᠣᠰᠢᠬᠤ︾ | ︽ᠬᠤᠶᠠᠷ ᠡᠭᠦᠷᠢᠳᠡ ᠵᠤᠬᠰᠤᠰᠢ ᠦᠭᠡᠢ ᠪᠠᠶᠢᠬᠤ︾ ᠶᠢ ᠪᠠᠲᠤ ᠴᠡᠭᠡᠵᠢᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠳᠡᠬᠦᠯᠳᠡᠷᠵᠢᠬᠦᠯᠦᠨ᠎ᠡ᠃ | ᠰᠠᠬᠢᠯᠭ᠎ᠠ ᠪᠠᠲᠤ ᠶᠢ ᠢᠮᠠᠭᠲᠠ ᠲᠡᠷᠢᠭᠦᠨ ᠳᠤ ᠲᠠᠯᠪᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢ ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠰᠦᠪ ᠤᠨ ᠬᠡᠷᠡᠭᠵᠢᠭᠦᠯᠦᠯᠲᠡ ᠶᠢ ᠴᠢᠩᠭ᠎ᠠ | ᠪᠥᠭᠡᠳ ᠨᠠᠷᠢᠯᠢᠭ ᠠᠳᠬᠤᠵᠤ᠂ ᠬᠢᠨᠠᠨ ᠪᠤᠳᠤᠬᠤ ᠬᠢᠨᠠᠯᠲᠠ ᠳᠠᠯᠪᠢᠬᠤ ᠶᠢ ᠨᠡᠶᠢᠳᠡᠮ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ | ᠴᠠᠷ᠎ᠠ᠂ ᠵᠠᠩᠭᠢᠯᠠᠭ᠎ᠠ ᠶᠢᠨ ᠭᠤᠭᠴᠤᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠦᠬᠡᠨᠴᠡ ᠲᠤᠷᠤᠢ᠂ ᠠᠯᠵᠠᠭᠤ ᠵᠠᠯᠬᠠᠭᠤ᠂ ᠳᠦᠯᠬᠢᠨ | ᠬᠤᠶᠢᠰᠢᠯᠠᠭᠤᠯᠬᠤ︾᠂ ︽ᠰᠤᠯᠠ ᠵᠠᠳᠠᠭᠠᠢ᠂ ᠤᠳᠠᠭᠠᠯᠢᠭ᠂ ᠬᠤᠪᠳᠤᠭ ᠰᠢᠨᠤᠬᠠᠢ︾ ᠪᠠ ᠳᠤᠰᠢᠶᠠᠯ ᠡᠬᠦᠷᠭᠡᠯᠡᠭᠡᠳ ᠠᠵᠢᠯ ᠬᠢᠬᠦ ᠦᠭᠡᠢ᠂ ᠳᠤᠷ᠎ᠠ ᠪᠠᠷ ᠢᠶᠠᠨ | ᠦᠢᠯᠡᠳᠬᠦ ᠶᠢ ᠡᠷᠡᠰ ᠢᠶᠠᠷ ᠵᠠᠯᠬᠠᠭᠠᠨ ᠰᠢᠳᠭᠡᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ︽ᠠᠷᠢᠭᠤᠨ ᠴᠢᠬᠡᠴᠢ ᠵᠠᠰᠠᠭ ᠤᠨ ᠣᠷᠳᠣᠨ︾ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ | ᠲᠥᠯᠥᠭᠡᠯᠡᠭᠴᠢᠳ ᠡ᠂ ᠠᠷᠠᠳ ᠲᠦᠮᠡᠨ ᠤ ᠢᠳᠡᠭᠡᠯ ᠬᠦᠰᠡᠯ ᠢ ᠮᠦᠷᠦᠨ ᠳᠡᠭᠡᠷ᠎ᠡ ᠪᠠᠨ ᠡᠬᠦᠷᠭᠡᠯᠡᠵᠤ ᠪᠠᠶᠢᠬᠤ ᠲᠤᠯᠠ ᠡᠷᠡᠯᠬᠡᠭᠯᠡᠨ ᠲᠡᠮᠡᠴᠡᠵᠤ ᠬᠠᠷᠢᠭᠤᠴᠠᠬᠤ | ᠴᠢᠬᠤᠯᠠᠳᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠤ ᠶᠡᠭᠡ | ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭ ᠶᠡᠭᠡ ᠡᠷᠡᠮᠡᠬᠡᠶᠢᠯᠡᠨ ᠤᠷᠤᠭᠰᠢᠯᠠᠬᠤ ᠬᠦᠴᠦᠨ ᠢᠶᠠᠨ ᠨᠢᠭᠳᠠᠷᠠᠭᠤᠯᠤᠨ᠂ ᠳ᠋ᠦᠩᠱᠧᠩ ᠤᠨ ᠰᠢᠨ᠎ᠡ | ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠩ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠤᠭᠤᠷᠢᠭ ᠲᠤ ᠦᠨᠳᠦᠰᠦᠯᠡᠬᠦᠯᠦᠨ ᠴᠡᠴᠡᠭᠯᠡᠬᠦᠯᠵᠤ ᠦᠷ᠎ᠡ ᠪᠦᠳᠦᠮᠵᠢ ᠭᠠᠷᠭᠠᠨ᠎ᠠ᠃ | | ᠨᠡᠷᠡᠰ ᠤᠨ ᠲᠠᠶᠢᠯᠪᠤᠷᠢ | ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ᠄ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠭᠰᠠᠨ ᠲᠣᠰᠬᠠᠢ ᠠᠵᠢᠯᠯᠠᠭ᠎ᠠ ᠪᠤᠯᠤᠨ᠎ᠠ᠂ ᠭᠤᠣᠯᠳᠠᠭᠤ ᠵᠦᠪᠰᠢᠶᠡᠷᠡᠭᠦᠯᠬᠦ ᠪᠤᠶᠤ ᠨᠦᠬᠦᠨ ᠵᠦᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ ︽ᠬᠠᠭᠠᠰ | ᠲᠣᠳᠠᠭᠤ ᠣᠷᠬᠢᠭᠰᠠᠨ︾ ᠪᠠᠷᠢᠯᠭ᠎ᠠ᠂ ᠰᠣᠯᠠ ᠲᠠᠯᠪᠢᠵᠣ ᠪᠠᠶᠢᠭ᠎ᠠ ᠭᠠᠵᠠᠷ ᠰᠢᠷᠤᠢ᠂ ᠡᠳ᠋ ᠤᠨ ᠵᠠᠰᠠᠭ ᠤᠨ ᠲᠣᠨᠣᠮᠠᠯ ᠪᠡᠯᠡ ᠮᠥᠩᠭᠦ᠂ ᠨᠡᠭᠡᠭᠡᠯᠲᠡ ᠶᠢᠨ ᠲᠣᠭᠤᠷᠢᠭ | ᠤᠨ ᠪᠦᠲᠦᠭᠡᠨ ᠪᠠᠶᠢᠭᠤᠯᠣᠯᠲᠠ ᠵᠡᠷᠭᠡ ᠲᠠᠪᠣᠨ ᠲᠠᠯ᠎ᠠ ᠶᠢ ᠲᠣᠶᠢᠯᠪᠣᠷᠢᠲᠠᠢ ᠪᠠᠶᠢᠴᠠᠭᠠᠬᠤ ᠶᠢ ᠵᠢᠭᠠᠵᠣ ᠪᠤᠢ᠃ | ︽ᠭᠤᠷᠪᠠ ᠶᠢ ᠦᠭᠡᠶᠢᠰᠬᠡᠬᠦ︾ ᠠᠵᠢᠯᠯᠠᠭ᠎ᠠ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠶᠢᠬᠤ ᠦᠭᠡᠢ᠂ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠬᠤ ᠦᠭᠡᠢ᠂ ᠡᠭᠦᠳᠦᠯᠲᠡ ᠶᠢᠨ ᠲᠤᠰᠬᠠᠶ ᠠᠰᠢᠭ ᠪᠠᠶᠢᠬᠤ ᠦᠭᠡᠢ ᠪᠠᠶᠢᠳᠠᠯ ᠢ | ᠦᠭᠡᠶᠢᠰᠭᠡᠬᠦ ︽ᠭᠤᠷᠪᠠ ᠶᠢ ᠦᠭᠡᠶᠢᠰᠬᠡᠬᠦ︾ ᠶᠢ ᠵᠢᠭᠠᠵᠤ ᠪᠣᠶ᠃ | ︽ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠣᠳᠠᠭᠠᠨ︾᠄ ︽ᠭᠤᠷᠪᠠᠨ ᠣᠯᠠᠨ︾ ᠭᠡᠳᠡᠭ ᠨᠢ ᠬᠤᠷᠠᠯ ᠣᠯᠠᠨ᠂ ᠠᠵᠢᠯᠯᠠᠭ᠎ᠠ ᠤᠯᠠᠨ᠂ ᠭᠠᠳᠠᠭᠰᠢ | ᠭᠠᠷᠬᠤ ᠨᠢ ᠤᠯᠠᠨ ᠢ ᠵᠢᠭᠠᠵᠤ ᠪᠤᠢ︔ ︽ᠭᠤᠷᠪᠠᠨ ᠴᠦᠬᠡᠨ︾ ᠭᠡᠳᠡᠭ ᠨᠢ ᠪᠠᠶᠢᠴᠠᠭᠠᠨ ᠰᠣᠳᠣᠯᠣᠯᠲᠠ ᠶᠢᠨ ᠮᠡᠳᠡᠭᠦᠯᠦᠯᠲᠡ ᠴᠦᠬᠡᠨ᠂ ᠠᠵᠢᠯ ᠤᠨ ᠰᠡᠳᠭᠢᠴᠡ | ᠴᠦᠬᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠦᠬᠡᠨ ᠪᠠᠶᠢᠬᠤ ᠶᠢ ᠵᠢᠭᠠᠵᠤ ᠪᠤᠢ︔ ︽ᠭᠤᠷᠪᠠᠨ ᠣᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ | ᠲᠣᠭᠳᠠᠭᠠᠬᠤ ᠨᠢ ᠣᠳᠠᠭᠠᠨ᠂ ᠠᠵᠢᠯᠯᠠᠭ᠎ᠠ ᠠᠪᠬᠤ ᠨᠢ ᠣᠳᠠᠭᠠᠨ᠂ ᠦᠷ᠎ᠡ ᠳ᠋ᠦᠩ ᠨᠢ ᠣᠳᠠᠭᠠᠨ ᠪᠠᠶᠢᠬᠤ ᠶᠢ ᠵᠢᠭᠠᠵᠣ ᠪᠣᠢ᠃ | ︽ᠬᠤᠶᠠᠷ ᠢ ᠬᠦᠩᠬᠡᠷᠡᠬᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠬᠡᠲᠦ ᠬᠦᠨᠳᠦ ᠳᠠᠰᠬᠠᠯ ᠤᠨ | ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢ ᠵᠢᠭᠠᠵᠤ ᠪᠣᠶ᠃ | ︽ᠲᠠᠪᠤᠨ ᠶᠡᠭᠡ ᠡᠭᠦᠷᠭᠡ︾᠄ ᠨᠠᠮ ᠤᠨ ᠠᠷᠪᠠᠨ ᠨᠠᠢᠮᠠᠳᠣᠭᠠᠷ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠢ ᠱᠦᠵᠢ ᠣᠷᠢᠳ ᠬᠤᠵᠢᠳ ᠦᠪᠦᠷ | ᠮᠣᠩᠭᠤᠯ ᠳᠤ 7 ᠣᠳᠠᠭ᠎ᠠ ᠴᠢᠬᠤᠯᠠ ᠶᠠᠷᠢᠶ᠎ᠠ ᠲᠠᠯᠪᠢᠵᠣ᠂ ᠦᠪᠦᠷ ᠮᠣᠩᠭᠤᠯ ᠢ ᠮᠠᠨ ᠤ ᠤᠯᠤᠰ ᠤᠨ ᠣᠮᠠᠷᠠᠲᠣ ᠶᠢᠨ ᠠᠮᠢ ᠠᠬᠤᠢ ᠶᠢᠨ ᠠᠮᠣᠷ ᠲᠦᠪᠰᠢᠨ ᠤ | ᠴᠢᠬᠤᠯᠠ ᠬᠠᠯᠬᠠᠪᠴᠢ᠂ ᠡᠬᠡ ᠣᠯᠣᠰ ᠤᠨ ᠣᠮᠠᠷᠠᠲᠣ ᠬᠢᠯᠢ ᠶᠢᠨ ᠠᠮᠣᠷ ᠲᠦᠪᠰᠢᠨ ᠲᠣᠭᠳᠠᠭᠤᠨ ᠤ ᠬᠠᠯᠬᠠᠪᠴᠢ᠂ ᠤᠯᠣᠰ ᠤᠨ ᠡᠨᠧᠷᠭᠢ ᠪᠠ ᠪᠠᠶᠢᠯᠳᠣᠬᠤ | ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ᠂ ᠣᠯᠣᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ | ᠤᠨ ᠴᠢᠬᠤᠯᠠ ᠰᠠᠭᠤᠷᠢᠨ ᠭᠠᠵᠠᠷ᠂ ᠣᠯᠣᠰ ᠤᠨ ᠣᠮᠠᠷᠠᠰᠢ ᠪᠠᠨ ᠴᠢᠯᠦᠭᠡᠲᠡᠢ ᠶᠠᠪᠣᠯᠴᠠᠬᠤ ᠴᠢᠬᠤᠯᠠ ᠬᠦᠬᠦᠷᠭᠡ ᠶᠢᠨ ᠪᠠᠬᠢᠯᠡᠯᠲᠡ ᠪᠤᠯᠭᠠᠨ ᠪᠦᠲᠦᠭᠡᠨ ᠪᠠᠶᠢᠭᠤᠯᠣᠨ᠎ᠠ | ᠭᠡᠵᠦ ᠪᠠᠶᠢᠯᠳᠣᠬᠤ ᠪᠤᠳᠤᠯᠭ᠎ᠠ ᠶᠢᠨ ᠪᠠᠶᠢᠷᠢ ᠲᠣᠭᠳᠠᠭᠠᠯᠲᠠ ᠶᠢ ᠵᠠᠯᠭᠠᠪᠠᠷ ᠳᠣᠷᠠᠳᠣᠨ ᠭᠠᠷᠭᠠᠵᠤ᠂ ᠦᠪᠦᠷ ᠮᠤᠩᠭᠤᠯ ᠳᠤ ᠠᠵᠢᠯᠯᠠᠭᠠᠨ ᠤ ᠬᠦᠲᠦᠯᠪᠦᠷᠢ ᠶᠢ | ᠲᠣᠭᠳᠠᠭᠠᠨ ᠦᠭᠴᠡᠢ᠃ | ︽ᠭᠤᠷᠪᠠᠨ ᠳᠦᠷᠪᠡ︾ ᠶᠢᠨ ᠬᠠᠷᠠᠯᠲᠠ ᠡᠭᠦᠷᠭᠡ᠄ ᠡᠨᠧᠷᠭᠢ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠢᠮᠠᠭᠠᠨ | ᠨᠤᠤᠯᠤᠭᠤᠷ ᠵᠡᠷᠭᠡ ᠳᠦᠷᠪᠡᠨ ᠳᠡᠯᠡᠬᠡᠢ ᠶᠢᠨ ᠳᠡᠰ ᠤᠨ ᠠᠵᠤ ᠦᠢᠯᠡᠰ ᠢ ᠴᠣᠭᠴᠠᠯᠠᠵᠤ᠂ ᠠᠮᠢ ᠠᠬᠤᠢ ᠶᠢᠨ ᠵᠠᠰᠠᠯᠲᠠ᠂ ᠪᠣᠯᠪᠠᠰᠣᠨ ᠬᠤᠲᠠ᠂ ᠬᠠᠮᠲᠣ ᠪᠠᠷ | ᠴᠢᠨᠡᠭᠡᠯᠢᠭᠵᠢᠬᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠡᠷᠭᠡ ᠣᠯᠣᠰ ᠤᠨ ᠳᠦᠷᠪᠡᠨ ᠬᠡᠪ ᠳᠠᠭᠤᠷᠢᠶᠠᠯ ᠢ ᠪᠦᠲᠦᠭᠡᠨ ᠪᠠᠶᠢᠭᠤᠯᠵᠣ᠂ ᠲᠡᠷᠢᠬᠦᠨ ᠤ | ᠰᠢᠨ᠎ᠡ ᠶᠢ ᠡᠭᠦᠳᠬᠦ ᠠᠮᠢ ᠠᠬᠤᠢ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠲᠡᠷᠢᠭᠦᠨ ᠤ ᠬᠤᠲᠠ ᠶᠢᠨ ᠳᠦᠷᠢ ᠲᠦᠷᠬᠦ᠂ ᠲᠡᠷᠢᠭᠦᠨ ᠤ ᠺᠠᠳ᠋ᠷ | ᠤᠨ ᠡᠩᠨᠡᠭᠡ ᠵᠡᠷᠭᠡ ᠪᠦᠬᠦ ᠤᠯᠤᠰ ᠤᠨ ᠳᠦᠷᠪᠡᠨ ᠲᠡᠷᠢᠭᠦᠨ ᠢ ᠡᠭᠦᠳᠬᠦ ᠶᠢ ᠵᠢᠭᠠᠵᠣ ᠪᠣᠢ᠃ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ᠄ ᠮᠠᠨ ᠤ ᠤᠯᠤᠰ ᠤᠨ ᠳᠤᠷᠠᠳᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠬᠤᠶᠠᠷ ᠱᠠᠲᠤᠨ ᠤ ᠲᠡᠮᠡᠴᠡᠬᠦ ᠬᠠᠷᠠᠯᠲᠠ ᠶᠢ ᠵᠢᠭᠠᠵᠤ ᠪᠠᠶᠢᠨ᠎ᠠ᠂ ᠲᠠᠷᠣᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 2030 ᠣᠨ ᠪᠤᠯᠬᠤ ᠳᠤ ᠤᠷᠬᠢᠯ ᠬᠡᠮᠵᠢᠭᠳᠡᠯ ᠳᠤ ᠬᠦᠷᠭᠡᠵᠦ᠂ 2060 ᠣᠨ ᠪᠤᠯᠬᠤ ᠳᠤ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ | ᠪᠡᠶᠡᠯᠡᠭᠦᠯᠬᠦ ᠶᠢ ᠵᠢᠭᠠᠵᠤ ᠪᠤᠢ᠃ | ︽ᠬᠤᠶᠠᠷ ᠭᠤᠶᠢᠪᠢᠰᠢ ᠦᠭᠡᠢ ᠪᠠᠶᠢᠬᠤ ᠶᠢ ᠪᠠᠷᠢᠮᠲᠠᠯᠠᠬᠤ︾᠄ ᠨᠡᠶᠢᠲᠡ ᠶᠢᠨ ᠦᠮᠴᠢᠯᠡᠯ ᠤᠨ ᠠᠵᠣ ᠠᠬᠤᠢ ᠶᠢ ᠭᠤᠶᠢᠪᠢᠰᠢ ᠦᠭᠡᠢ ᠪᠠᠬᠢᠵᠢᠭᠦᠯᠦᠨ | ᠬᠦᠭᠵᠢᠭᠦᠯᠵᠦ᠂ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠶᠢᠨ ᠬᠦᠭᠵᠢᠯᠲᠡ ᠶᠢ ᠭᠤᠶᠢᠪᠢᠰᠢ ᠦᠭᠡᠢ ᠵᠣᠷᠢᠭᠵᠢᠭᠤᠯᠣᠨ ᠳᠡᠮᠵᠢᠵᠦ ᠬᠦᠲᠦᠯᠦᠨ | ᠵᠢᠯᠤᠭᠤᠳᠬᠤ ᠶᠢ ᠵᠢᠭᠠᠵᠤ ᠪᠤᠢ᠃ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ | ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ | ᠪᠠᠶᠢᠳᠠᠯ ᠪᠠ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠠᠶᠠᠭᠠᠷ ᠲᠤ ᠢᠯᠡ ᠨᠡᠶᠢᠲᠡᠯᠡᠬᠦ ᠶᠢ ᠵᠢᠭᠠᠨ᠎ᠠ᠃ | ︽ᠭᠠᠵᠠᠷ ᠪᠠᠶᠢᠪᠠᠯ ᠳᠠᠷᠤᠶ ᠠᠵᠢᠯ ᠢᠶᠠᠨ ᠡᠬᠢᠯᠡᠭᠦᠯᠦᠨ᠎ᠡ︾᠄ ᠬᠤᠲᠠ ᠪᠠᠯᠭᠠᠰᠤᠨ ᠤ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠢᠭᠯᠡᠭᠦᠯᠦᠨ᠂ ᠠᠵᠤ ᠠᠬᠤᠶᠢᠯᠠᠯ ᠨᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ | ᠰᠢᠯᠵᠢᠭᠦᠯᠦᠨ ᠬᠤᠳᠠᠯᠳᠤᠬᠤ ᠭᠡᠷ᠎ᠡ ᠶᠢ ᠬᠠᠩᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠶᠢ ᠳᠠᠩᠰᠠᠯᠠᠭᠤᠯᠬᠤ ᠭᠠᠷᠳᠠᠮ ᠢ ᠣᠯᠵᠤ᠂ ᠠᠵᠤ ᠠᠬᠤᠶᠢᠯᠠᠯ ᠪᠣᠯᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ | ᠵᠦᠢᠯ ᠨᠢ ᠵᠥᠪᠰᠢᠶᠡᠷᠡᠭᠦᠯᠦᠭᠰᠡᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠠᠩᠭᠠᠬᠤ ᠶᠢᠨ ᠬᠠᠮᠲᠤ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠲᠥᠷᠥᠯ | ᠵᠦᠢᠯ ᠳᠤ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠠᠷᠢᠯᠭ᠎ᠠ ᠶᠢᠨ | ᠲᠥᠯᠥᠪᠵᠢᠭᠦᠯᠭᠡ ᠶᠢ ᠵᠥᠪᠰᠢᠶᠡᠷᠡᠬᠦ ᠵᠡᠷᠭᠡ ᠤᠷᠢᠳᠠᠴᠢ ᠭᠠᠷᠳᠠᠮ ᠢ ᠭᠦᠢᠴᠡᠳᠭᠡᠬᠦ ᠪᠠᠷ ᠠᠮᠠᠯᠳᠠᠪᠠᠯ ᠳᠠᠷᠤᠶ ︽ᠤᠷᠢᠳᠠᠪᠠᠷ ᠠᠵᠢᠯ ᠡᠬᠢᠯᠡᠭᠦᠯᠬᠦ ᠮᠡᠳᠡᠭᠳᠡᠯ ᠤᠨ ᠪᠢᠴᠢᠭ︾ | ᠢ ᠭᠦᠢᠴᠡᠳᠭᠡᠵᠦ ᠪᠣᠯᠤᠨ᠎ᠠ᠃ | ︽ᠪᠠᠷᠢᠮᠵᠢᠶᠠᠲᠤ ᠭᠠᠵᠠᠷ︾᠄ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠡᠨᠧᠷᠭᠢ ᠶᠢᠨ ᠦᠨᠡᠯᠡᠯᠲᠡ ᠵᠡᠷᠭᠡ ᠣᠷᠣᠨ ᠪᠦᠰᠡ ᠶᠢᠨ ᠦᠨᠡᠯᠡᠨ | ᠵᠢᠱᠢᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠠᠯᠠ ᠣᠷᠣᠭᠤᠯᠤᠯᠲᠠ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠭᠠᠷᠣᠯᠲᠠ ᠵᠡᠷᠭᠡ | ᠭᠦᠢᠴᠡᠳᠭᠡᠯ ᠲᠤᠭ᠎ᠠ ᠶᠢ ᠠᠪᠴᠤ ᠰᠢᠯᠵᠢᠭᠦᠯᠦᠨ ᠬᠤᠳᠠᠯᠳᠤᠭᠰᠠᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠃ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠭᠰᠡᠨ︾ ᠤ ᠳᠠᠷᠠᠭ᠎ᠠ᠂ ᠭᠠᠵᠠᠷ ᠰᠢᠷᠣᠶ ᠬᠡᠷᠡᠭᠯᠡᠬᠦ ᠠᠵᠤ ᠠᠬᠤᠶᠢᠯᠠᠯ ᠨᠢ ᠭᠠᠵᠠᠷ ᠰᠢᠷᠣᠶ ᠠᠪᠣᠮᠠᠭᠴᠠ ᠳᠠᠷᠤᠶ | ᠠᠵᠢᠯ ᠡᠬᠢᠯᠡᠭᠦᠯᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠬᠢᠨᠠᠨ ᠵᠥᠪᠰᠢᠶᠡᠷᠡᠯ ᠢ ᠳᠠᠭᠢᠵᠤ ᠬᠡᠷᠡᠭᠰᠡᠬᠦ ᠥᠬᠡᠶ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠨᠲᠡ ᠲᠣᠭᠲᠠᠭᠠᠭᠰᠠᠨ ᠪᠠᠷᠢᠮᠵᠢᠶ᠎ᠠ ᠪᠠ ᠬᠠᠤᠯᠢ ᠪᠠᠷ ᠲᠣᠭᠲᠠᠭᠠᠭᠰᠠᠨ ᠨᠥᠬᠦᠴᠡᠯ ᠤᠨ | ᠶᠣᠰᠣᠭᠠᠷ ᠰᠢᠯᠭᠠᠨ ᠬᠤᠷᠢᠶᠠᠵᠤ ᠪᠣᠯᠤᠨ᠎ᠠ᠃ | ᠰᠤᠷᠭᠠᠨ ᠬᠥᠮᠦᠵᠢᠯ ᠤᠨ ᠰᠢᠰᠲ᠋ᠧᠮ ᠤᠨ ︽ᠲᠠᠪᠤᠨ ᠡᠩᠨᠡᠭᠡ︾᠄ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠲᠦᠷᠭᠡᠳᠬᠡᠬᠦ ᠶᠢᠨ ᠲᠥᠯᠥᠭᠡ᠂ ᠳᠡᠰ ᠬᠤᠪᠢᠶᠠᠨ ᠬᠥᠮᠦᠵᠢᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠳᠤᠯᠭᠠᠨ ᠤ ᠬᠡᠯᠪᠡᠷᠢ ᠶᠢᠨ ᠪᠠᠭᠰᠢ ᠶᠢᠨ ᠡᠩᠨᠡᠭᠡ᠂ | ᠣᠶᠤᠨᠴᠢ ᠬᠡᠯᠪᠡᠷᠢ ᠶᠢᠨ ᠠᠩᠭᠢ ᠶᠢᠨ ᠡᠷᠬᠢᠯᠡᠭᠴᠢ ᠶᠢᠨ ᠡᠩᠨᠡᠭᠡ᠂ ᠳᠠᠭᠠᠭᠤᠯᠤᠭᠴᠢ ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ ᠤᠨ ᠡᠩᠨᠡᠭᠡ᠂ ᠲᠤᠰᠬᠠᠶ | ᠮᠡᠷᠭᠡᠵᠢᠯᠲᠡᠨ ᠤ ᠬᠡᠯᠪᠡᠷᠢ ᠶᠢᠨ ᠵᠢᠭᠠᠨ ᠰᠤᠳᠤᠯᠤᠭᠴᠢ ᠶᠢᠨ ᠡᠩᠨᠡᠭᠡ᠂ ᠪᠦᠷᠢᠨ ᠴᠢᠳᠠᠪᠤᠷᠢᠲᠤ ᠬᠡᠯᠪᠡᠷᠢ ᠶᠢᠨ ᠬᠠᠮᠢᠶᠠᠷᠤᠯᠲᠠ ᠶᠢᠨ ᠺᠠᠳ᠋ᠷ ᠤᠨ ᠡᠩᠨᠡᠭᠡᠨ ᠤ | ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ︽ᠳᠥᠷᠪᠡᠨ ᠵᠦᠶᠯ ᠤᠨ ᠢᠨᠵᠧᠨᠧᠷᠢᠩ︾᠄ ᠲᠣᠰ ᠲᠣᠰ ᠳ᠋ᠦᠩᠱᠧᠩ ᠤᠨ | ᠰᠢᠯᠢᠳᠡᠭ ᠬᠢᠴᠢᠶᠡᠯ ᠤᠨ ᠲᠠᠩᠬᠢᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ 2.0᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠰᠤᠷᠭᠠᠨ ᠬᠥᠮᠦᠵᠢᠯ ᠤᠨ | ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠤᠷᠤᠨ ᠤ ᠰᠡᠳᠤᠪ ᠤᠨ ᠲᠥᠷᠥᠯ ᠵᠦᠶᠯ ᠤᠨ ᠢᠨᠵᠧᠨᠧᠷᠢᠩ | ᠪᠣᠯᠤᠨ᠎ᠠ᠃ | ︽ᠡᠮᠨᠡᠯᠭᠡ ᠶᠢᠨ ᠬᠤᠯᠪᠣᠭᠠᠲᠤ ᠴᠣᠭᠴᠠ︾᠄ ᠲᠤᠬᠠᠶᠢᠯᠠᠪᠠᠯ ᠡᠮᠴᠢᠯᠡᠭᠡᠨ ᠤ ᠬᠤᠯᠪᠣᠭᠠᠲᠤ ᠴᠣᠭᠴᠠ᠂ 1 ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ ᠪᠠᠷ ᠲᠣᠯᠣᠭᠠᠶᠢᠯᠠᠬᠤ ᠨᠢᠭᠡᠴᠡ ᠪᠣᠯᠭᠠᠵᠤ᠂ ᠡᠳᠦᠶ ᠲᠡᠳᠦᠶ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ | ᠰᠤᠪᠢᠯᠠᠯᠲᠠ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ ᠵᠡᠷᠭᠡ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠣᠭᠠᠯᠠᠨ᠂ ︽1+X︾ ᠡᠮᠴᠢᠯᠡᠭᠡᠨ ᠤ ᠬᠤᠯᠪᠣᠭᠠᠲᠤ | ᠴᠣᠭᠴᠠ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠢᠯ ᠬᠤᠪᠢᠶᠠᠷᠢᠯᠠᠨ ᠬᠠᠮᠵᠢᠯᠴᠠᠬᠤ ᠬᠠᠮᠢᠶᠠᠷᠤᠯᠲᠠ ᠶᠢᠨ ᠵᠠᠭᠪᠤᠷ ᠢ ᠪᠣᠶ ᠪᠤᠯᠭᠠᠭᠰᠠᠨ ᠢ ᠵᠢᠭᠠᠵᠣ | ᠪᠣᠢ᠃ | ︽ᠡᠮᠨᠡᠯᠭᠡ ᠶᠢᠨ ᠬᠠᠮᠲᠤ ᠶᠢᠨ ᠴᠣᠭᠴᠠ︾᠄ ᠳᠠᠷᠤᠶ ᠡᠮᠴᠢᠯᠡᠭᠡᠨ ᠤ ᠬᠠᠮᠲᠤ ᠶᠢᠨ ᠴᠣᠭᠴᠠ ᠪᠣᠯᠤᠨ᠎ᠠ᠂ ︽ᠲᠣᠭᠤᠷᠢᠭ ᠤᠨ ᠱᠠᠲᠤᠨ ᠤ ᠡᠮᠨᠡᠯᠭᠡ ᠶᠢᠨ | ᠬᠤᠷᠢᠶ᠎ᠠ ᠪᠠᠷ ᠲᠣᠯᠣᠭᠠᠶᠢᠯᠠᠭᠴᠢ ᠪᠣᠯᠭᠠᠵᠤ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠢᠶᠠᠷ ᠵᠠᠩᠭᠢᠯᠠᠭ᠎ᠠ ᠪᠣᠯᠭᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠥᠷᠲᠡᠭᠡ ᠪᠠᠷ ᠰᠠᠭᠤᠷᠢ ᠪᠣᠯᠭᠠᠭᠰᠠᠨ︾ ᠲᠣᠭᠤᠷᠢᠭ᠂ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ᠨᠡᠶᠢᠭᠡᠮ ᠲᠣᠭᠤᠷᠢᠭ ᠭᠤᠷᠪᠠᠨ | ᠱᠠᠲᠤᠨ ᠤ ᠬᠤᠯᠪᠣᠭᠠᠯᠠᠨ ᠬᠥᠳᠡᠯᠦᠯᠴᠡᠬᠦ ᠡᠮᠴᠢᠯᠡᠭᠡᠨ ᠤ ᠦᠢᠯᠡᠴᠢᠯᠡᠭᠡᠨ ᠤ ᠲᠤᠭᠳᠠᠯᠴᠠᠭ᠎ᠠ ᠶᠢ ᠵᠢᠭᠠᠨ᠎ᠠ᠃ | ︽ᠡᠮᠴᠢᠯᠡᠭᠡᠨ ᠤ ᠪᠦᠯᠦᠭᠯᠡᠯ︾᠄ ᠨᠢᠭᠡ ᠤᠷᠤᠨ ᠪᠦᠰᠡ ᠶᠢᠨ ᠲᠣᠳᠣᠷᠠᠬᠢ ᠡᠮᠴᠢᠯᠡᠭᠡᠨ ᠤ ᠡᠬᠢ ᠪᠠᠶᠠᠯᠢᠭ ᠢ ᠴᠡᠭᠴᠡᠯᠡᠨ ᠨᠡᠶᠢᠯᠡᠭᠦᠯᠵᠦ᠂ ᠡᠩ ᠤᠨ ᠪᠠᠶᠢᠳᠠᠯ | ᠳᠤ ᠬᠡᠳᠦᠨ ᠡᠮᠨᠡᠯᠭᠡ ᠶᠢᠨ ᠬᠤᠷᠢᠶ᠎ᠠ ᠪᠤᠶᠤ ᠭᠤᠷᠪᠠᠳᠣᠭᠠᠷ ᠳᠡᠰ ᠤᠨ ᠡᠮᠨᠡᠯᠭᠡ ᠶᠢᠨ ᠬᠤᠷᠢᠶ᠎ᠠ ᠪᠠ ᠠᠯᠢ ᠣᠯᠠᠨ ᠬᠤᠶᠠᠳᠣᠭᠠᠷ ᠳᠡᠰ ᠤᠨ ᠡᠮᠨᠡᠯᠭᠡ ᠶᠢᠨ ᠬᠤᠷᠢᠶ᠎ᠠ᠂ | ᠰᠢᠶᠠᠩ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ︶᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ︵ᠦᠷᠲᠡᠭᠡ︶ ᠪᠠᠷ | ᠪᠦᠷᠢᠯᠳᠦᠬᠦ ᠶᠢᠨ ᠬᠠᠮᠲᠣ ᠬᠠᠷᠢᠭᠤᠴᠠᠯᠭ᠎ᠠ᠂ ᠬᠦᠭᠵᠢᠯᠲᠡ᠂ ᠦᠢᠯᠡᠴᠢᠯᠡᠭᠡ᠂ ᠠᠰᠢᠭ ᠲᠣᠰᠠ ᠶᠢᠨ ᠬᠠᠮᠲᠣ ᠶᠢᠨ ᠴᠣᠭᠴᠠ ᠶᠢ ᠪᠦᠷᠢᠯᠳᠦᠭᠦᠯᠦᠭᠰᠡᠨ ᠢ ᠵᠢᠭᠠᠨ᠎ᠠ᠃ | ︽ᠲᠠᠪᠤᠨ ᠨᠡᠶᠢᠬᠡᠮ ᠬᠠᠮᠲᠤᠷᠠᠨ ᠬᠥᠳᠡᠯᠦᠯᠴᠡᠬᠦ︾᠄ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠨ᠂ ᠨᠡᠶᠢᠭᠡᠮ ᠤᠨ ᠠᠵᠢᠯᠲᠠᠨ ᠢᠶᠠᠷ ᠲᠤᠯᠭᠠᠭᠤᠷᠢᠯᠠᠯ | ᠪᠤᠯᠭᠠᠵᠣ᠂ ᠨᠡᠶᠢᠭᠡᠮ ᠲᠣᠭᠤᠷᠢᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠣ᠂ ᠨᠡᠶᠢᠭᠡᠮ ᠲᠣᠭᠤᠷᠢᠭ ᠤᠨ ᠰᠠᠶᠢᠨ ᠲᠣᠷᠠᠴᠣᠣᠯ ᠢᠶᠠᠷ | ᠬᠠᠪᠰᠤᠷᠤᠮᠵᠢ ᠪᠤᠯᠭᠠᠵᠣ᠂ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠡᠬᠢ ᠪᠠᠶᠠᠯᠢᠭ ᠢᠶᠠᠷ ᠨᠥᠬᠦᠪᠥᠷᠢ ᠪᠣᠯᠭᠠᠭᠰᠠᠨ ᠨᠡᠶᠢᠭᠡᠮ ᠲᠣᠭᠤᠷᠢᠭ | ᠤᠨ ᠰᠢᠨ᠎ᠡ ᠮᠠᠶ᠋ᠢᠭ ᠤᠨ ᠵᠠᠰᠠᠯᠲᠠ ᠶᠢᠨ ᠲᠣᠭᠲᠠᠴᠠ ᠶᠢ ᠵᠢᠭᠠᠵᠤ ᠪᠣᠶ᠃ | ︽ᠳᠣᠯᠣᠭᠠᠨ ᠲᠠᠯ᠎ᠠ ᠶᠢᠨ ᠴᠠᠭ ᠤᠨ ᠪᠠᠶᠢᠳᠠᠯ ᠲᠠᠢ ᠲᠣᠬᠢᠷᠠᠬᠤ ᠦᠭᠡᠢ ᠪᠤᠳᠤᠯ ᠰᠠᠨᠠᠯ ᠪᠠ ᠦᠵᠡᠯᠲᠡ ᠲᠠᠨᠢᠯᠲᠠ︾᠄ ᠲᠣᠬᠠᠶᠢᠯᠠᠪᠠᠯ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ | ᠤ ᠲᠠᠪᠣᠳᠣᠭᠠᠷ ᠣᠳᠠᠭᠠᠨ ᠤ ᠪᠦᠭᠦᠳᠡ ᠬᠤᠷᠠᠯ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ︽ᠪᠢ ᠬᠦᠮᠦᠨ ᠳᠤ | ᠬᠦᠷᠬᠦ ᠦᠭᠡᠢ︾᠂ ︽ᠬᠦᠭᠵᠢᠭᠦᠯᠬᠦ ᠪᠠᠷ ᠶᠡᠭᠡ ᠰᠠᠨᠳᠣᠷᠬᠤ ᠬᠡᠷᠡᠭ ᠦᠭᠡᠢ︾ ᠭᠡᠰᠡᠨ ᠪᠤᠳᠤᠯ᠂ ︽ᠶᠠᠪᠣᠴᠠ ᠶᠢ ᠴᠢᠬᠤᠯᠠᠴᠢᠯᠠᠵᠤ ᠦᠷ᠎ᠡ ᠳ᠋ᠦᠩ ᠢ ᠴᠢᠬᠤᠯᠠᠴᠢᠯᠠᠬᠤ | ᠦᠭᠡᠢ︾ ᠤᠬᠠᠮᠰᠠᠷ᠂ ︽ᠵᠤᠷ ᠪᠠᠶᠢᠬᠤ ᠦᠭᠡᠢ ᠪᠤᠯ ᠡᠮ ᠦᠭᠴᠦ ᠴᠢᠳᠠᠬᠤ ᠦᠭᠡᠢ︾᠂ ︽ᠨᠢᠳᠦᠨ ᠡᠮᠦᠨᠡᠬᠢ ᠪᠠᠨ ᠬᠠᠷᠠᠵᠤ ᠠᠯᠣᠰ ᠢᠷᠡᠭᠡᠳᠦᠢ ᠶᠢ ᠪᠣᠳᠣᠯᠬᠢᠯᠠᠬᠤ | ᠦᠭᠡᠢ︾ ᠰᠡᠳᠭᠢᠬᠦᠢ᠂ ︽ᠭᠤᠭᠴᠤᠭ᠎ᠠ ᠶᠠᠪᠣᠴᠠ ᠶᠢ ᠪᠤᠳᠤᠯᠬᠢᠯᠠᠬᠤ ᠦᠭᠡᠢ ᠬᠢᠷᠢ ᠪᠠᠷᠤᠭ ᠪᠠᠶᠢᠪᠠᠯ ᠪᠤᠯᠴᠢᠬᠠᠬᠤ︾ ᠤᠪᠤᠷ᠂ ︽ᠦᠢᠯᠡᠳᠪᠦᠷᠢᠯᠡᠯ ᠢ | ᠴᠢᠬᠤᠯᠠᠴᠢᠯᠠᠵᠤ ᠡᠵᠡᠩᠨᠡᠯᠲᠡ ᠶᠢ ᠬᠦᠩᠭᠡᠪᠴᠢᠯᠡᠬᠦ︾ ᠦᠵᠡᠯᠲᠡ ᠲᠠᠨᠢᠯᠲᠠ ᠶᠢ ᠵᠢᠭᠠᠵᠤ ᠪᠤᠢ᠃ |