︱ 2023 ᠣᠨ ᠤ 1 ᠰᠠᠷ᠎ᠠ ᠶᠢᠨ 6 ᠤ ᠡᠳᠦᠷ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠬᠡᠷ᠎ᠡ | | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠭᠤᠸ ᠶᠦᠨ ᠱᠧᠩ | | ᠲᠥᠯᠥᠭᠡᠯᠡᠭᠴᠢᠳ ᠠ᠋᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2022 ᠣᠨ ᠤ | ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠲᠥᠰᠥᠪ ︵ᠲᠥᠰᠥᠯ︶ ᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠤ ᠬᠢᠨᠠᠨ ᠵᠥᠪᠯᠡᠭᠦᠯᠬᠦ ᠪᠠᠷ ᠳᠡᠪᠰᠢᠬᠦᠯᠦᠶ᠎ᠡ᠂ ᠲᠣᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠤᠯᠪᠠᠤ︕ | | ᠨᠢᠭᠡ᠂ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ | 2022 ᠣᠨ ᠪᠣᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠲᠡᠰᠢ ᠰᠢᠯᠵᠢᠬᠦ ᠰᠢᠨ᠎ᠡ ᠠᠶᠠᠯᠠᠯ ᠢᠶᠠᠨ ᠡᠬᠢᠯᠡᠬᠦᠯᠬᠦ ᠴᠢᠬᠤᠯᠠ ᠨᠢᠭᠡ ᠵᠢᠯ ᠮᠥᠨ᠂ ᠡᠳ᠋ ᠤᠨ ᠵᠠᠰᠠᠭ ᠤᠨ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠢᠭᠡ ᠵᠢᠯ ᠤᠨ ᠲᠤᠷᠰᠢ᠂ ᠪᠡᠷᠬᠡ ᠪᠤᠳᠤᠯᠢᠶᠠᠨᠲᠠᠢ ᠬᠦᠨᠳᠦ ᠬᠡᠴᠡᠭᠦᠦ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠪᠣᠯᠣᠨ ᠥᠭᠡᠷᠡᠴᠢᠯᠡᠯᠲᠡ ᠬᠦᠭᠵᠢᠬᠦᠯᠦᠯᠳᠡ ᠶᠢ ᠠᠬᠢᠭᠤᠯᠤᠨ ᠲᠣᠭᠲᠠᠭᠤᠨ ᠪᠠᠶᠢᠳᠠᠯ ᠢ ᠪᠠᠳᠤᠯᠠᠬᠤ ᠪᠡᠷᠬᠡ ᠬᠠᠲᠠᠭᠤᠵᠢᠯᠲᠠᠢ ᠬᠦᠨᠳᠦ | ᠡᠭᠦᠷᠭᠡ ᠶᠢᠨ ᠡᠮᠦᠨ᠎ᠡ᠂ ᠡᠳ᠋ ᠤᠨ ᠵᠠᠰᠠᠭ ᠤᠨ ᠠᠵᠢᠯ ᠨᠢ ᠳᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠵᠢᠯᠣᠭᠤᠳᠤᠯᠭ᠎ᠠ ᠪᠤᠯᠤᠨ ᠪᠥᠬᠦ ᠳᠤᠭᠤᠷᠢᠭ ᠤᠨ ᠡᠯ᠎ᠡ | ᠲᠠᠯ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢᠨ ᠠᠮᠤᠷ | ᠲᠦᠪᠰᠢᠨ ᠢ ᠪᠠᠳᠤᠯᠠᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠭᠤᠷᠢᠭ ᠤᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠰᠢᠢᠳᠪᠦᠷᠢ ᠶᠢ ᠴᠢᠩᠭ᠎ᠠ ᠬᠡᠷᠡᠭᠵᠢᠭᠦᠯᠦᠨ᠂ ᠪᠥᠬᠦ ᠳᠤᠭᠤᠷᠢᠭ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠦᠷᠭᠦᠯᠵᠢᠯᠡᠨ | ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠵᠠᠷᠤᠯᠭ᠎ᠠ ᠶᠢ ᠬᠦᠴᠦᠲᠡᠢ | ᠪᠠᠲᠤᠯᠠᠵᠤ᠂ ᠲᠥᠰᠥᠪ ᠢ ᠭᠦᠢᠴᠡᠳᠬᠡᠭᠰᠡᠨ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠨ᠎ᠠ᠃ | ︵ᠨᠢᠭᠡ︶ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ | ⒈ ᠡᠩ ᠤᠨ ᠤᠯᠠᠨ ᠨᠡᠶᠢᠲᠡ ᠶᠢᠨ ᠲᠥᠰᠥᠪ᠃ ᠪᠥᠬᠦ ᠳᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 76.66 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.74 ᠳ᠋ᠦᠩᠰᠢᠭᠤᠷ ᠲᠥᠭᠦᠷᠢᠭ ᠨᠡᠮᠡᠭᠳᠡᠨ᠂ 25.8% ᠪᠠᠷ ᠨᠡᠮᠡᠭᠳᠡᠪᠡ᠃ | ᠳᠡᠭᠡᠳᠦ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢᠨ ᠣᠷᠣᠯᠭ᠎ᠠ ᠶᠢ ᠬᠤᠷᠢᠶᠠᠩᠭᠤᠶᠢᠯᠠᠪᠠᠯ 55.92 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ | ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠣᠷᠣᠯᠭ᠎ᠠ 7.77 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ 1.58 ᠳ᠋ᠦᠩᠰᠢᠭᠤᠷ | ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 68.2 | ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠲᠥᠰᠥᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠦᠩᠬᠦ 4.57 ᠳ᠋ᠦᠩᠰᠢᠭᠤᠷ | ᠲᠥᠭᠦᠷᠢᠭ᠂ ᠪᠦᠬᠦᠶᠢᠯᠡ ᠣᠷᠣᠯᠭ᠎ᠠ ᠨᠢ ᠨᠡᠶᠢᠳᠡ 214.7 ᠳ᠋ᠦᠩᠰᠢᠭᠤᠷ ᠲᠥᠭᠦᠷᠢᠭ ᠪᠣᠯᠣᠨ᠎ᠠ᠃ ᠪᠥᠬᠦ ᠳᠤᠭᠤᠷᠢᠭ ᠤᠨ ᠡᠩ ᠤᠨ ᠣᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠶᠢ 127.78 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.62 ᠳ᠋ᠦᠩᠰᠢᠭᠤᠷ ᠲᠥᠭᠦᠷᠢᠭ | ᠨᠡᠮᠡᠭᠳᠡᠨ᠂ 28.9% ᠪᠠᠷ ᠨᠡᠮᠡᠭᠳᠡᠪᠡ᠃ ᠡᠭᠦᠨ ᠤ ᠳᠡᠭᠡᠷ᠎ᠡ ᠳᠡᠭᠡᠳᠦ ᠱᠠᠲᠤᠨ ᠤ ᠡᠳ᠋ ᠤᠨ ᠵᠠᠰᠠᠭ ᠲᠤ ᠲᠤᠰᠢᠶᠠᠭᠰᠠᠨ ᠵᠠᠷᠤᠯᠭ᠎ᠠ 8.44 ᠳ᠋ᠦᠩᠰᠢᠭᠤᠷ ᠲᠥᠭᠦᠷᠢᠭ | ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠥᠭᠴᠡᠭᠡ ᠶᠢᠨ ᠡᠬᠡ ᠮᠥᠩᠭᠦ ᠶᠢ ᠪᠤᠴᠠᠭᠠᠭᠰᠠᠨ ᠵᠠᠷᠤᠯᠭ᠎ᠠ 64 ᠳ᠋ᠦᠩᠰᠢᠭᠤᠷ ᠲᠥᠭᠦᠷᠢᠭ᠂ ᠲᠥᠰᠥᠪ ᠢ | ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 5.5 ᠳ᠋ᠦᠩᠰᠢᠭᠤᠷ ᠲᠥᠭᠦᠷᠢᠭ ᠳᠤᠬᠢᠷᠠᠭᠤᠯᠤᠭᠰᠠᠨ ᠢ ᠨᠡᠮᠡᠪᠡᠯ᠂ ᠵᠠᠷᠤᠯᠭ᠎ᠠ ᠶᠢ ᠨᠡᠶᠢᠳᠡ 205.72 | ᠳ᠋ᠦᠩᠰᠢᠭᠤᠷ ᠲᠥᠭᠦᠷᠢᠭ ᠲᠣᠬᠢᠷᠠᠭᠤᠯᠵᠠᠢ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ ᠨᠢ 8.98 | ᠳ᠋ᠦᠩᠰᠢᠭᠤᠷ ᠲᠥᠭᠦᠷᠢᠭ ᠲᠤ ᠬᠦᠷᠴᠡᠢ᠃ | ⒉ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ᠃ ᠪᠥᠬᠦ ᠳᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ | ᠣᠷᠣᠯᠭ᠎ᠠ ᠶᠢ 7.26 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.67 ᠳ᠋ᠦᠩᠰᠢᠭᠤᠷ ᠲᠥᠭᠦᠷᠢᠭ ᠨᠡᠮᠡᠭᠳᠡᠨ᠂ 29. | 9% ᠪᠠᠷ ᠨᠡᠮᠡᠭᠳᠡᠪᠡ᠃ ᠳᠡᠭᠡᠳᠦ ᠱᠠᠲᠤᠨ ᠤ ᠨᠥᠬᠦᠪᠦᠷᠢ ᠶᠢᠨ ᠣᠷᠣᠯᠭ᠎ᠠ ᠶᠢ ᠬᠤᠷᠢᠶᠠᠩᠭᠤᠶᠢᠯᠠᠪᠠᠯ 0.22 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 473 ᠲᠦᠮᠡᠨ ᠲᠥᠭᠦᠷᠢᠭ᠂ ᠲᠦᠷᠦᠭᠦᠸ | ᠵᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠣᠷᠣᠯᠭ᠎ᠠ 0.72 ᠳ᠋ᠦᠩᠰᠢᠭᠤᠷ ᠲᠥᠭᠦᠷᠢᠭ᠂ ᠶᠡᠷᠦᠩᠬᠡᠢ ᠣᠷᠣᠯᠭ᠎ᠠ ᠨᠡᠶᠢᠲᠡ 8.25 ᠳ᠋ᠦᠩᠰᠢᠭᠤᠷ | ᠲᠥᠭᠦᠷᠢᠭ ᠪᠣᠯᠣᠨ᠎ᠠ᠃ ᠪᠥᠬᠦ ᠳᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠶᠢ 5.44 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.61 ᠳ᠋ᠦᠩᠰᠢᠭᠤᠷ ᠲᠥᠭᠦᠷᠢᠭ ᠪᠠᠭᠠᠰᠤᠨ᠂ 10.1% ᠪᠠᠷ ᠪᠠᠭᠤᠷᠠᠪᠠ᠃ ᠳᠤᠭᠤᠷᠢᠭ ᠨᠤᠲᠤᠭ ᠤᠨ | ᠵᠠᠰᠠᠭ ᠤᠨ ᠣᠷᠳᠣᠨ ᠤ ᠲᠤᠰᠬᠠᠢ ᠵᠦᠢᠯ ᠤᠨ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 473 ᠲᠦᠮᠡᠨ ᠲᠥᠭᠦᠷᠢᠭ ᠲᠤ ᠬᠦᠷᠴᠦ᠂ 1.41 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠰᠢᠯᠵᠢᠭᠦᠯᠦᠨ ᠭᠠᠷᠭᠠᠵᠤ᠂ ᠵᠠᠷᠤᠯᠭ᠎ᠠ ᠨᠡᠶᠢᠲᠡ 6.9 ᠳ᠋ᠦᠩᠰᠢᠭᠤᠷ ᠲᠥᠭᠦᠷᠢᠭ ᠲᠤ ᠬᠦᠷᠴᠡᠢ᠃ ᠣᠷᠣᠯᠭ᠎ᠠ | ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 1.35 ᠳ᠋ᠦᠩᠰᠢᠭᠤᠷ ᠲᠥᠭᠦᠷᠢᠭ ᠲᠤ ᠬᠦᠷᠴᠡᠢ᠃ | ⒊ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ᠃ ᠪᠥᠬᠦ ᠳᠤᠭᠤᠷᠢᠭ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢ 1712 ᠲᠦᠮᠡᠨ ᠲᠥᠭᠦᠷᠢᠭ ᠪᠡᠶᠡᠯᠡᠭᠦᠯᠵᠦ᠂ ᠲᠦᠷᠦᠭᠦᠸ ᠵᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ | ᠣᠷᠣᠯᠭ᠎ᠠ ᠶᠢ 36 ᠲᠦᠮᠡᠨ ᠲᠥᠭᠦᠷᠢᠭ ᠪᠡᠶᠡᠯᠡᠭᠦᠯᠵᠦ᠂ ᠳᠡᠭᠡᠳᠦ ᠱᠠᠲᠤᠨ ᠤ ᠨᠥᠬᠦᠪᠦᠷᠢ ᠶᠢᠨ ᠣᠷᠣᠯᠭ᠎ᠠ ᠶᠢ 42 ᠲᠦᠮᠡᠨ ᠲᠥᠭᠦᠷᠢᠭ ᠪᠡᠶᠡᠯᠡᠭᠦᠯᠵᠦ᠂ ᠶᠡᠷᠦᠩᠬᠡᠢ | ᠤᠷᠤᠯᠭ᠎ᠠ ᠨᠢ ᠨᠡᠶᠢᠲᠡ 1790 ᠲᠦᠮᠡᠨ ᠲᠥᠭᠦᠷᠢᠭ᠃ ᠪᠥᠬᠦ ᠳᠤᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠵᠠᠷᠤᠯᠭ᠎ᠠ ᠶᠢ 0 ᠲᠦᠮᠡᠨ ᠲᠥᠭᠦᠷᠢᠭ ᠪᠡᠶᠡᠯᠡᠭᠦᠯᠵᠦ᠂ 1712 ᠲᠦᠮᠡᠨ ᠲᠥᠭᠦᠷᠢᠭ ᠤᠨ ᠪᠡᠯᠡ ᠮᠥᠩᠭᠦ ᠶᠢ ᠰᠢᠯᠵᠢᠭᠦᠯᠦᠨ ᠭᠠᠷᠭᠠᠵᠤ᠂ ᠵᠠᠷᠤᠯᠭ᠎ᠠ ᠶᠢ ᠨᠡᠶᠢᠲᠡ | 1712 ᠲᠦᠮᠡᠨ ᠲᠥᠭᠦᠷᠢᠭ ᠵᠠᠷᠤᠴᠠᠭᠤᠯᠪᠠ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 78 ᠲᠦᠮᠡᠨ | ᠲᠥᠭᠦᠷᠢᠭ ᠪᠣᠯᠣᠨ᠎ᠠ᠃ | ⒋ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ᠃ ᠵᠢᠯ ᠤᠨ ᠡᠬᠢᠨ ᠳᠤ ᠪᠥᠬᠦ ᠳᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠶᠢᠨ ᠡᠭᠦᠷᠭᠡ ᠶᠢ 25.16 ᠳ᠋ᠦᠩᠰᠢᠭᠤᠷ ᠲᠥᠭᠦᠷᠢᠭ ᠲᠣᠭᠲᠠᠭᠠᠵᠤ᠂ ᠪᠥᠬᠦ ᠵᠢᠯ ᠳᠤ 25.92 ᠳ᠋ᠦᠩᠰᠢᠭᠤᠷ ᠲᠥᠭᠦᠷᠢᠭ ᠢ ᠪᠡᠶᠡᠯᠡᠭᠦᠯᠪᠡ | ᠃ ᠵᠢᠯ ᠤᠨ ᠡᠬᠢᠨ ᠳᠤ ᠪᠥᠬᠦ ᠳᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 30.7 ᠳ᠋ᠦᠩᠰᠢᠭᠤᠷ ᠲᠥᠭᠦᠷᠢᠭ ᠲᠣᠭᠲᠠᠭᠠᠵᠤ᠂ | ᠪᠥᠬᠦ ᠵᠢᠯ ᠳᠤ 28.38 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠢᠯ ᠤᠨ ᠡᠴᠦᠰ ᠤᠨ ᠬᠤᠷᠠᠮᠳᠤᠯ | ᠦᠯᠡᠳᠡᠪᠦᠷᠢ 29.74 ᠳ᠋ᠦᠩᠰᠢᠭᠤᠷ ᠲᠥᠭᠦᠷᠢᠭ ᠪᠤᠯᠤᠨ᠎ᠠ᠃ ᠳᠡᠭᠡᠷ᠎ᠡ ᠳᠤᠷᠠᠳᠤᠭᠰᠠᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠤᠭ᠎ᠠ ᠪᠠᠷᠢᠮᠲᠠ | ᠨᠢ ᠲᠥᠰᠥᠪ ᠢ ᠭᠦᠢᠴᠡᠳᠬᠡᠭᠰᠡᠨ ᠪᠠᠶᠢᠳᠠᠯ ᠢ ᠦᠨᠳᠦᠰᠦᠯᠡᠨ ᠠᠩᠬ᠎ᠠ ᠠᠯᠬᠤᠮ ᠬᠤᠷᠢᠶᠠᠩᠭᠤᠶᠢᠯᠠᠪᠠ᠂ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠠᠴᠠ ᠲᠥᠰᠥᠪ ᠤᠨ ᠭᠦᠢᠴᠡᠳᠬᠡᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠪᠠᠰᠠ ᠬᠤᠪᠢᠷᠠᠯᠲᠠ ᠲᠠᠢ ᠪᠤᠯ ᠲᠤᠬᠠᠢ ᠶᠢᠨ ᠴᠠᠭ ᠲᠤᠨᠢ ᠬᠠᠤᠯᠢ ᠶᠣᠰᠣᠭᠠᠷ ᠳᠤᠭᠤᠷᠢᠭ | ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠬᠦᠯᠦᠯᠳᠡ ᠬᠢᠨ᠎ᠡ᠃ | ︵ᠬᠤᠶᠠᠷ︶ ᠳᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ | ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ | ⒈ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠪᠠᠲᠤᠯᠠᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ | ᠠᠬᠢᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠂ ᠠᠵᠤ ᠠᠬᠤᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠤᠳᠤᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠵᠡᠭᠦᠯᠬᠦ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠭᠠᠶᠢᠯᠢ ᠶᠢ ᠬᠥᠩᠭᠡᠯᠡᠵᠦ ᠭᠠᠶᠢᠯᠢ ᠶᠢ ᠪᠤᠴᠠᠭᠠᠬᠤ ᠲᠦᠷᠦ ᠶᠢᠨ | ᠪᠣᠳᠣᠯᠭ᠎ᠠ ᠶᠢ ᠨᠠᠷᠢᠯᠢᠠᠠᠵᠢᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠠᠵᠢᠯ ᠲᠦᠷᠦᠯ ᠤᠨ ᠬᠦᠴᠢᠷᠳᠡᠯ ᠢ ᠰᠢᠢᠳᠪᠦᠷᠢᠯᠡᠬᠦ ᠪᠠ ᠠᠷᠠᠳ ᠤᠨ ᠠᠮᠢᠳᠤᠷᠠᠯ ᠢ | ᠪᠠᠲᠤᠯᠠᠬᠤ ᠶᠢ ᠲᠡᠮᠵᠢᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠯ ᠢ ᠪᠦᠲᠦᠮᠵᠢᠲᠡᠶ ᠪᠠᠷ ᠨᠡᠮᠡᠭᠳᠡᠭᠦᠯᠦᠨ᠂ ᠲᠦᠷᠦ ᠶᠢᠨ ᠪᠣᠳᠣᠯᠭ᠎ᠠ ᠶᠢᠨ ᠠᠰᠢᠭ | ᠲᠤᠰᠠ ᠶᠢ ᠲᠦᠷᠭᠡᠪᠴᠢᠯᠡᠨ ᠭᠠᠷᠭᠠᠬᠤ ᠶᠢ ᠦᠨᠡᠨ ᠬᠦ ᠪᠠᠲᠤᠯᠠᠵᠤ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ | ᠪᠦᠬᠦ ᠵᠢᠯ ᠳᠤ 14.22 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠦᠬᠦ ᠰᠢᠰᠲ᠋ᠧᠮ ᠢᠶᠠᠷ ᠢᠶᠠᠨ ᠪᠤᠴᠠᠭᠠᠵᠤ᠂ 1490 ᠠᠵᠤ ᠠᠬᠤᠶᠢᠯᠠᠯ ᠳᠤ ᠠᠰᠢᠭ ᠬᠦᠷᠲᠡᠭᠡᠪᠡ | ᠃ ᠭᠠᠶᠢᠯᠢ ᠶᠢᠨ ᠢᠷᠡᠯᠲᠡ ᠶᠢ ᠪᠣᠶᠢᠵᠢᠭᠤᠯᠬᠤ᠂ ᠳᠡᠭᠡᠳᠦ ᠱᠠᠲᠤᠨ ᠤ ᠡᠳ᠋ ᠤᠨ ᠬᠦᠴᠦᠨ ᠤ ᠳᠡᠮᠵᠢᠯᠭᠡ ᠶᠢ ᠣᠯᠬᠤ᠂ ᠲᠥᠰᠥᠪ ᠢ ᠤᠷᠤᠭᠤᠯᠤᠨ ᠰᠠᠭᠤᠷᠢ ᠮᠥᠩᠭᠦ | ᠶᠢᠨ ᠳᠤᠬᠢᠷᠠᠭᠤᠯᠤᠯᠳᠠ ᠳᠤ ᠰᠢᠯᠵᠢᠭᠦᠯᠦᠨ ᠣᠷᠣᠭᠤᠯᠬᠤ᠂ ᠳᠠᠪᠠᠭᠤᠯᠤᠨ ᠬᠤᠷᠢᠶᠠᠭᠰᠠᠨ ᠣᠷᠣᠯᠭ᠎ᠠ ᠶᠢ ᠬᠠᠤᠯᠢ ᠲᠣᠭᠲᠠᠭᠠᠯ ᠶᠣᠰᠣᠭᠠᠷ ᠬᠡᠷᠡᠭᠯᠡᠬᠦ ᠵᠡᠷᠭᠡ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠪᠠᠷ ᠳᠠᠮᠵᠢᠭᠤᠯᠤᠨ᠂ ᠭᠠᠶᠢᠯᠢ ᠬᠥᠩᠭᠡᠯᠡᠵᠦ ᠭᠠᠶᠢᠯᠢ ᠪᠤᠴᠠᠭᠠᠬᠤ ᠠᠴᠠ ᠪᠣᠯᠤᠭᠰᠠᠨ ᠡᠳ᠋ ᠤᠨ ᠵᠠᠰᠠᠭ ᠤᠨ ᠵᠠᠷᠤᠯᠭ᠎ᠠ ᠶᠢᠨ | ᠳᠠᠷᠤᠯᠲᠠ ᠶᠢ ᠢᠳᠡᠪᠬᠢᠲᠡᠢ ᠪᠠᠷ ᠠᠷᠭᠠᠴᠠᠭᠠᠪᠠ᠃ ᠲᠥᠰᠥᠪ ᠤᠨ ᠭᠦᠢᠴᠡᠳᠭᠡᠯᠲᠡ ᠶᠢᠨ ᠬᠠᠮᠢᠶᠠᠷᠤᠯᠲᠠ ᠪᠠ ᠬᠥᠳᠡᠯᠦᠩᠭᠦᠢ ᠬᠢᠨᠠᠨ ᠡᠵᠡᠮᠳᠡᠯ ᠢ ᠴᠢᠩᠭᠠᠳᠬᠠᠵᠤ᠂ | ᠬᠥᠮᠥᠷᠭᠡ ᠶᠢᠨ ᠵᠣᠭᠤᠰᠤᠨ ᠤ ᠪᠠᠲᠤᠯᠠᠭ᠎ᠠ ᠶᠢ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠲᠥᠰᠥᠪ ᠤᠨ ᠵᠠᠷᠤᠯᠭ᠎ᠠ ᠶᠢᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠪᠠᠷ ᠲᠥᠰᠥᠪ ᠤᠨ ᠭᠦᠢᠴᠡᠳᠭᠡᠯᠲᠡ ᠶᠢᠨ ᠠᠬᠢᠴᠠ ᠶᠢ ᠲᠦᠷᠬᠡᠳᠬᠡᠪᠡ᠃ | ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠲᠣᠭᠲᠠᠴᠠ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠪᠡᠯᠡ ᠮᠦᠩᠬᠦ ᠶᠢ ᠬᠤᠪᠢᠶᠠᠷᠢᠯᠠᠬᠤ᠂ ᠪᠠᠭᠤᠯᠭᠠᠨ | ᠥᠭᠬᠦ ᠪᠠ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠢᠯᠡᠳᠦᠯ ᠢ | ᠪᠦᠲᠦᠮᠵᠢᠲᠡᠶ ᠪᠠᠷ ᠪᠠᠳᠠᠷᠠᠭᠤᠯᠵᠤ᠂ ᠪᠦᠬᠦ ᠵᠢᠯ ᠳᠤ ᠰᠢᠭᠤᠳ ᠬᠦᠷᠬᠦ ᠪᠡᠯᠡ ᠮᠥᠩᠭᠦ ᠶᠢ ᠨᠡᠶᠢᠳᠡ 3.84 ᠳ᠋ᠦᠩᠰᠢᠭᠤᠷ ᠲᠥᠭᠦᠷᠢᠭ ᠬᠡᠷᠡᠭᠯᠡᠵᠦ᠂ ᠪᠡᠯᠡᠨ ᠵᠤᠭᠤᠰ | ᠰᠣᠯᠢᠵᠤ ᠥᠭᠭᠦᠭᠰᠡᠨ ᠨᠤᠷᠮ᠎ᠠ 92.6% ᠳᠤ ᠬᠦᠷᠪᠡ᠃ ᠪᠡᠯᠡ ᠮᠥᠩᠭᠦ ᠶᠢ ᠪᠤᠴᠠᠭᠠᠨ ᠲᠤᠰᠢᠶᠠᠬᠤ ᠶᠢ ᠴᠢᠩᠭ᠎ᠠ ᠠᠳᠬᠤᠵᠤ᠂ ᠲᠠᠩᠰᠠᠨ ᠡᠷᠦᠬᠡ ᠶᠢ | ᠢᠯᠭᠠᠷᠠᠭᠤᠯᠤᠨ ᠳᠢᠭᠯᠡᠬᠦ ᠶᠢ ᠴᠢᠩᠭ᠎ᠠ ᠠᠩᠬᠠᠷᠴᠤ᠂ ᠪᠥᠬᠦ ᠳᠤᠭᠤᠷᠢᠭ ᠲᠤ 1.29 ᠳ᠋ᠦᠩᠰᠢᠭᠤᠷ ᠲᠥᠭᠦᠷᠢᠭ ᠤᠨ ᠳᠠᠷᠤᠭᠳᠠᠭᠰᠠᠨ ᠪᠡᠯᠡ ᠮᠥᠩᠭᠦ ᠶᠢ ᠠᠭᠤᠳᠠᠯᠵᠤ᠂ | 12 ᠲᠠᠩᠰᠠᠨ ᠡᠷᠦᠬᠡ ᠶᠢ ᠬᠦᠴᠦᠨ ᠦᠭᠡᠢ ᠪᠣᠯᠭᠠᠵᠤ᠂ ᠣᠯᠠᠨ ᠨᠡᠶᠢᠲᠡ ᠶᠢᠨ ᠪᠡᠯᠡ ᠮᠥᠩᠭᠦ ᠶᠢᠨ ᠬᠦᠴᠦᠨ ᠢᠶᠠᠨ ᠲᠥᠪᠯᠡᠷᠡᠭᠦᠯᠦᠨ ᠦᠷ᠎ᠡ ᠠᠰᠢᠭ ᠢ ᠨᠡᠮᠡᠭᠳᠡᠬᠦᠯᠵᠤ | ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠢ ᠲᠦᠯᠬᠢᠨ ᠠᠬᠢᠭᠤᠯᠪᠠ᠃ | ⒉ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠬᠡᠭᠰᠢᠯᠡᠬᠦᠯᠪᠡ᠃ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠤᠨᠴᠠᠭᠠᠢ ᠶᠠᠪᠤᠳᠠᠯ ᠢ | ᠤᠨᠴᠠᠭᠠᠢ ᠪᠠᠷ ᠰᠢᠢᠳᠪᠦᠷᠢᠯᠡᠬᠦ᠂ ᠪᠠᠴᠢᠮ ᠶᠠᠪᠤᠳᠠᠯ ᠢ ᠪᠠᠴᠢᠮ ᠢᠶᠠᠷ ᠰᠢᠢᠳᠪᠦᠷᠢᠯᠡᠬᠦ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠰᠠᠭ ᠤᠨ | ᠣᠷᠳᠣᠨ ᠤ ᠬᠤᠳᠠᠯᠳᠤᠨ ᠠᠪᠬᠤ ᠪᠠ ᠪᠡᠯᠡ ᠮᠥᠩᠭᠦ ᠳᠥᠯᠥᠬᠦ ︽ᠰᠠᠭᠠᠳ ᠦᠭᠡᠢ ᠨᠡᠪᠲᠡᠷᠡᠬᠦ ᠵᠠᠮ︾ ᠢ ᠨᠡᠬᠡᠬᠡᠵᠤ᠂ ᠵᠢᠯ ᠤᠨ ᠡᠬᠢᠨ ᠤ ᠲᠥᠰᠥᠪ ᠤᠨ | ᠲᠣᠬᠢᠷᠠᠭᠤᠯᠤᠯᠲᠠ᠂ ᠪᠡᠯᠡᠳᠬᠡᠯ ᠵᠠᠷᠤᠳᠠᠯ ᠢ ᠬᠥᠳᠡᠯᠭᠡᠨ ᠬᠡᠷᠡᠭᠯᠡᠬᠦ᠂ ᠲᠥᠰᠥᠪ ᠢ ᠲᠣᠬᠢᠷᠠᠭᠤᠯᠤᠨ ᠨᠡᠮᠡᠭᠳᠡᠭᠦᠯᠬᠦ᠂ ᠡᠩ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ | ᠵᠢᠴᠢ ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠵᠡᠷᠭᠡ ᠢᠷᠡᠯᠲᠡ ᠪᠠᠷ ᠳᠠᠮᠵᠢᠭᠤᠯᠤᠨ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠬᠥᠮᠥᠷᠭᠡ ᠶᠢᠨ | ᠵᠣᠭᠤᠰ ᠤᠨ ᠪᠠᠲᠤᠯᠠᠭ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠯᠭ᠎ᠠ ᠶᠢ ᠤᠷᠢᠳᠠᠪᠠᠷ ᠪᠠᠳᠤᠯᠠᠪᠠ᠃ ᠪᠦᠬᠦ | ᠵᠢᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ 2.92 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ᠂ ᠰᠠᠭᠤᠭᠠᠯᠢ ᠠᠷᠠᠳ ᠤᠨ ᠸᠠᠺᠼᠢᠨ ᠤ ᠲᠠᠷᠢᠯᠭ᠎ᠠ᠂ ᠳᠤᠰᠭᠠᠷᠯᠠᠬᠤ ᠥᠷᠥᠭᠡ ᠶᠢᠨ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ᠂ ᠪᠠᠭᠤᠳᠠᠯ ᠤᠨ | ᠲᠤᠰᠠᠭᠠᠷᠯᠠᠯ᠂ ᠡᠮᠴᠢᠯᠡᠭᠡᠨ ᠤ ᠡᠳ᠋ ᠪᠣᠳᠠᠰ ᠤᠨ ᠬᠠᠩᠭᠠᠯᠭ᠎ᠠ ᠵᠡᠷᠭᠡ ᠲᠠᠯ᠎ᠠ ᠪᠠᠷ ᠲᠤᠰᠬᠠᠢ ᠳᠡᠮᠵᠢᠯᠭᠡ ᠦᠵᠡᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠶᠡᠭᠡ ᠪᠠᠷ ᠲᠡᠮᠵᠢᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮ ᠡᠮᠨᠡᠯᠭᠡ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠭᠡᠨᠡᠳᠲᠡ | ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠪᠤᠷᠠᠨ ᠵᠠᠰᠠᠬᠤ ᠪᠠ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠦᠢᠯᠡᠳᠪᠦᠷᠢᠯᠡᠵᠦ ᠬᠡᠷᠡᠭᠯᠡᠬᠦ ᠴᠢᠳᠠᠪᠤᠷᠢ ᠶᠢ ᠳᠡᠬᠡᠭᠰᠢᠯᠡᠬᠦᠯᠪᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠨᠥᠬᠦᠪᠦᠷᠢ ᠪᠡᠯᠡ ᠮᠥᠩᠭᠦ ᠶᠢ 4419 ᠲᠦᠮᠡᠨ ᠲᠥᠭᠦᠷᠢᠭ ᠪᠠᠭᠤᠯᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ⒊ᠠᠷᠠᠳ ᠤᠨ ᠠᠮᠢᠳᠤᠷᠠᠯ ᠤᠨ ᠦᠨᠳᠤᠰᠤᠨ ᠪᠠᠳᠤᠯᠠᠭ᠎ᠠ ᠶᠢ ᠰᠠᠶᠢᠵᠢᠷᠠᠭᠤᠯᠵᠤ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠲᠣᠭᠲᠠᠭᠤᠨ ᠢᠶᠠᠷ | ᠳᠡᠬᠡᠭᠰᠢᠯᠡᠬᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠡᠳ᠋ ᠤᠨ ᠬᠦᠴᠦᠨ ᠢ | ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ | ᠵᠠᠷᠤᠯᠭ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠠᠬᠤᠢ ᠶᠢᠨ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠤᠯᠠᠨ ᠳᠤ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠭᠡᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 93.61 ᠳ᠋ᠦᠩᠰᠢᠭᠤᠷ | ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 73.3% ᠶᠢ ᠡᠵᠡᠯᠡᠪᠡ᠃ ︽ᠭᠤᠷᠪᠠ ᠶᠢ ᠪᠠᠲᠤᠯᠠᠬᠤ︾ ᠲᠥᠰᠥᠪ ᠤᠨ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠲᠥᠰᠥᠪ ᠤᠨ ᠲᠣᠬᠢᠷᠠᠭᠤᠯᠤᠯᠲᠠ ᠪᠠ ᠬᠥᠮᠥᠷᠭᠡ ᠶᠢᠨ ᠵᠣᠭᠤᠰ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ︽ᠭᠤᠷᠪᠠ ᠶᠢ | ᠪᠠᠲᠤᠯᠠᠬᠤ︾ ᠶᠢᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠲᠦᠷᠦᠬᠦᠨ ᠳᠤ ᠬᠡᠷᠡᠭᠯᠡᠬᠦ ᠵᠠᠷᠴᠢᠮ ᠢ ᠪᠠᠷᠢᠮᠲᠠᠯᠠᠨ᠂ ︽ᠭᠤᠷᠪᠠ ᠶᠢ ᠪᠠᠲᠤᠯᠠᠬᠤ︾ ᠶᠢᠨ | ᠬᠤᠷᠢᠭ᠎ᠠ ᠱᠤᠭᠤᠮ ᠢ ᠡᠷᠡᠰ ᠪᠠᠲᠤ ᠰᠠᠬᠢᠪᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠬᠦᠴᠢᠷᠳᠡᠯᠲᠡᠢ ᠬᠤᠰᠢᠭᠤ ᠳᠤᠭᠤᠷᠢᠭ ᠲᠤ ᠨᠥᠬᠦᠪᠦᠷᠢ | ᠥᠭᠬᠦ ᠵᠡᠷᠭᠡ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠶᠢ ᠢᠳᠡᠪᠬᠢᠲᠡᠢ ᠡᠷᠡᠮᠡᠯᠵᠡᠯᠡᠨ ᠣᠯᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ | ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠬᠦᠯᠪᠡ᠃ ᠪᠠᠭ᠎ᠠ ᠬᠡᠪᠴᠢᠶᠡᠵᠢᠯ ᠪᠦᠬᠦᠢ ᠭᠠᠶᠢᠯᠢ ᠲᠤᠰᠢᠶᠠᠭᠴᠢ ᠶᠢᠨ ᠦᠷᠳᠡᠭ ᠨᠡᠮᠡᠭᠳᠡᠯ ᠤᠨ ᠭᠠᠶᠢᠯᠢ ᠶᠢ ᠬᠠᠰᠤᠵᠤ | ᠬᠡᠯᠲᠦᠷᠢᠭᠦᠯᠬᠦ ᠪᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶ᠎ᠡ ᠶᠢᠨ ᠴᠢᠨᠠᠷᠲᠠᠢ ᠪᠠᠷ ᠬᠠᠰᠤᠵᠤ ᠬᠡᠯᠲᠦᠷᠢᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠠ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠳᠡᠮᠵᠢᠬᠦ ᠳᠤ ᠨᠡᠶᠢᠳᠡ 1.28 ᠳ᠋ᠦᠩᠰᠢᠭᠤᠷ ᠲᠥᠭᠦᠷᠢᠭ ᠣᠷᠣᠭᠤᠯᠵᠤ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ᠂ ᠠᠵᠤ | ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠵᠡᠷᠭᠡ ᠡᠯ᠎ᠡ ᠲᠦᠷᠦᠯ ᠤᠨ ᠠᠵᠢᠯ ᠣᠯᠭᠤᠯᠲᠠ ᠶᠢᠨ ᠨᠥᠬᠦᠪᠦᠷᠢ ᠪᠡᠯᠡ | ᠮᠥᠩᠭᠦ ᠶᠢ ᠴᠠᠭ ᠳᠤᠬᠠᠢ ᠳᠤᠨᠢ ᠪᠠᠭᠤᠯᠭᠠᠨ ᠦᠭᠪᠡ᠃ ᠪᠦᠬᠦ ᠵᠢᠯ ᠤᠨ ᠰᠤᠷᠭᠠᠨ ᠬᠥᠮᠦᠵᠢᠯ ᠤᠨ ᠵᠠᠷᠤᠯᠭ᠎ᠠ 17.2 ᠳ᠋ᠦᠩᠰᠢᠭᠤᠷ ᠲᠥᠭᠦᠷᠢᠭ ᠲᠤ ᠬᠦᠷᠴᠦ᠂ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ 9 ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 593 ᠰᠢᠯᠢᠳᠡᠭ | ᠰᠤᠷᠭᠠᠨ ᠬᠦᠮᠦᠵᠢᠯ ᠤᠨ ᠴᠢᠳᠠᠪᠤᠷᠢᠲᠠᠨ ᠢ ᠰᠢᠯᠭᠠᠨ ᠡᠯᠰᠡᠵᠦ ᠤᠷᠢᠨ ᠬᠡᠷᠡᠭᠯᠡᠵᠦ᠂ ᠵᠢᠭᠠᠨ ᠰᠤᠷᠭᠠᠯᠳᠠ ᠪᠤᠯᠤᠨ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠤ ᠳᠤᠰᠠᠯᠠᠵᠤ᠂ ᠰᠤᠷᠤᠭᠴᠢᠳ ᠢ ᠲᠡᠳᠬᠦᠨ ᠲᠤᠰᠠᠯᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠰᠤᠷᠤᠯᠭ᠎ᠠ ᠶᠢᠨ | ᠱᠠᠲᠤᠨ ᠤ ︽ᠬᠦᠬᠢᠬᠦᠯᠦᠨ ᠱᠠᠩᠨᠠᠬᠤ᠂ ᠳᠡᠮᠵᠢᠵᠤ ᠲᠡᠳᠬᠦᠬᠦ᠂ ᠵᠢᠬᠡᠯᠡᠯᠬᠡ ᠦᠭᠬᠦ᠂ ᠨᠥᠬᠦᠪᠦᠷᠢᠯᠡᠬᠦ᠂ ᠬᠠᠰᠤᠵᠤ ᠬᠡᠯᠲᠦᠷᠢᠭᠦᠯᠬᠦ︾ ᠲᠠᠪᠤ ᠶᠢ ᠨᠢᠭᠡ | ᠴᠣᠭᠴᠠᠵᠢᠭᠤᠯᠤᠭᠰᠠᠨ ᠲᠡᠳᠬᠦᠨ ᠲᠤᠰᠠᠯᠠᠬᠤ ᠰᠢᠰᠲ᠋ᠧᠮ ᠢ ᠪᠡᠶᠡᠯᠡᠭᠦᠯᠪᠡ᠃ ᠪᠥᠬᠦ ᠵᠢᠯ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ ᠶᠢ 6.95 ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢᠨ ᠣᠯᠭᠤᠮᠵᠢ ᠶᠢᠨ | ᠡᠳ᠋ ᠤᠨ ᠵᠠᠰᠠᠭ ᠤᠨ ᠨᠥᠬᠦᠪᠦᠷᠢ ᠶᠢ 2432 ᠲᠦᠮᠡᠨ ᠲᠥᠭᠦᠷᠢᠭ ᠰᠠᠯᠭᠠᠨ ᠥᠭᠴᠦ᠂ ᠪᠠᠶᠢᠭᠤᠯᠭ᠎ᠠ ᠨᠢᠬᠡᠴᠡ ᠪᠠ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠥᠮᠥᠨ ᠳᠤᠮᠳᠠᠴᠢ ᠪᠠᠷ ᠲᠣᠰ ᠲᠣᠰ 182 ᠲᠥᠭᠦᠷᠢᠭ ᠪᠠ 108 ᠲᠥᠭᠦᠷᠢᠭ ᠳᠡᠭᠡᠭᠰᠢᠯᠡᠭᠦᠯᠵᠦ᠂ | ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠲᠣᠰ ᠲᠣᠰ 7.1% ᠪᠠ 8.3% ᠪᠠᠷ ᠨᠡᠮᠡᠭᠳᠡᠭᠦᠯᠪᠡ᠃ ᠪᠦᠬᠦ ᠵᠢᠯ ᠤᠨ | ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 2.63 ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ | 55 ᠰᠠᠭᠤᠭᠠᠯᠢ ᠳᠤᠭᠤᠷᠢᠭ ᠤᠨ 4921 ᠡᠷᠤᠭᠡ ᠶᠢ ᠥᠭᠡᠷᠡᠴᠢᠯᠡᠨ ᠪᠠᠶᠢᠭᠤᠯᠬᠤ ᠶᠢ ᠲᠡᠮᠵᠢᠵᠤ᠂ ᠤᠳᠤ ᠪᠠᠶᠢᠭ᠎ᠠ ᠡᠨᠧᠷᠭᠢ ᠠᠷᠪᠢᠯᠠᠬᠤ ᠣᠷᠣᠨ ᠰᠠᠭᠤᠴᠠ ᠶᠢᠨ | ᠪᠠᠷᠢᠯᠭ᠎ᠠ ᠶᠢ 44 ᠲᠦᠮᠡᠨ ᠲᠡᠭᠰᠢ ᠳᠥᠷᠪᠡᠯᠵᠢᠨ ᠮᠧᠲᠷ ᠦᠬᠡᠷᠡᠴᠢᠯᠡᠨ ᠪᠠᠶᠢᠭᠤᠯᠵᠤ᠂ 254 ᠡᠷᠤᠭᠡ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠯᠡᠯ ᠤᠨ ᠨᠥᠬᠦᠪᠦᠷᠢ ᠣᠯᠭᠤᠪᠠ᠃ | ⒋ᠡᠳ᠋ ᠤᠨ ᠵᠠᠰᠠᠭ ᠤᠨ ᠠᠵᠢᠯᠯᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠵᠤ᠂ ᠡᠳ᠋ ᠤᠨ ᠵᠠᠰᠠᠭ ᠤᠨ ᠦᠷᠭᠦᠯᠵᠢᠯᠡᠬᠦ ᠬᠥᠭᠵᠢᠯᠲᠡ ᠶᠢ | ᠦᠨᠡᠨᠬᠦ ᠪᠠᠳᠤᠯᠠᠪᠠ᠃ ᠥᠷᠢ ᠥᠭᠴᠡᠭᠡ ᠶᠢ ᠢᠯᠭᠠᠷᠠᠭᠤᠯᠬᠤ ᠰᠡᠳᠬᠢᠮᠵᠢ ᠶᠢᠨ ᠰᠢᠨ᠎ᠡ ᠶᠢ ᠡᠭᠦᠳᠴᠦ᠂ ᠥᠷᠢ ᠥᠭᠴᠡᠭᠡ ᠶᠢᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢᠨ ᠰᠢᠨ᠎ᠡ ᠬᠤᠪᠢᠷᠠᠯᠲᠠ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠥᠰᠥᠪ ᠤᠨ ᠲᠣᠬᠢᠷᠠᠭᠤᠯᠤᠯᠲᠠ᠂ ᠳᠠᠪᠠᠭᠤᠯᠤᠨ | ᠬᠤᠷᠢᠶᠠᠭᠰᠠᠨ ᠣᠷᠣᠯᠭ᠎ᠠ ᠶᠢ ᠬᠡᠷᠡᠭᠯᠡᠬᠦ᠂ ᠡᠳ᠋ ᠬᠥᠷᠥᠩᠭᠡ ᠶᠢ ᠰᠢᠢᠳᠪᠦᠷᠢᠯᠡᠬᠦ᠂ ᠦᠯᠡᠳᠡᠪᠤᠷᠢ ᠬᠠᠳᠠᠭᠠᠯᠠᠮᠵᠢ ᠠᠮᠢᠳᠤᠯᠢᠭ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠳᠠᠯᠳᠠ ᠥᠷᠢ ᠥᠭᠴᠡᠭᠡ ᠶᠢ ᠢᠯᠭᠠᠷᠠᠭᠤᠯᠬᠤ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠷᠭᠡᠳᠬᠡᠵᠦ᠂ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠨᠡᠶᠢᠲᠡ 46.4 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠣᠨ ᠤ ᠢᠯᠭᠠᠷᠠᠭᠤᠯᠤᠨ ᠪᠤᠳᠤᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠪᠡᠯᠡ ᠤᠷᠤᠭᠤᠯᠬᠤ ᠬᠦᠷᠢᠶ᠎ᠡ ᠴᠠᠷ᠎ᠠ ᠶᠢ ᠰᠢᠯᠢᠳᠡᠭᠵᠢᠭᠦᠯᠵᠦ᠂ 4.2 ᠳ᠋ᠦᠩᠰᠢᠭᠤᠷ ᠲᠦᠬᠦᠷᠢᠭ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢ ᠵᠦᠢ ᠵᠣᠬᠢᠰᠲᠠᠢ | ᠬᠡᠷᠡᠭᠯᠡᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠢᠯᠴᠢ ᠬᠠᠩᠭᠠᠬᠤ ᠥᠭᠡᠷᠡᠴᠢᠯᠡᠯᠲᠡ | ᠂ ᠬᠤᠲᠠ ᠶᠢᠨ ᠶᠠᠪᠤᠳᠠᠯ ᠤᠨ ᠵᠠᠮ ᠤᠨ ᠪᠦᠲᠦᠭᠡᠨ ᠪᠠᠶᠢᠭᠤᠯᠤᠯᠲᠠ᠂ ᠭᠠᠵᠠᠷ ᠳᠣᠣᠷᠠᠬᠢ ᠭᠤᠷᠪᠠᠨ ᠬᠤᠭᠤᠯᠠᠢ ᠲᠣᠣᠷ ᠤᠨ ᠥᠭᠡᠷᠡᠴᠢᠯᠡᠯᠲᠡ᠂ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ᠂ ᠪᠣᠬᠢᠷ ᠤᠰᠤ ᠶᠢ ᠰᠢᠢᠳᠪᠦᠷᠢᠯᠡᠬᠦ᠂ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠡᠳ᠋ | ᠪᠣᠳᠠᠰ ᠤᠨ ᠨᠥᠭᠡᠴᠡ ᠵᠡᠷᠭᠡ ᠳᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠭᠤᠣᠯᠳᠠᠯᠭ᠎ᠠ ᠲᠠᠢ ᠬᠡᠷᠡᠭᠯᠡᠪᠡ᠃ ᠥᠪᠡᠷᠲᠡᠭᠡᠨ ᠵᠠᠰᠠᠬᠤ ᠣᠷᠣᠨ ᠤ ︽ᠨᠢᠬᠡ ᠪᠦᠯᠦᠭ ᠬᠦᠦ ᠮᠦᠩᠬᠦ ᠶᠢ ᠨᠢ ᠤᠷᠤᠯᠠᠨ ᠦᠭᠬᠦ︾ ᠨᠥᠬᠦᠪᠦᠷᠢ ᠶᠢ 1 ᠳ᠋ᠦᠩᠰᠢᠭᠤᠷ | ᠲᠥᠭᠦᠷᠢᠭ ᠪᠠ ᠬᠤᠲᠠ ᠶᠢᠨ ᠱᠠᠳᠤ ᠳᠡᠰ ᠤᠨ ᠡᠳ᠋ ᠤᠨ ᠵᠠᠰᠠᠭ ᠤᠨ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠬᠦ ᠲᠤᠰᠬᠠᠢ ᠵᠦᠢᠯ ᠤᠨ ᠨᠥᠬᠦᠪᠦᠷᠢ ᠶᠢ 20 | ᠳ᠋ᠦᠩᠰᠢᠭᠤᠷ ᠲᠥᠭᠦᠷᠢᠭ ᠴᠢᠷᠮᠠᠶᠢᠨ ᠡᠷᠡᠮᠡᠯᠵᠢᠯᠡᠵᠤ᠂ ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠳᠥᠯᠥᠬᠦ ᠪᠠ ᠳᠠᠯᠳᠠ | ᠥᠭᠴᠡᠭᠡ ᠶᠢ ᠢᠯᠭᠠᠷᠠᠭᠤᠯᠬᠤ ᠳᠠᠷᠤᠯᠲᠠ ᠶᠢ ᠪᠦᠲᠦᠮᠵᠢᠲᠡᠶ ᠬᠦᠩᠬᠡᠷᠡᠬᠦᠯᠪᠡ᠃ ᠲᠦᠷ ᠴᠠᠭ ᠳᠤᠭᠠᠴᠠᠭᠠᠳᠤᠢ ᠲᠤᠰᠢᠶᠠᠬᠤ ᠵᠤᠭᠤᠰ ᠢ ᠰᠢᠩᠭᠡᠭᠡᠬᠦ ᠡᠷᠴᠢᠮ ᠢᠶᠠᠨ | ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠥᠪᠡᠷ ᠤᠨ ᠡᠳ᠋ ᠤᠨ ᠬᠦᠴᠦᠨ ᠢᠶᠠᠨ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠡᠷᠡᠮᠡᠯᠵᠡᠯᠡᠨ ᠣᠯᠬᠤ ᠪᠠᠷ ᠢᠳᠡᠪᠬᠢᠲᠡᠢ ᠴᠢᠷᠮᠠᠶᠢᠵᠤ᠂ ᠰᠢᠨ᠎ᠡ ᠪᠠᠷ ᠨᠡᠮᠡᠭᠳᠡᠭᠰᠡᠨ ᠢ | ᠢᠯᠭᠠᠷᠠᠭᠤᠯᠤᠨ ᠪᠤᠳᠤᠬᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠵᠦ᠂ ᠪᠥᠬᠦ ᠵᠢᠯ ᠤᠨ ᠲᠦᠷ ᠴᠠᠭ ᠳᠤᠭᠠᠴᠠᠭᠠᠳᠤᠢ | ᠳᠤᠰᠢᠶᠠᠬᠤ ᠵᠤᠭᠤᠰ ᠤᠨ ᠦᠯᠡᠳᠡᠪᠦᠷᠢ ᠲᠤᠭ᠎ᠠ ᠶᠢ 15 ᠵᠠᠭᠤᠨ ᠤ ᠬᠤᠪᠢ ᠶᠢᠨ ᠴᠢᠭ ᠢᠶᠠᠷ ᠪᠠᠭᠤᠷᠠᠭᠤᠯᠪᠠ᠃ | ⒌ᠲᠥᠰᠥᠪ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠪᠡ᠃ ︽ᠲᠤᠬᠠᠶᠢᠯᠠᠭᠰᠠᠨ ᠠᠵᠢᠯ + ᠮᠡᠷᠭᠡᠵᠢᠯ︾ ᠤᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠭᠰᠠᠨ ᠲᠥᠰᠥᠪ ᠤᠨ ᠬᠠᠮᠢᠶᠠᠷᠤᠯᠲᠠ ᠶᠢ | ᠨᠢᠭᠡ ᠴᠣᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠠᠵᠢᠯ ᠤᠨ ᠬᠢᠷᠢ | ᠪᠦᠲᠦᠮᠵᠢ ᠶᠢᠨ ᠬᠠᠮᠢᠶᠠᠷᠤᠯᠲᠠ ᠬᠢᠭᠡᠳ ᠲᠥᠰᠥᠪ ᠢ ᠨᠠᠶᠢᠷᠠᠭᠤᠯᠤᠨ ᠵᠣᠬᠢᠶᠠᠬᠤ᠂ ᠲᠥᠰᠥᠪ ᠢ ᠭᠦᠢᠴᠡᠳᠬᠡᠬᠦ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠪᠠ᠃ | ᠲᠥᠰᠥᠪ ᠤᠨ ᠭᠦᠢᠴᠡᠳᠭᠡᠯᠲᠡ ᠶᠢ ᠨᠢᠭᠡ ᠴᠣᠭᠴᠠᠵᠢᠭᠤᠯᠬᠤ ᠬᠤᠶᠠᠳᠤᠭᠠᠷ ᠬᠤᠭᠤᠴᠠᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠭᠤᠯᠭ᠎ᠠ ᠶᠢ ᠯᠠᠪᠳᠠᠭᠤᠨ ᠢᠶᠠᠷ | ᠠᠬᠢᠭᠤᠯᠵᠤ᠂ ᠲᠥᠰᠥᠪ ᠤᠨ ᠬᠠᠮᠢᠶᠠᠷᠤᠯᠲᠠ ᠶᠢᠨ ᠲᠤᠯᠭᠠᠭᠤᠷᠢᠯᠠᠯ ᠢ ᠴᠢᠩᠭᠠᠳᠬᠠᠪᠠ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠪᠡᠯᠡ ᠮᠥᠩᠭᠦ ᠶᠢ ᠬᠢᠨᠠᠨ ᠲᠣᠭᠲᠠᠭᠠᠬᠤ | ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠷᠠᠭᠤᠯᠤᠨ᠂ ᠪᠥᠬᠦ ᠵᠢᠯ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠬᠤ᠂ ᠨᠡᠶᠢᠭᠡᠮ ᠤᠨ | ᠠᠩᠬᠠᠷᠤᠯ ᠤᠨ ᠬᠡᠮᠵᠢᠶ᠎ᠡ ᠪᠠᠷ ᠨᠡᠯᠢᠶᠡᠳ ᠥᠨᠳᠥᠷ 23 ᠲᠥᠷᠥᠯ ᠵᠦᠢᠯ ᠢ ᠰᠣᠩᠭᠤᠨ ᠭᠤᠣᠯᠳᠠᠯᠭ᠎ᠠ ᠲᠠᠢ ᠦᠨᠡᠯᠡᠵᠦ᠂ ᠬᠤᠯᠪᠣᠭᠳᠠᠭᠰᠠᠨ ᠡᠳ᠋ ᠤᠨ ᠵᠠᠰᠠᠭ ᠤᠨ ᠪᠡᠯᠡ | ᠮᠥᠩᠭᠦ 6205 ᠲᠦᠮᠡᠨ ᠲᠥᠭᠦᠷᠢᠭ ᠢ ᠰᠣᠩᠭᠤᠨ ᠬᠡᠷᠡᠭᠯᠡᠬᠦ ᠶᠢᠨ ᠬᠠᠮᠲᠤ ᠠᠵᠢᠯ ᠤᠨ ᠬᠢᠷᠢ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠵᠤ᠂ ᠲᠥᠰᠥᠪ ᠤᠨ ᠲᠣᠬᠢᠷᠠᠭᠤᠯᠤᠯᠲᠠ ᠯᠤᠭ᠎ᠠ ᠬᠤᠯᠪᠣᠭᠳᠠᠭᠤᠯᠪᠠ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠳᠡᠭᠡᠷ᠎ᠡ ᠬᠦᠴᠦᠯᠡᠨ᠂ | ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠶᠢ ᠪᠥᠬᠦ ᠲᠣᠭᠤᠷᠢᠭ ᠲᠤ ︽ᠨᠢᠭᠡ ᠰᠦᠯᠵᠢᠶ᠎ᠡ︾ ᠪᠠᠷ ᠪᠦᠷᠬᠦᠭᠦᠯᠬᠦ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ | ᠂ ︽ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠠᠵᠢᠯᠯᠠᠭᠠᠨ ᠤ ᠶᠠᠪᠤᠴᠠ ᠳᠤ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠶᠢ ᠵᠣᠷᠢᠭᠵᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠂ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠨ ᠪᠠᠶᠢᠴᠠᠭᠠᠬᠤ | ᠪᠠᠶᠢᠭᠤᠯᠭ᠎ᠠ᠂ ᠬᠢᠨᠠᠨ ᠪᠤᠳᠤᠯᠲᠠ ᠶᠢᠨ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠲᠠᠢ ᠬᠢᠨᠠᠮᠠᠭᠠᠢ ᠬᠠᠮᠵᠢᠯᠴᠠᠨ ᠲᠥᠰᠥᠪ ᠢ ᠬᠢᠨᠠᠨ ᠪᠠᠶᠢᠴᠠᠭᠠᠬᠤ᠂ ᠬᠢᠨᠠᠨ ᠪᠤᠳᠤᠬᠤ ᠪᠠ | ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠵᠤ ᠠᠪᠤᠨ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ | ᠤᠷᠳᠤ ᠬᠤᠭᠤᠴᠠᠭ᠎ᠠ ᠪᠠᠷ ᠪᠠᠷᠢᠮᠲᠠᠯᠠᠪᠠ᠃ | ᠲᠥᠯᠥᠭᠡᠯᠡᠭᠴᠢᠳ ᠠ᠋᠂ 2022 ᠣᠨ ᠳᠤ ᠪᠢᠳᠡ ᠪᠥᠬᠦ ᠲᠣᠭᠤᠷᠢᠭ ᠤᠨ ᠭᠤᠣᠯ ᠠᠵᠢᠯ ᠤᠨ ᠲᠣᠭᠤᠷᠢᠨ ᠳᠤ᠂ ᠡᠳ᠋ ᠤᠨ ᠵᠠᠰᠠᠭ ᠤᠨ ᠢᠳᠡᠪᠬᠢᠲᠡᠢ | ᠲᠥᠷᠥ ᠶᠢᠨ ᠪᠣᠳᠣᠯᠭ᠎ᠠ ᠬᠦᠴᠦᠲᠡᠢ ᠪᠥᠭᠡᠳ ᠪᠦᠲᠦᠮᠵᠢᠲᠡᠶ ᠪᠠᠶᠢᠵᠤ᠂ ᠪᠥᠬᠦ ᠲᠣᠭᠤᠷᠢᠭ ᠤᠨ ᠡᠳ᠋ ᠤᠨ ᠵᠠᠰᠠᠭ ᠤᠨ ᠲᠣᠭᠲᠠᠭᠤᠨ ᠢᠶᠠᠷ ᠡᠷᠭᠢᠯᠳᠦᠬᠦ ᠶᠢ ᠪᠠᠲᠤᠯᠠᠪᠠ᠃ | ᠡᠭᠦᠨ ᠤ ᠵᠡᠷᠭᠡᠴᠡᠭᠡᠪᠡᠷ᠂ ᠡᠳ᠋ ᠤᠨ ᠵᠠᠰᠠᠭ ᠤᠨ ᠠᠵᠢᠯᠯᠠᠭᠠᠨ ᠤ ᠶᠠᠪᠤᠴᠠ ᠳᠤ ᠪᠠᠰᠠ ᠵᠠᠷᠢᠮ ᠣᠮᠲᠣᠭᠠᠶᠢᠯᠠᠵᠤ ᠪᠣᠯᠣᠰᠢ ᠦᠭᠡᠢ ᠬᠦᠴᠢᠷᠳᠡᠯ ᠪᠠ ᠥᠷᠢᠰᠦᠯᠳᠦᠭᠡᠨ ᠳᠤ | ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠲᠠᠨᠢᠪᠠ᠂ ᠡᠭᠦᠨ ᠳᠤ ᠭᠤᠣᠯᠳᠠᠭᠤ᠄ ᠨᠢᠭᠡ ᠳᠤ᠂ ᠭᠠᠶᠢᠯᠢ ᠶᠢᠨ ᠢᠷᠡᠯᠲᠡ ᠶᠢᠨ ᠪᠦᠲᠦᠴᠡ ᠲᠠᠩ | ᠴᠤᠯᠭᠤᠢ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠨᠢ ᠤᠷᠳᠤ ᠬᠤᠭᠤᠴᠠᠭ᠎ᠠ ᠪᠠᠷ ᠨᠡᠭᠦᠷᠡᠰᠦ ᠵᠢᠴᠢ ᠲᠡᠭᠦᠨ ᠳᠤ ᠬᠤᠯᠪᠤᠭᠳᠠᠬᠤ ᠠᠵᠢᠯ | ᠲᠦᠷᠦᠯ ᠳᠤ ᠲᠦᠰᠢᠭᠯᠡᠵᠦ᠂ ᠰᠢᠨ᠎ᠡ ᠠᠵᠤ ᠦᠢᠯᠡᠰ ᠰᠢᠨ᠎ᠡ ᠬᠥᠳᠡᠯᠭᠡᠭᠴᠢ ᠡᠨᠧᠷᠭᠢ ᠶᠢᠨ ᠡᠳ᠋ ᠤᠨ ᠵᠠᠰᠠᠭ ᠲᠤ ᠬᠤᠪᠢ ᠨᠡᠮᠡᠷᠢ ᠦᠵᠡᠬᠦᠯᠬᠦ ᠨᠤᠷᠮ᠎ᠠ ᠪᠦᠷᠢᠮᠦᠰᠦᠨ | ᠢᠯᠡᠷᠡᠭᠡᠳᠦᠢ ᠪᠠᠶᠢᠬᠤ᠃ ᠬᠤᠶᠠᠷ ᠲᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠪᠰᠢᠨ ᠤᠷᠳᠤ ᠬᠤᠭᠤᠴᠠᠭ᠎ᠠ ᠪᠠᠷ ᠪᠦᠬᠦ ᠬᠤᠳᠠ ᠶᠢᠨ | ᠳᠣᠣᠷ᠎ᠠ ᠪᠠᠶᠢᠷᠢᠨ ᠳᠤ ᠪᠠᠶᠢᠵᠤ᠂ ᠡᠳ᠋ ᠤᠨ ᠵᠠᠰᠠᠭ ᠤᠨ ᠡᠷᠬᠡ ᠠᠵᠢᠯ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠵᠣᠬᠢᠴᠠᠯᠳᠤᠬᠤ ᠦᠭᠡᠢ ᠪᠠᠶᠢᠵᠤ᠂ ᠦᠨᠳᠦᠰᠦᠨ | ᠱᠠᠲᠤᠨ ᠤ ᠡᠳ᠋ ᠤᠨ ᠵᠠᠰᠠᠭ ᠤᠨ ᠠᠵᠢᠯᠯᠠᠭᠠᠨ ᠤ ᠳᠠᠷᠤᠭᠠᠰᠤ ᠶᠢ ᠨᠡᠮᠡᠭᠳᠡᠬᠦᠯᠪᠡ᠃ ᠭᠤᠷᠪᠠ ᠳᠤ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ | ᠬᠦᠴᠢᠷᠳᠡᠯ ᠵᠢᠯ ᠳᠠᠷᠠᠭᠠᠯᠠᠨ ᠨᠡᠮᠡᠭᠳᠡᠵᠦ᠂ ᠲᠦᠷ ᠴᠠᠭ ᠲᠤᠭᠠᠴᠠᠭᠠᠳᠦᠢ ᠲᠤᠰᠢᠶᠠᠬᠤ ᠵᠣᠭᠤᠰ ᠢ ᠰᠢᠢᠳᠪᠤᠷᠢᠯᠡᠬᠦ ᠡᠭᠦᠷᠭᠡ ᠮᠠᠰᠢ ᠬᠦᠨᠳᠦ ᠪᠠᠶᠢᠵᠤ᠂ ᠡᠳ᠋ ᠤᠨ | ᠵᠠᠰᠠᠭ ᠤᠨ ᠥᠨᠳᠥᠷ ᠪᠦᠲᠦᠮᠵᠢᠲᠡᠶ ᠪᠥᠭᠡᠳ ᠠᠮᠤᠷ ᠲᠦᠪᠰᠢᠨ ᠢᠶᠠᠷ ᠠᠵᠢᠯᠯᠠᠬᠤ ᠶᠢ ᠬᠢᠵᠠᠭᠠᠷᠯᠠᠵᠤ ᠪᠠᠶᠢᠨ᠎ᠠ᠃ ᠳᠥᠷᠪᠡ ᠳᠤ ᠬᠡᠰᠡᠭ ᠨᠢᠭᠡᠴᠡ ᠶᠢᠨ ︽ᠠᠷᠪᠢᠯᠠᠨ | ᠭᠠᠮᠨᠠᠬᠤ︾ ᠦᠵᠡᠯ ᠰᠠᠨᠠᠭ᠎ᠠ᠂ ᠬᠢᠷᠢ ᠪᠦᠲᠦᠮᠵᠢ ᠶᠢᠨ ᠦᠵᠡᠯᠲᠡ ᠪᠠ ᠵᠠᠷᠤᠯᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠮᠥᠨ ᠯᠡ | ᠴᠢᠩᠭᠠᠳᠬᠠᠬᠤ ᠴᠢᠬᠤᠯᠠᠲᠠᠢ ᠪᠠᠶᠢᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠮᠥᠨ ᠯᠡ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ | ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠠᠷᠭᠠᠴᠠᠵᠤ᠂ ᠠᠯᠬᠤᠮ ᠠᠯᠬᠤᠮ ᠢᠶᠠᠷ ᠰᠢᠢᠳᠪᠦᠷᠢᠯᠡᠬᠦ ᠪᠣᠯᠣᠨ᠎ᠠ᠃ | | ᠬᠤᠶᠠᠷ᠂ 2023 ᠣᠨ ᠤ ᠲᠥᠰᠥᠪ ︵ᠲᠥᠰᠥᠯ︶ | 2023 ᠣᠨ ᠤ ᠪᠥᠬᠦ ᠲᠤᠭᠤᠷᠢᠭ ᠤᠨ ᠡᠳ᠋ ᠤᠨ ᠵᠠᠰᠠᠭ ᠤᠨ ᠲᠥᠰᠥᠪ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠢ ᠪᠠᠷᠢᠮᠲᠠᠯᠠᠨ | ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠢᠳᠡᠪᠬᠢᠲᠡᠢ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠨ ᠦᠷ᠎ᠡ ᠪᠦᠲᠦᠮᠵᠢ ᠶᠢ ᠳᠡᠭᠡᠭᠰᠢᠯᠡᠬᠦᠯᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠤᠬᠢᠷᠠᠭᠤᠯᠤᠨ᠂ ᠣᠷᠣᠯᠭ᠎ᠠ | ᠵᠠᠷᠤᠯᠭ᠎ᠠ ᠪᠠᠨ ᠲᠡᠩᠴᠡᠭᠦᠷᠢᠲᠡᠢ ᠪᠠᠶᠢᠯᠭᠠᠨ᠎ᠠ᠃ ᠵᠠᠰᠠᠭ ᠤᠨ ᠣᠷᠳᠣᠨ ᠤ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠤᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠪᠠᠭᠠᠰᠬᠠᠵᠤ᠂ ᠦᠨᠳᠦᠰᠦᠨ ᠱᠠᠲᠤᠨ ᠤ | ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠴᠢᠩᠭ᠎ᠠ ᠰᠠᠬᠢᠨ᠎ᠠ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ | ᠂ ᠲᠥᠰᠥᠪ ᠤᠨ ᠬᠢᠵᠠᠭᠠᠷᠯᠠᠯ ᠪᠠ ᠬᠢᠷᠢ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠰᠥᠪ ᠤᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠠᠵᠦ᠂ ᠡᠳ᠋ ᠤᠨ ᠵᠠᠰᠠᠭ ᠤᠨ | ᠦᠷᠬᠦᠯᠵᠡᠬᠦᠶᠢᠴᠡ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠨ᠂ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠣᠲᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ | ᠦᠷᠬᠦᠯᠵᠢᠳᠡ ᠡᠷᠡᠭᠦᠯ ᠬᠦᠭᠵᠢᠯᠳᠡ ᠳᠤ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃ | ︵ᠨᠢᠭᠡ︶ ᠡᠩ ᠤᠨ ᠤᠯᠠᠨ ᠨᠡᠶᠢᠲᠡ ᠶᠢᠨ ᠲᠥᠰᠥᠪ | ⒈ ᠲᠤᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠶᠢᠨ ᠲᠠᠯ᠎ᠠ ᠪᠠᠷ᠃ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢᠨ ᠵᠢᠱᠢᠭᠰᠡᠨ ᠬᠠᠷᠠᠯᠲᠠ ᠪᠠ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠢ ᠦᠨᠳᠦᠰᠦᠯᠡᠨ᠂ 2023 ᠣᠨ ᠤ ᠲᠤᠭᠤᠷᠢᠭ | ᠤᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠡᠯ᠎ᠡ ᠵᠦᠢᠯ ᠤᠨ ᠡᠳ᠋ ᠤᠨ ᠬᠦᠴᠦᠨ ᠤ ᠣᠷᠣᠯᠭ᠎ᠠ ᠶᠢ 90.06 ᠳ᠋ᠦᠩᠰᠢᠭᠤᠷ ᠲᠥᠭᠦᠷᠢᠭ | ᠲᠣᠬᠢᠷᠠᠭᠤᠯᠤᠨ᠎ᠠ᠂ ᠪᠣᠳᠠᠲᠠᠢ ᠪᠠᠷ ᠬᠡᠯᠡᠪᠡᠯ᠄ | ⑴ ᠳ᠋ᠦᠩᠱᠧᠩ ᠲᠣᠭᠤᠷᠢᠭ ᠤᠨ ᠪᠥᠬᠦ ᠰᠢᠰᠲ᠋ᠧᠮ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠵᠢᠱᠢᠯᠲᠡ ᠪᠠᠷ 79 ᠳ᠋ᠦᠩᠰᠢᠭᠤᠷ | ᠲᠥᠭᠦᠷᠢᠭ ᠪᠡᠶᠡᠯᠡᠭᠦᠯᠵᠦ ︵ᠨᠢᠭᠡᠨᠲᠡ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠤᠪᠢᠶᠠᠷᠢᠯᠠᠨ ᠰᠢᠯᠵᠢᠭᠦᠯᠦᠭᠰᠡᠨ ᠤᠤᠯ ᠤᠨ ᠲᠣᠨᠤᠭ ᠲᠥᠬᠦᠭᠡᠷᠦᠮᠵᠢ᠂ | ᠲᠡᠮᠦᠷ ᠵᠠᠮ ᠤᠨ ᠪᠠᠷᠠᠭᠤᠨᠳᠡᠬᠢ ᠬᠠᠮᠢᠶᠠᠷᠤᠯᠲᠠ ᠶᠢᠨ ᠵᠦᠪᠯᠡᠯ᠂ ᠲᠥᠩᠴᠦᠸᠠᠨ ᠤ ᠦᠵᠡᠰᠬᠦᠯᠡᠩ ᠤᠨ ᠭᠠᠵᠠᠷ ᠵᠡᠷᠭᠡ ᠭᠤᠷᠪᠠᠨ ᠬᠦᠷᠢᠶᠡᠯᠡᠩ ᠲᠣᠭᠤᠷᠢᠭ ᠤᠨ | ᠣᠷᠣᠯᠭ᠎ᠠ ᠶᠢ ᠮᠥᠨ ᠳ᠋ᠦᠩᠱᠧᠩ ᠲᠣᠭᠤᠷᠢᠭ ᠤᠨ ᠲᠣᠰ ᠱᠠᠲᠤᠨ ᠤ ᠣᠷᠣᠯᠭ᠎ᠠ ᠶᠢᠨ ᠪᠦᠷᠢᠳᠬᠡᠯ ᠳᠤ ᠪᠤᠳᠤᠵᠤ ᠣᠷᠣᠭᠤᠯᠤᠨ᠎ᠠ︶᠂ 3% ᠣᠷᠴᠢᠮ ᠢᠶᠠᠷ | ᠨᠡᠮᠡᠭᠳᠡᠭᠦᠯᠦᠨ᠎ᠡ᠃ ᠨᠢᠭᠡᠨᠲᠡ ᠬᠤᠪᠢᠶᠠᠷᠢᠯᠠᠨ ᠰᠢᠯᠵᠢᠭᠦᠯᠦᠭᠰᠡᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠷᠪᠠᠨ ᠬᠦᠷᠢᠶᠡᠯᠡᠩ ᠲᠣᠭᠤᠷᠢᠭ ᠤᠨ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠢᠯᠭᠠᠨ ᠭᠠᠷᠭᠠᠭᠰᠠᠨ ᠤ ᠳᠠᠷᠠᠭ᠎ᠠ᠂ ᠳ᠋ᠦᠩᠱᠧᠩ ᠲᠣᠭᠤᠷᠢᠭ ᠤᠨ ᠲᠣᠰ ᠱᠠᠲᠤᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠵᠢᠱᠢᠯᠲᠡ ᠪᠠᠷ 76.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3% ᠤᠷᠴᠢᠮ ᠢᠶᠠᠷ ᠨᠡᠮᠡᠭᠳᠡᠭᠦᠯᠦᠨ᠎ᠡ᠂ ᠡᠭᠦᠨ ᠳᠤ᠄ | ᠭᠠᠶᠢᠯᠢ ᠶᠢᠨ ᠣᠷᠣᠯᠭ᠎ᠠ 68.17 ᠳ᠋ᠦᠩᠰᠢᠭᠤᠷ ᠲᠥᠭᠦᠷᠢᠭ᠂ ᠭᠠᠶᠢᠯᠢ ᠶᠢᠨ ᠪᠤᠰᠤ ᠣᠷᠣᠯᠭ᠎ᠠ 8.33 ᠳ᠋ᠦᠩᠰᠢᠭᠤᠷ ᠲᠥᠭᠦᠷᠢᠭ ᠪᠤᠯᠤᠨ᠎ᠠ᠃ | ⑵ ᠳᠡᠭᠡᠳᠦ ᠱᠠᠲᠤᠨ ᠤ ᠨᠥᠬᠦᠪᠦᠷᠢ ᠶᠢᠨ ᠣᠷᠣᠯᠭ᠎ᠠ 20.53 ᠳ᠋ᠦᠩᠰᠢᠭᠤᠷ ᠲᠥᠭᠦᠷᠢᠭ᠂ ᠡᠨᠡ ᠨᠢ ᠥᠩᠭᠡᠷᠡᠭᠰᠡᠨ ᠵᠢᠯ ᠤᠳ ᠤᠨ ᠡᠳ᠋ ᠤᠨ ᠵᠠᠰᠠᠭ ᠤᠨ | ᠪᠠᠶᠢᠭᠤᠯᠤᠯ ᠳᠤ ᠲᠣᠭᠲᠠᠭᠠᠭᠰᠠᠨ ᠲᠣᠭᠲᠠᠮᠠᠯ ᠰᠠᠭᠤᠷᠢ ᠲᠣᠭᠠᠨ ᠤ ᠨᠥᠬᠦᠪᠦᠷᠢ ᠪᠣᠯᠣᠨ᠎ᠠ᠃ ᠡᠭᠦᠨ ᠳᠤ ᠭᠤᠣᠯᠳᠠᠭᠤ᠄ ᠪᠤᠴᠠᠭᠠᠯᠲᠠ ᠶᠢᠨ ᠴᠢᠨᠠᠷᠲᠠᠢ ᠣᠷᠣᠯᠭ᠎ᠠ 5. | 87 ᠳ᠋ᠦᠩᠰᠢᠭᠤᠷ ᠲᠥᠭᠦᠷᠢᠭ᠂ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠦᠭᠭᠦᠭᠰᠡᠨ ᠨᠥᠬᠦᠪᠦᠷᠢ 0.96 ᠳ᠋ᠦᠩᠰᠢᠭᠤᠷ ᠲᠥᠭᠦᠷᠢᠭ᠂ ᠦᠨᠳᠦᠰᠦᠲᠡᠨ ᠤ | ᠭᠠᠵᠠᠷ ᠣᠷᠣᠨ ᠳᠤ ᠰᠢᠯᠵᠢᠭᠦᠯᠦᠨ ᠦᠭᠭᠦᠭᠰᠡᠨ ᠨᠥᠬᠦᠪᠦᠷᠢ 0.16 ᠳ᠋ᠦᠩᠰᠢᠭᠤᠷ ᠲᠥᠭᠦᠷᠢᠭ᠂ ᠲᠣᠭᠲᠠᠮᠠᠯ ᠲᠣᠭᠠᠨ ᠤ ᠨᠥᠬᠦᠪᠦᠷᠢ 0.32 ᠳ᠋ᠦᠩᠰᠢᠭᠤᠷ | ᠲᠥᠭᠦᠷᠢᠭ᠂ ᠳ᠋ᠦᠩᠨᠡᠨ ᠪᠤᠳᠤᠭᠰᠠᠨ ᠨᠥᠬᠦᠪᠦᠷᠢ ᠶᠢᠨ ᠣᠷᠣᠯᠭ᠎ᠠ 2.58 ᠳ᠋ᠦᠩᠰᠢᠭᠤᠷ ᠲᠥᠭᠦᠷᠢᠭ᠂ ᠬᠤᠳᠠ ᠶᠢᠨ ᠱᠠᠲᠤᠨ ᠤ ᠡᠳ᠋ ᠤᠨ ᠬᠦᠴᠦᠨ ᠤ ᠨᠥᠬᠦᠪᠦᠷᠢ | 10 ᠳ᠋ᠦᠩᠰᠢᠭᠤᠷ ᠲᠥᠭᠦᠷᠢᠭ᠂ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠤᠨ ᠣᠷᠣᠯᠭ᠎ᠠ 0.4 ᠳ᠋ᠦᠩᠰᠢᠭᠤᠷ ᠲᠥᠭᠦᠷᠢᠭ ᠵᠡᠷᠭᠡ ᠪᠠᠭᠲᠠᠨ᠎ᠠ᠃ | ⑶ 2 ᠳ᠋ᠦᠩᠰᠢᠭᠤᠷ ᠲᠥᠭᠦᠷᠢᠭ ᠲᠥᠰᠥᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ ᠰᠢᠯᠵᠢᠭᠦᠯᠦᠨ ᠣᠷᠣᠭᠤᠯᠤᠨ᠎ᠠ᠃ | ⑷ᠳᠡᠭᠡᠳᠦ ᠱᠠᠲᠤᠨ ᠤ ᠡᠳ᠋ ᠤᠨ ᠵᠠᠰᠠᠭ ᠲᠤ ᠲᠤᠰᠢᠶᠠᠬᠤ ᠵᠠᠷᠤᠯᠭ᠎ᠠ ᠶᠢ 8.97 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠡᠭᠦᠨ ᠤ ᠳᠣᠲᠣᠷ᠎ᠠ᠄ | ᠤᠤᠯ ᠪᠠᠶᠢᠭᠤᠯᠤᠯ ᠤᠨ ᠲᠤᠰᠢᠶᠠᠬᠤ ᠵᠤᠭᠤᠰ ᠢ 5.5 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠭᠤᠣᠯ ᠬᠤᠳᠠ ᠶᠢᠨ ᠲᠣᠭᠤᠷᠢᠭ ᠤᠨ ᠨᠡᠶᠢᠲᠡ ᠶᠢᠨ ᠵᠠᠮ | ᠬᠠᠷᠢᠯᠴᠠᠭᠠᠨ ᠤ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠨᠥᠬᠦᠪᠦᠷᠢ ᠶᠢ 1 ᠳ᠋ᠦᠩᠰᠢᠭᠤᠷ ᠲᠥᠭᠦᠷᠢᠭ ᠳᠡᠭᠡᠭᠰᠢ ᠲᠤᠰᠢᠶᠠᠵᠤ᠂ ᠦᠷᠳᠡᠭ ᠨᠡᠮᠡᠭᠳᠡᠯ ᠤᠨ | ᠭᠠᠶᠢᠯᠢ ᠶᠢᠨ ᠦᠯᠡᠳᠡᠭᠡᠨ ᠪᠤᠴᠠᠭᠠᠬᠤ ᠭᠠᠶᠢᠯᠢ ᠶᠢ 2.2 ᠳ᠋ᠦᠩᠰᠢᠭᠤᠷ ᠲᠥᠭᠦᠷᠢᠭ ᠳᠡᠭᠡᠭᠰᠢ ᠲᠤᠰᠢᠶᠠᠵᠤ᠂ ᠪᠤᠰᠤᠳ ᠵᠦᠢᠯ ᠢ 0.27 ᠳ᠋ᠦᠩᠰᠢᠭᠤᠷ | ᠲᠥᠭᠦᠷᠢᠭ ᠳᠡᠭᠡᠭᠰᠢ ᠲᠤᠰᠢᠶᠠᠨ᠎ᠠ᠃ | ⒉ᠲᠦᠷᠦᠭᠦᠦ ᠵᠢᠯ ᠤᠨ ᠳ᠋ᠦᠩᠨᠡᠨ ᠲᠤᠭᠠᠴᠠᠵᠦ ᠰᠢᠯᠵᠢᠭᠦᠯᠦᠭᠰᠡᠨ᠂ ᠤᠷᠢᠳᠴᠢᠯᠠᠨ ᠪᠠᠭᠤᠯᠭᠠᠵᠦ ᠰᠢᠯᠵᠢᠭᠦᠯᠦᠨ ᠦᠭᠭᠦᠭᠰᠡᠨ ᠵᠠᠷᠤᠯᠭ᠎ᠠ ᠵᠢᠴᠢ ᠡᠳ᠋ ᠤᠨ | ᠵᠠᠰᠠᠭ ᠤᠨ ᠦᠯᠡᠳᠡᠭᠡᠯ ᠪᠡᠯᠡ ᠮᠥᠩᠭᠦ ᠶᠢᠨ ᠣᠷᠣᠯᠭ᠎ᠠ ᠶᠢᠨ ᠲᠠᠯ᠎ᠠ ᠪᠠᠷ᠃ | ⑴ ᠲᠦᠷᠦᠭᠦᠦ ᠵᠢᠯ ᠤᠨ ᠳ᠋ᠦᠩᠨᠡᠨ ᠲᠤᠭᠠᠴᠠᠵᠦ ᠰᠢᠯᠵᠢᠭᠦᠯᠦᠭᠰᠡᠨ ᠣᠷᠣᠯᠭ᠎ᠠ 8.98 ᠳ᠋ᠦᠩᠰᠢᠭᠤᠷ ᠲᠥᠭᠦᠷᠢᠭ᠃ ᠡᠭᠦᠨ ᠳᠤ ᠭᠤᠣᠯᠳᠠᠭᠤ ᠲᠤᠭᠤᠷᠢᠭ | ᠤᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠵᠡᠷᠭᠡ ᠶᠢᠨ ᠦᠯᠡᠳᠡᠪᠦᠷᠢ ᠣᠷᠣᠯᠭ᠎ᠠ 1.66 ᠳ᠋ᠦᠩᠰᠢᠭᠤᠷ ᠲᠥᠭᠦᠷᠢᠭ ᠪᠠᠶᠢᠵᠤ᠂ | ᠣᠶᠢᠷ᠎ᠠ ᠶᠢᠨ ᠬᠤᠶᠠᠷ ᠵᠢᠯ ᠤᠨ ᠳᠡᠭᠡᠳᠦ ᠱᠠᠲᠤᠨ ᠤ ᠰᠢᠯᠵᠢᠭᠦᠯᠦᠨ ᠥᠭᠭᠦᠭᠰᠡᠨ ᠦᠯᠡᠳᠡᠪᠦᠷᠢ ᠣᠷᠣᠯᠭ᠎ᠠ 7.32 ᠳ᠋ᠦᠩᠰᠢᠭᠤᠷ ᠲᠥᠭᠦᠷᠢᠭ ᠪᠣᠯᠣᠨ᠎ᠠ᠃ | ⑵ ᠳᠡᠭᠡᠳᠦ ᠱᠠᠲᠤᠨ ᠤ ᠰᠢᠯᠵᠢᠭᠦᠯᠦᠨ ᠦᠭᠭᠦᠭᠰᠡᠨ ᠵᠠᠷᠤᠯᠭ᠎ᠠ 2.01 ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠨ᠎ᠠ᠂ ᠡᠭᠦᠨ ᠳᠤ | ᠭᠤᠣᠯᠳᠠᠭᠤ ᠨᠡᠶᠢᠭᠡᠮ ᠤᠨ ᠳᠠᠭᠠᠳᠬᠠᠯ᠂ ᠰᠤᠷᠭᠠᠨ ᠬᠥᠮᠦᠵᠢᠯ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ | ᠰᠢᠯᠵᠢᠭᠦᠯᠦᠨ ᠦᠭᠭᠦᠭᠰᠡᠨ ᠵᠠᠷᠤᠯᠭ᠎ᠠ ᠶᠢ ᠤᠷᠢᠳᠴᠢᠯᠠᠨ ᠪᠠᠭᠤᠯᠭᠠᠨ᠎ᠠ᠃ | ⑶ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦᠨ ᠤ ᠵᠠᠷᠤᠯᠭ᠎ᠠ 1.53 ᠳ᠋ᠦᠩᠰᠢᠭᠤᠷ ᠲᠥᠭᠦᠷᠢᠭ ᠶᠢ ᠴᠢᠯᠦᠭᠡᠲᠡᠢ ᠪᠤᠯᠭᠠᠵᠦ᠂ ᠭᠤᠣᠯᠳᠠᠭᠤ | ᠦᠯᠡᠳᠡᠭᠡᠯ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠬᠤᠷᠢᠶᠠᠨ ᠠᠪᠤᠭᠰᠠᠨ ᠬᠤᠶᠠᠷ ᠵᠢᠯ ᠠᠴᠠ ᠬᠡᠲᠦᠷᠡᠭᠰᠡᠨ ᠳᠡᠭᠡᠳᠦ ᠱᠠᠲᠤᠨ ᠤ | ᠰᠢᠯᠵᠢᠭᠦᠯᠦᠨ ᠥᠭᠭᠦᠭᠰᠡᠨ ᠵᠠᠷᠤᠯᠭ᠎ᠠ ᠪᠣᠯᠣᠨ᠎ᠠ᠃ | ⒊ᠲᠤᠰ ᠱᠠᠲᠤᠨ ᠤ ᠲᠥᠰᠥᠪ ᠤᠨ ᠵᠠᠷᠤᠯᠭ᠎ᠠ ᠶᠢᠨ ᠲᠠᠯ᠎ᠠ ᠪᠠᠷ᠃ ᠡᠳ᠋ ᠤᠨ ᠬᠦᠴᠦᠨ ᠲᠠᠢ ᠵᠣᠬᠢᠴᠠᠭᠤᠯᠤᠨ᠂ ︽ᠣᠷᠣᠯᠭ᠎ᠠ ᠪᠠᠷ ᠵᠠᠷᠤᠯᠭ᠎ᠠ ᠶᠢ | ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ︾ ᠵᠠᠷᠴᠢᠮ ᠶᠣᠰᠣᠭᠠᠷ᠂ 2023 ᠣᠨ ᠤ ᠲᠣᠭᠤᠷᠢᠭ ᠤᠨ ᠲᠣᠰ ᠱᠠᠲᠤᠨ ᠤ ᠡᠩ ᠤᠨ | ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 90.06 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ ︵ᠨᠢᠭᠡᠨᠲᠡ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠲᠤ ᠬᠤᠪᠢᠶᠠᠷᠢᠯᠠᠨ ᠰᠢᠯᠵᠢᠭᠦᠯᠦᠭᠰᠡᠨ ᠤᠤᠯ ᠤᠨ ᠭᠤᠷᠪᠠᠨ ᠬᠦᠷᠢᠶᠡᠯᠡᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ | ᠳ᠋ᠦᠩᠱᠧᠩ ᠲᠣᠭᠤᠷᠢᠭ ᠤᠨ ᠲᠣᠰ ᠱᠠᠲᠤᠨ ᠤ ᠵᠠᠷᠤᠯᠭ᠎ᠠ ᠳᠤ ᠪᠤᠳᠤᠵᠤ ᠣᠷᠣᠭᠤᠯᠬᠤ ᠦᠭᠡᠢ︶᠃ ᠪᠣᠳᠠᠲᠠᠢ ᠪᠠᠷ ᠬᠡᠯᠡᠪᠡᠯ᠄ | ⑴ ᠠᠵᠢᠯᠲᠠᠨ ᠤ ᠴᠠᠯᠢᠩ ᠤᠨ ᠵᠠᠷᠤᠯᠭ᠎ᠠ ᠶᠢ 29.63 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ ᠡᠭᠦᠨ ᠳᠤ ᠠᠵᠢᠯ ᠤᠨ ᠪᠠᠶᠢᠷᠢᠨ ᠳᠤ ᠪᠠᠶᠢᠭ᠎ᠠ | ᠠᠵᠢᠯᠲᠠᠨ ᠠᠵᠢᠯᠴᠢᠨ ᠵᠢᠴᠢ ᠠᠵᠢᠯ ᠠᠴᠠ ᠪᠠᠨ ᠠᠮᠠᠷᠠᠵᠦ ᠪᠠᠭᠤᠭᠰᠠᠨ ᠬᠥᠮᠥᠰ ᠤᠨ ᠴᠠᠯᠢᠩ 21.34 ᠳ᠋ᠦᠩᠰᠢᠭᠤᠷ ᠲᠥᠭᠦᠷᠢᠭ᠂ ᠬᠤᠪᠢ ᠬᠥᠮᠥᠨ ᠵᠢᠴᠢ ᠭᠡᠷ | ᠪᠦᠯᠢ ᠳᠤ ᠥᠭᠬᠦ ᠨᠥᠬᠦᠪᠦᠷᠢ 6.37 ᠳ᠋ᠦᠩᠰᠢᠭᠤᠷ ᠲᠥᠭᠦᠷᠢᠭ᠂ ᠪᠤᠰᠤᠳ ᠬᠥᠮᠥᠰ ᠤᠨ ᠴᠠᠯᠢᠩ ᠵᠢᠴᠢ ᠨᠥᠬᠦᠪᠦᠷᠢ 372 ᠲᠦᠮᠡᠨ ᠲᠥᠭᠦᠷᠢᠭ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠪᠠᠷ ᠴᠠᠯᠢᠩ ᠨᠡᠮᠡᠭᠳᠡᠭᠦᠯᠬᠦ ᠪᠠ ᠴᠠᠯᠢᠩ ᠲᠣᠬᠢᠷᠠᠭᠤᠯᠬᠤ ᠵᠠᠷᠤᠳᠠᠯ 1.88 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ | ⑵ᠰᠠᠯᠠᠭ᠎ᠠ ᠮᠥᠴᠢᠷ ᠤᠨ ᠦᠨᠳᠦᠰᠦᠨ ᠵᠠᠷᠤᠯᠭ᠎ᠠ ᠶᠢ 3.67 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠂ ᠡᠭᠦᠨ ᠳᠤ ᠨᠡᠶᠢᠲᠡ ᠶᠢᠨ ᠬᠡᠷᠡᠭᠯᠡᠭᠡᠨ ᠤ | ᠵᠠᠷᠤᠳᠠᠯ ︵ᠠᠯᠪᠠᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ ᠳᠤᠯᠠᠭᠠᠯᠠᠯᠭ᠎ᠠ ᠶᠢᠨ ᠵᠠᠷᠤᠳᠠᠯ︶ ᠢ 0.97 ᠳ᠋ᠦᠩᠰᠢᠭᠤᠷ ᠲᠥᠭᠦᠷᠢᠭ᠂ ᠠᠰᠠᠷᠠᠮᠵᠢ ᠶᠢᠨ | ᠵᠠᠷᠤᠳᠠᠯ ᠢ 0.36 ᠳ᠋ᠦᠩᠰᠢᠭᠤᠷ ᠲᠥᠭᠦᠷᠢᠭ᠂ ᠲᠦᠷ ᠬᠦᠯᠦᠰᠦᠯᠡᠭᠰᠡᠳ ᠤᠨ ᠴᠠᠯᠢᠩ ᠵᠢᠴᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠵᠠᠷᠤᠳᠠᠯ ᠢ 1. | 95 ᠳ᠋ᠦᠩᠰᠢᠭᠤᠷ ᠲᠥᠭᠦᠷᠢᠭ᠂ ᠤᠰᠤᠨ ᠴᠠᠬᠢᠯᠭᠠᠨ ᠤ ᠠᠳᠠᠯ ᠠᠬᠤᠢ ᠶᠢᠨ ᠵᠠᠷᠤᠳᠠᠯ ᠵᠡᠷᠭᠡ ᠠᠵᠢᠯᠯᠠᠭᠠᠨ ᠤ ᠵᠠᠷᠤᠳᠠᠯ ᠢ 0.39 ᠳ᠋ᠦᠩᠰᠢᠭᠤᠷ ᠲᠥᠭᠦᠷᠢᠭ | ᠲᠤᠬᠢᠷᠠᠭᠤᠯᠤᠨ᠎ᠠ᠃ | ⑶ᠰᠠᠯᠠᠭ᠎ᠠ ᠮᠥᠴᠢᠷ ᠤᠨ ᠵᠦᠢᠯᠡᠰ ᠤᠨ ᠵᠠᠷᠤᠯᠭ᠎ᠠ ᠶᠢ 13.97 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ ᠡᠭᠦᠨ ᠳᠤ ᠵᠠᠰᠠᠭ ᠵᠠᠬᠢᠷᠭ᠎ᠠ ᠤᠯᠤᠰ | ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠲᠤᠰᠬᠠᠢ ᠵᠠᠷᠤᠳᠠᠯ 2.05 ᠳ᠋ᠦᠩᠰᠢᠭᠤᠷ ᠲᠥᠭᠦᠷᠢᠭ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠰᠣᠶᠣᠯ ᠤᠨ | ᠰᠠᠯᠠᠭ᠎ᠠ ᠮᠥᠴᠢᠷ ᠤᠨ ᠲᠤᠰᠬᠠᠢ ᠵᠠᠷᠤᠳᠠᠯ 5.1 ᠳ᠋ᠦᠩᠰᠢᠭᠤᠷ ᠲᠥᠭᠦᠷᠢᠭ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠲᠤᠰᠬᠠᠢ | ᠵᠠᠷᠤᠳᠠᠯ 3.98 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠲᠤᠰᠬᠠᠢ ᠵᠠᠷᠤᠳᠠᠯ 0.62 ᠳ᠋ᠦᠩᠰᠢᠭᠤᠷ | ᠲᠥᠭᠦᠷᠢᠭ᠂ ᠨᠡᠶᠢᠭᠡᠮ ᠤᠨ ᠪᠠᠲᠤᠯᠠᠭ᠎ᠠ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠲᠤᠰᠬᠠᠢ ᠵᠠᠷᠤᠳᠠᠯ 2.22 ᠳ᠋ᠦᠩᠰᠢᠭᠤᠷ ᠲᠥᠭᠦᠷᠢᠭ ᠪᠠᠭᠲᠠᠨ᠎ᠠ᠃ | ⑷ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠬᠦ ᠲᠦᠷᠦᠯ ᠵᠦᠢᠯ ᠤᠨ ᠵᠠᠷᠤᠯᠭ᠎ᠠ ᠶᠢ 8.23 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ | ᠡᠭᠦᠨ ᠳᠤ᠄ | — ᠶᠡᠷᠦᠩᠬᠡᠢ ᠪᠠᠲᠤᠯᠠᠭ᠎ᠠ ᠶᠢᠨ ᠲᠤᠰᠬᠠᠢ ᠵᠠᠷᠤᠳᠠᠯ 2.2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠭᠦᠨ ᠳᠤ ᠵᠠᠰᠠᠭ ᠤᠨ ᠣᠷᠳᠣᠨ ᠤ ᠭᠤᠣᠯᠳᠠᠯᠭ᠎ᠠ | ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠤᠰᠤ ᠲᠤᠰᠬᠤᠨ ᠤ ᠨᠡᠭᠦᠷᠡᠰᠦᠨ ᠠᠭᠤᠷᠬᠠᠢ ᠶᠢᠨ ᠭᠠᠯ ᠤᠨ ᠣᠷᠣᠨ ᠤ ᠭᠠᠵᠠᠷ ᠰᠢᠨᠵᠢᠯᠡᠭᠡᠨ ᠤ ᠭᠠᠢ | ᠭᠠᠮᠰᠢᠭ ᠢ ᠲᠤᠰᠬᠠᠶᠢᠯᠠᠨ ᠵᠠᠰᠠᠬᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠵᠠᠷᠤᠳᠠᠯ᠂ ᠠᠷᠠᠯᠵᠢᠶᠠᠴᠢᠨ | ᠤᠷᠢᠵᠤ ᠪᠡᠯᠡ ᠤᠷᠤᠭᠤᠯᠬᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠬᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠢᠯᠡᠴᠢᠯᠡᠨ ᠮᠡᠳᠡᠬᠦᠯᠦᠯᠲᠡ ᠶᠢᠨ ᠱᠠᠩᠨᠠᠯ ᠬᠥᠬᠢᠭᠦᠯᠦᠯ᠂ ᠲᠤᠭ᠎ᠠ ᠪᠦᠷᠢᠳᠬᠡᠯ ᠤᠨ ᠠᠵᠢᠯ᠂ ᠲᠠᠪᠤᠳᠤᠭᠠᠷ | ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ᠂ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠤᠨ ᠠᠵᠢᠯ᠂ ᠴᠢᠬᠤᠯᠠ ᠶᠡᠭᠡ ᠰᠣᠶᠣᠯ ᠲᠠᠮᠢᠷ ᠤᠨ ᠬᠥᠳᠡᠯᠭᠡᠭᠡᠨ ᠵᠢᠴᠢ ᠨᠡᠶᠢᠭᠡᠮ ᠤᠨ ᠪᠦᠯᠬᠦᠮ ᠤᠨ ᠠᠵᠢᠯᠯᠠᠭ᠎ᠠ᠂ ᠴᠢᠬᠡᠴᠢ ᠵᠠᠰᠠᠭ ᠤᠨ ᠬᠥᠮᠦᠵᠢᠯ ᠤᠨ | ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠬᠡᠵᠢᠬᠦᠯᠬᠦ ᠲᠥᠪ ᠤᠨ ᠠᠵᠢᠯ᠂ ᠤᠬᠠᠭᠤᠯᠭ᠎ᠠ ᠬᠠᠮᠲᠤᠷᠠᠯᠴᠠᠭ᠎ᠠ | ᠰᠣᠯᠢᠯᠴᠠᠭ᠎ᠠ᠂ ᠬᠠᠷᠢᠴᠠᠩᠭᠤᠢ ᠪᠠᠷ ᠬᠤᠴᠤᠷᠤᠩᠭᠤᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ᠂ | ᠲᠣᠰᠬᠤᠨ ᠤ ᠳᠡᠰ ᠤᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠲᠡᠰ ᠳᠡᠪᠰᠢᠭᠦᠯᠬᠦ ᠠᠵᠢᠯ᠂ ᠵᠠᠰᠠᠭ ᠤᠨ ᠣᠷᠳᠣᠨ ᠠᠴᠠ ᠦᠢᠯᠡᠴᠢᠯᠡᠭᠡ | ᠬᠤᠳᠠᠯᠳᠤᠨ ᠠᠪᠬᠤ᠂ ᠰᠢᠨ᠎ᠡ ᠡᠨᠧᠷᠭᠢ ᠶᠢᠨ ᠤᠶᠤᠨᠴᠢᠯᠠᠭᠰᠠᠨ ᠡᠬᠡ ᠬᠠᠭᠤᠷᠠᠢ ᠶᠢᠨ ᠭᠠᠷᠠᠮ ᠤᠨ ᠲᠦᠷᠦᠯ ᠵᠦᠢᠯ᠂ ᠠᠮᠤᠷ ᠲᠦᠪᠰᠢᠨ ᠨᠠᠶᠢᠳᠠᠪᠤᠷᠢᠳᠠᠢ ᠪᠠᠷ | ᠤᠷᠤᠯᠠᠭᠤᠯᠬᠤ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠢᠷᠢ ᠪᠦᠲᠦᠮᠵᠢ ᠶᠢᠨ ᠱᠠᠩᠨᠠᠯ ᠵᠡᠷᠭᠡ ᠪᠣᠯᠣᠨ᠎ᠠ᠃ | — ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ᠂ ᠬᠤᠳᠠ ᠶᠢᠨ ᠨᠠᠷᠢᠯᠢᠭᠵᠢᠭᠤᠯᠤᠭᠰᠠᠨ ᠵᠠᠰᠠᠯᠲᠠ ᠪᠠ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠲᠤᠰᠬᠠᠢ ᠵᠠᠷᠤᠳᠠᠯ 2.3 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠡᠭᠦᠨ ᠳᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ︵ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠬᠤᠭᠤᠯᠠᠢ ᠶᠢᠨ ᠲᠣᠣᠷ ᠢ ᠦᠭᠡᠷᠡᠴᠢᠯᠡᠨ ᠵᠠᠰᠠᠬᠤ᠂ ᠬᠤᠳᠠ ᠶᠢᠨ | ᠶᠠᠪᠤᠳᠠᠯ ᠤᠨ ᠰᠡᠯᠪᠢᠨ ᠵᠠᠰᠠᠯᠲᠠ ᠵᠡᠷᠭᠡ︶᠂ ᠬᠤᠳᠠ ᠶᠢᠨ ᠨᠠᠷᠢᠯᠢᠭᠵᠢᠭᠤᠯᠤᠭᠰᠠᠨ ᠵᠠᠰᠠᠯᠲᠠ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠵᠤ ᠡᠷᠡᠭᠦᠯ ᠬᠠᠮᠠᠭᠠᠯᠠᠯ ᠢ | ᠴᠣᠭᠴᠠᠯᠠᠬᠤ ᠵᠡᠷᠭᠡ ᠠᠵᠢᠯ ᠤᠨ ᠵᠠᠷᠤᠳᠠᠯ ︵ᠤᠬᠠᠭᠤᠯᠬᠤ ᠬᠡᠯᠲᠡᠰ᠂ ᠡᠯ᠎ᠡ ᠬᠡᠷᠡᠭ ᠡᠷᠬᠢᠯᠡᠬᠦ ᠭᠠᠵᠠᠷ᠂ ᠭᠤᠷᠪᠠᠨ ᠪᠠᠯᠭᠠᠰᠤ ᠵᠡᠷᠭᠡ︶ ᠵᠢᠴᠢ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠲᠤᠰᠬᠠᠢ ᠨᠥᠬᠦᠪᠦᠷᠢ ᠵᠢᠴᠢ ᠳᠡᠭᠡᠭᠰᠢ ᠲᠤᠰᠢᠶᠠᠬᠤ ᠲᠤᠰᠬᠠᠢ ᠲᠦᠷᠦᠯ ᠤᠨ ᠵᠠᠷᠤᠯᠭ᠎ᠠ ᠵᠡᠷᠭᠡ ᠶᠢ ᠪᠠᠭᠲᠠᠭᠠᠨ᠎ᠠ᠃ | — ᠣᠷᠣᠯᠭ᠎ᠠ ᠶᠢᠨ ᠳᠠᠳᠠᠪᠤᠷᠢᠯᠠᠯᠲᠠ ᠶᠢᠨ ᠲᠤᠰᠬᠠᠢ ᠵᠠᠷᠤᠳᠠᠯ ᠢ 0.5 ᠳ᠋ᠦᠩᠰᠢᠭᠤᠷ ᠲᠥᠭᠦᠷᠢᠭ ᠲᠤᠬᠢᠷᠠᠭᠤᠯᠵᠦ᠂ ᠡᠭᠦᠨ ᠳᠤ ᠭᠠᠶᠢᠯᠢ ᠲᠠᠲᠠᠪᠤᠷᠢ ᠶᠢᠨ | ᠣᠷᠣᠯᠭ᠎ᠠ ᠠᠴᠠ ᠲᠠᠲᠠᠪᠤᠷᠢᠯᠠᠬᠤ ᠵᠠᠷᠤᠳᠠᠯ 4000 ᠲᠦᠮᠡᠨ ᠲᠥᠭᠦᠷᠢᠭ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠠᠵᠢᠯ ᠤᠨ ᠪᠠᠶᠢᠷᠢᠨ ᠳᠤ ᠪᠠᠶᠢᠭ᠎ᠠ ᠬᠥᠮᠥᠰ | ᠵᠢᠴᠢ ᠠᠵᠢᠯ ᠠᠴᠠ ᠪᠠᠨ ᠠᠮᠠᠷᠠᠵᠦ ᠪᠠᠭᠤᠭᠰᠠᠨ ᠬᠥᠮᠥᠰ ᠤᠨ ᠠᠵᠢᠯ ᠤᠨ ᠰᠠᠭᠤᠷᠢ ᠬᠢᠷᠢ ᠪᠦᠲᠦᠮᠵᠢ ᠶᠢᠨ ᠱᠠᠩᠨᠠᠯ᠂ ᠵᠢᠯ ᠤᠨ ᠡᠴᠦᠰ ᠤᠨ ᠬᠢᠨᠠᠨ ᠰᠢᠯᠭᠠᠷᠠᠭᠤᠯᠤᠯᠲᠠ | ᠶᠢᠨ ᠱᠠᠩᠨᠠᠯ ᠵᠡᠷᠭᠡ ᠠᠵᠢᠯ ᠤᠨ ᠬᠢᠷᠢ ᠪᠦᠲᠦᠮᠵᠢ ᠶᠢᠨ ᠴᠠᠯᠢᠩ 300 ᠲᠦᠮᠡᠨ ᠲᠥᠭᠦᠷᠢᠭ᠂ ᠭᠠᠶᠢᠯᠢ ᠶᠢᠨ ᠪᠤᠰᠤ ᠣᠷᠣᠯᠭ᠎ᠠ ᠠᠴᠠ ᠲᠠᠲᠠᠪᠤᠷᠢᠯᠠᠨ ᠬᠠᠮᠢᠶᠠᠷᠬᠤ | ᠵᠠᠷᠤᠳᠠᠯ 700 ᠲᠦᠮᠡᠨ ᠲᠥᠭᠦᠷᠢᠭ ᠪᠠᠭᠲᠠᠨ᠎ᠠ᠃ | — ᠵᠠᠰᠠᠭ ᠤᠨ ᠣᠷᠳᠣᠨ ᠤ PPP ᠰᠦᠢᠳᠬᠡᠯ ᠲᠤᠰᠢᠶᠠᠬᠤ ᠲᠥᠷᠥᠯ ᠵᠦᠢᠯ ᠤᠨ ᠲᠤᠰᠬᠠᠢ ᠵᠠᠷᠤᠳᠠᠯ ᠢ 1.08 ᠳ᠋ᠦᠩᠰᠢᠭᠤᠷ ᠲᠥᠭᠦᠷᠢᠭ | ᠲᠤᠬᠢᠷᠠᠭᠤᠯᠵᠦ᠂ ᠡᠭᠦᠨ ᠳᠤ ᠤᠰᠤ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠬᠡᠢ ᠪᠠᠷ ᠰᠢᠢᠳᠪᠦᠷᠢᠯᠡᠬᠦ ᠲᠥᠷᠥᠯ ᠵᠦᠢᠯ ᠤᠨ 2650 | ᠲᠦᠮᠡᠨ ᠲᠥᠭᠦᠷᠢᠭ᠂ ᠬᠤᠶᠢᠳᠤ ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠭᠦᠯᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠥᠭᠡᠷᠡᠴᠢᠯᠡᠬᠦ | ᠢᠨᠵᠧᠨᠧᠷᠢᠩ ᠤᠨ 8150 ᠲᠦᠮᠡᠨ ᠲᠥᠭᠦᠷᠢᠭ ᠪᠠᠭᠳᠠᠨ᠎ᠠ᠃ | — ᠬᠢᠵᠢᠭ ᠤᠨ ᠪᠠᠶᠢᠳᠠᠯ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠵᠦ ᠡᠷᠡᠭᠦᠯᠵᠢᠭᠦᠯᠬᠦ ᠲᠤᠰᠬᠠᠢ ᠵᠠᠷᠤᠳᠠᠯ ᠢ 1 ᠳ᠋ᠦᠩᠰᠢᠭᠤᠷ ᠲᠥᠭᠦᠷᠢᠭ | ᠲᠣᠬᠢᠷᠠᠭᠤᠯᠵᠤ᠂ ᠭᠤᠣᠯᠳᠠᠭᠤ ᠬᠢᠵᠢᠭ ᠤᠨ ᠪᠠᠶᠢᠳᠠᠯ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠵᠦ ᠡᠷᠡᠭᠦᠯᠵᠢᠭᠦᠯᠬᠦ ᠵᠡᠷᠭᠡ ᠬᠤᠯᠪᠣᠭᠳᠠᠯ ᠪᠦᠬᠦᠢ ᠵᠠᠷᠤᠳᠠᠯ ᠳᠤ | ᠬᠡᠷᠡᠭᠯᠡᠨ᠎ᠡ᠃ | — ᠪᠤᠰᠤᠳ ᠭᠤᠣᠯᠳᠠᠯᠭ᠎ᠠ ᠲᠠᠢ ᠲᠦᠷᠦᠯ ᠵᠦᠢᠯ ᠤᠨ ᠲᠤᠰᠬᠠᠢ ᠵᠠᠷᠤᠳᠠᠯ ᠢ 1.15 ᠳ᠋ᠦᠩᠰᠢᠭᠤᠷ ᠲᠥᠭᠦᠷᠢᠭ ᠲᠤᠬᠢᠷᠠᠭᠤᠯᠵᠦ᠂ ᠡᠭᠦᠨ ᠳᠤ ᠰᠤᠷᠭᠠᠨ | ᠬᠥᠮᠦᠵᠢᠯ ᠢ ᠬᠥᠭᠵᠢᠭᠦᠯᠬᠦ ᠪᠡᠯᠡ ᠮᠥᠩᠭᠦ 5000 ᠲᠦᠮᠡᠨ ᠲᠥᠭᠦᠷᠢᠭ ᠢ ᠪᠠᠭᠲᠠᠭᠠᠨ᠎ᠠ᠃ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ | ᠵᠠᠷᠤᠳᠠᠯ᠂ ᠡᠨᠧᠷᠭᠢ ᠶᠢᠨ ᠰᠢᠰᠲ᠋ᠧᠮ ᠵᠢᠴᠢ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠵᠡᠷᠭᠡ ᠲᠥᠷᠥᠯ ᠵᠦᠢᠯ ᠤᠨ ᠲᠤᠰᠬᠠᠢ ᠮᠡᠷᠭᠡᠵᠢᠯᠲᠡᠨ ᠤ ᠵᠠᠷᠤᠳᠠᠯ᠂ | ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠵᠠᠷᠤᠳᠠᠯ ᠵᠡᠷᠭᠡ 1800 ᠲᠦᠮᠡᠨ ᠲᠥᠭᠦᠷᠢᠭ︔ ᠭᠠᠯ ᠤᠨᠳᠠᠷᠠᠭᠠᠭᠴᠢ ᠶᠢᠨ ᠴᠠᠯᠢᠩ᠂ | ᠨᠥᠬᠦᠪᠦᠷᠢ ᠮᠥᠩᠭᠦ ᠵᠢᠴᠢ ᠠᠵᠢᠯ ᠤᠨ ᠵᠠᠷᠤᠳᠠᠯ 1600 ᠲᠦᠮᠡᠨ ᠲᠥᠭᠦᠷᠢᠭ︔ ᠵᠠᠬᠢᠳᠠᠯ ᠰᠣᠷᠪᠤᠯᠵᠢᠯᠠᠭ᠎ᠠ ᠶᠢᠨ ᠨᠥᠭᠡᠴᠡ ᠮᠥᠩᠭᠦ ︵ᠬᠥᠯᠥᠰᠦᠨ ᠠᠵᠢᠯᠴᠢᠨ ᠤ | ᠴᠠᠯᠢᠩ ᠤᠨ ᠬᠤᠲᠠ ᠶᠢᠨ ᠳᠡᠰ ᠤᠨ ᠬᠢᠨᠠᠨ ᠰᠢᠯᠭᠠᠷᠠᠭᠤᠯᠤᠯᠲᠠ ᠶᠢ ᠪᠠᠭᠲᠠᠭᠠᠨ᠎ᠠ︶ 600 ᠲᠦᠮᠡᠨ ᠲᠥᠭᠦᠷᠢᠭ᠂ ᠬᠤᠳᠠᠯᠳᠤᠨ ᠠᠪᠬᠤ ᠵᠠᠷᠤᠳᠠᠯ᠂ ᠪᠠᠴᠢᠮ | ᠪᠠᠶᠢᠳᠠᠯ ᠢ ᠠᠷᠭᠠᠴᠠᠬᠤ ᠰᠡᠯᠪᠢᠨ ᠵᠠᠰᠠᠬᠤ ᠵᠠᠷᠤᠳᠠᠯ 500 ᠲᠦᠮᠡᠨ ᠲᠥᠭᠦᠷᠢᠭ︔ ᠲᠥᠰᠥᠪ ᠤᠨ ᠡᠷᠭᠢᠯᠲᠡ᠂ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ | 500 ᠲᠦᠮᠡᠨ ᠲᠥᠭᠦᠷᠢᠭ︔ ᠠᠵᠢᠯᠴᠢᠨ ᠤ ᠡᠪᠯᠡᠯ ᠤᠨ ᠵᠠᠷᠤᠳᠠᠯ 500 ᠲᠦᠮᠡᠨ ᠲᠥᠭᠦᠷᠢᠭ︔ ᠬᠠᠤᠯᠢ ᠴᠠᠭᠠᠵᠠ ᠶᠢᠨ ᠵᠥᠪᠯᠡᠭᠴᠢ ᠶᠢᠨ ᠵᠠᠷᠤᠳᠠᠯ᠂ ᠵᠠᠰᠠᠭ ᠤᠨ | ᠣᠷᠳᠣᠨ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠬᠡᠷᠡᠭ ᠤᠨ ᠵᠠᠷᠤᠳᠠᠯ 400 ᠲᠦᠮᠡᠨ ᠲᠥᠭᠦᠷᠢᠭ︔ ᠲᠣᠬᠤᠨᠢᠭᠤᠯᠬᠤ ᠵᠠᠷᠤᠳᠠᠯ 310 ᠲᠦᠮᠡᠨ | ᠲᠥᠭᠦᠷᠢᠭ︔ ᠬᠤᠷᠠᠯ ᠤᠨ ᠵᠠᠷᠤᠳᠠᠯ 200 ᠲᠦᠮᠡᠨ ᠲᠥᠭᠦᠷᠢᠭ᠂ ᠠᠷᠠᠳ ᠤᠨ ᠪᠠᠩᠬᠢ ᠶᠢᠨ ᠮᠥᠩᠭᠦᠨ ᠬᠥᠮᠥᠷᠭᠡ ᠶᠢᠨ ᠠᠵᠢᠯᠯᠠᠭᠠᠨ ᠤ ᠵᠠᠷᠤᠳᠠᠯ 50 ᠲᠦᠮᠡᠨ | ᠲᠥᠭᠦᠷᠢᠭ︔ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠶᠢᠨ ᠪᠣᠯᠪᠠᠰᠤᠷᠠᠯ᠂ ᠠᠮᠢᠳᠤᠷᠠᠯ ᠤᠨ ᠨᠥᠬᠦᠪᠦᠷᠢ ᠵᠠᠷᠤᠳᠠᠯ 41.2 ᠲᠦᠮᠡᠨ ᠲᠥᠭᠦᠷᠢᠭ︔ ᠣᠨᠴᠠ | ᠬᠡᠷᠡᠭᠴᠡᠭᠡᠨ ᠤ ᠵᠠᠷᠤᠳᠠᠯ ᠵᠢᠴᠢ ᠪᠤᠰᠤᠳ ᠠᠵᠢᠯ ᠠᠴᠠ ᠪᠠᠨ ᠰᠠᠯᠤᠭᠰᠠᠨ ᠪᠠ ᠠᠵᠢᠯ ᠠᠴᠠ ᠪᠠᠨ ᠪᠠᠭᠤᠭᠰᠠᠨ ᠵᠠᠷᠤᠳᠠᠯ 10 ᠲᠦᠮᠡᠨ ᠲᠥᠭᠦᠷᠢᠭ᠃ | ⑸ ᠪᠠᠯᠭᠠᠰᠤᠨ ᠤ ᠱᠠᠲᠤᠨ ᠤ ᠵᠠᠷᠤᠯᠭ᠎ᠠ ᠶᠢ 0.69 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ | ⑹ ᠬᠤᠷᠢᠶᠠᠨ ᠠᠪᠤᠭᠰᠠᠨ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢᠨ ᠲᠤᠬᠢᠷᠠᠭᠤᠯᠤᠭᠰᠠᠨ ᠵᠠᠷᠤᠯᠭ᠎ᠠ 0.8 ᠳ᠋ᠥᠩᠰᠢᠭᠤᠷ ᠲᠦᠬᠦᠷᠢᠭ᠃ ᠡᠬᠦᠨ | ᠳᠤ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ᠂ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠤᠳᠠ ᠬᠥᠳᠡᠭᠡ ᠨᠡᠶᠢᠭᠡᠮ | ᠲᠣᠭᠤᠷᠢᠭ᠂ ᠲᠠᠷᠢᠶᠠᠯᠠᠩ ᠤᠢ ᠰᠢᠭᠤᠢ ᠤᠰᠤᠨ ᠤ ᠶᠠᠪᠤᠳᠠᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠤᠷᠢᠶᠠᠨ ᠠᠪᠤᠭᠰᠠᠨ ᠡᠳ᠋ ᠤᠨ ᠵᠠᠰᠠᠭ ᠤᠨ | ᠦᠯᠡᠳᠡᠭᠡᠯ ᠭᠦᠢᠴᠡᠳᠬᠡᠯ ᠲᠤᠭ᠎ᠠ ᠶᠢᠨ ᠲᠤᠬᠢᠷᠠᠭᠤᠯᠤᠭᠰᠠᠨ ᠵᠠᠷᠤᠯᠭ᠎ᠠ ᠪᠠᠭᠳᠠᠨ᠎ᠠ᠃ | ⑺ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯᠯᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠰᠬᠠᠢ ᠵᠠᠷᠤᠳᠠᠯ ᠢ 32.07 | ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ ᠡᠭᠦᠨ ᠳᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠥᠭᠬᠦ ᠶᠣᠰᠣᠲᠠᠢ ᠬᠦᠦ ᠮᠥᠩᠭᠦ ᠵᠢᠴᠢ ᠲᠠᠷᠬᠠᠭᠠᠬᠤ ᠵᠠᠷᠤᠳᠠᠯ | 15 ᠳ᠋ᠦᠩᠰᠢᠭᠤᠷ ᠲᠥᠭᠦᠷᠢᠭ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠬᠤᠭᠤᠴᠠᠭ᠎ᠠ ᠨᠢ ᠲᠤᠯᠪᠠᠯ ᠡᠬᠡ ᠮᠥᠩᠭᠦ ᠶᠢ ᠨᠢ ᠪᠤᠴᠠᠭᠠᠬᠤ᠂ ᠵᠠᠰᠠᠭ ᠤᠨ ᠣᠷᠳᠣᠨ ᠤ | ᠥᠷᠢ ᠥᠭᠴᠡᠭᠡ ᠶᠢ ᠠᠷᠢᠯᠭᠠᠬᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ ᠡᠬᠡ ᠮᠥᠩᠭᠦ ᠶᠢ ᠪᠤᠴᠠᠭᠠᠬᠤ᠂ ᠲᠦᠷ ᠲᠤᠭᠠᠴᠠᠭᠠᠲᠦᠢ ᠲᠤᠰᠢᠶᠠᠬᠤ | ᠵᠣᠭᠤᠰ ᠢ ᠰᠢᠢᠳᠪᠤᠷᠢᠯᠡᠬᠦ ᠵᠡᠷᠭᠡ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯᠯᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠤᠰᠤᠳ ᠵᠠᠷᠤᠯᠭ᠎ᠠ | 17.07 ᠳ᠋ᠦᠩᠰᠢᠭᠤᠷ ᠲᠥᠭᠦᠷᠢᠭ ᠪᠠᠭᠲᠠᠨ᠎ᠠ᠃ | ⑻ ᠪᠡᠯᠡᠳᠬᠡᠯ ᠵᠠᠷᠤᠳᠠᠯ ᠢ 1ᠳ᠋ᠦᠩᠰᠢᠭᠤᠷ ᠲᠥᠭᠦᠷᠢᠭ ᠲᠣᠬᠢᠷᠠᠭᠤᠯᠵᠤ᠂ ︽ᠲᠥᠰᠥᠪ ᠤᠨ ᠬᠠᠤᠯᠢ︾ ᠶᠢᠨ ᠲᠣᠭᠲᠠᠭᠠᠯ ᠶᠣᠰᠣᠭᠠᠷ᠂ ᠵᠠᠷᠤᠯᠭ᠎ᠠ ᠶᠢᠨ | ᠲᠥᠰᠥᠪ ᠤᠨ 1% — 3% ᠶᠢᠨ ᠲᠣᠬᠢᠷᠠᠭᠤᠯᠤᠯᠲᠠ ᠪᠠᠷ ᠯᠠᠪᠯᠠᠯᠲᠠ ᠪᠣᠯᠭᠠᠵᠤ᠂ ᠲᠤᠬᠠᠢ ᠶᠢᠨ ᠵᠢᠯ ᠤᠨ ᠲᠥᠰᠥᠪ ᠢ ᠭᠦᠢᠴᠡᠳᠬᠡᠬᠦ ᠶᠠᠪᠤᠴᠠ ᠳᠠᠬᠢ | ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ ᠵᠢᠴᠢ ᠪᠤᠰᠤᠳ ᠤᠷᠢᠳᠴᠢᠯᠠᠨ ᠮᠡᠳᠡᠬᠦᠶ᠎ᠡ ᠪᠡᠷᠬᠡ ᠶᠠᠪᠤᠳᠠᠯ ᠤᠨ ᠵᠠᠷᠤᠯᠭ᠎ᠠ ᠳᠤ ᠬᠡᠷᠡᠭᠯᠡᠨ᠎ᠡ᠃ | ⒋ᠳᠡᠭᠡᠷ᠎ᠡ ᠵᠢᠯ ᠤᠨ ᠳ᠋ᠦᠩᠨᠡᠨ ᠲᠤᠭᠠᠴᠠᠵᠦ ᠰᠢᠯᠵᠢᠭᠦᠯᠦᠭᠰᠡᠨ᠂ ᠤᠷᠢᠳᠴᠢᠯᠠᠨ ᠪᠠᠭᠤᠯᠭᠠᠭᠰᠠᠨ ᠳᠡᠭᠡᠳᠦ ᠱᠠᠲᠤᠨ ᠤ ᠰᠢᠯᠵᠢᠭᠦᠯᠦᠨ ᠥᠭᠭᠦᠭᠰᠡᠨ ᠵᠠᠷᠤᠯᠭ᠎ᠠ | ᠵᠢᠴᠢ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢᠨ ᠵᠠᠷᠤᠯᠭ᠎ᠠ ᠶᠢᠨ ᠲᠠᠯ᠎ᠠ ᠪᠠᠷ᠃ | ⑴ ᠲᠦᠷᠦᠭᠦᠦ ᠵᠢᠯ ᠤᠨ ᠳ᠋ᠦᠩᠨᠡᠨ ᠲᠤᠭᠠᠴᠠᠵᠦ ᠰᠢᠯᠵᠢᠭᠦᠯᠦᠭᠰᠡᠨ ᠵᠠᠷᠤᠯᠭ᠎ᠠ ᠶᠢ 8.98 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ ᠡᠭᠦᠨ ᠳᠤ | ᠭᠤᠣᠯᠳᠠᠭᠤ ᠲᠤᠭᠤᠷᠢᠭ ᠤᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠵᠡᠷᠭᠡ ᠦᠯᠡᠳᠡᠪᠦᠷᠢ ᠣᠷᠣᠯᠭ᠎ᠠ ᠶᠢᠨ ᠵᠠᠷᠤᠯᠭ᠎ᠠ ᠶᠢ 1.66 | ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠥᠩᠭᠡᠷᠡᠭᠰᠡᠨ ᠵᠢᠯ ᠤᠳ ᠤᠨ ᠳᠡᠭᠡᠳᠦ ᠱᠠᠲᠤᠨ ᠤ ᠰᠢᠯᠵᠢᠭᠦᠯᠦᠨ ᠥᠭᠭᠦᠭᠰᠡᠨ ᠦᠯᠡᠳᠡᠪᠦᠷᠢ ᠣᠷᠣᠯᠭ᠎ᠠ ᠶᠢᠨ | ᠵᠠᠷᠤᠯᠭ᠎ᠠ ᠶᠢ 7.32 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ | ⑵ᠳᠡᠭᠡᠳᠦ ᠱᠠᠲᠤᠨ ᠤ ᠰᠢᠯᠵᠢᠭᠦᠯᠦᠨ ᠦᠭᠭᠦᠭᠰᠡᠨ ᠵᠠᠷᠤᠯᠭ᠎ᠠ ᠶᠢ ᠤᠷᠢᠳᠴᠢᠯᠠᠨ ᠪᠠᠭᠤᠯᠭᠠᠵᠦ᠂ 2.01 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ | ᠡᠭᠦᠨ ᠳᠤ ᠭᠤᠣᠯᠳᠠᠭᠤ ᠨᠡᠶᠢᠭᠡᠮ ᠤᠨ ᠳᠠᠭᠠᠳᠬᠠᠯ᠂ ᠰᠤᠷᠭᠠᠨ ᠬᠥᠮᠦᠵᠢᠯ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠵᠡᠷᠭᠡ ᠠᠷᠠᠳ ᠤᠨ ᠠᠮᠢᠳᠤᠷᠠᠯ ᠤᠨ | ᠬᠦᠷᠢᠶᠡᠨ ᠳᠤ ᠰᠢᠯᠵᠢᠭᠦᠯᠦᠨ ᠦᠭᠭᠦᠭᠰᠡᠨ ᠵᠠᠷᠤᠯᠭ᠎ᠠ ᠶᠢ ᠤᠷᠢᠳᠴᠢᠯᠠᠨ ᠪᠠᠭᠤᠯᠭᠠᠨ᠎ᠠ᠃ | ⑶ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢᠨ ᠵᠠᠷᠤᠯᠭ᠎ᠠ ᠶᠢ ᠴᠢᠯᠦᠭᠡᠲᠡᠢ ᠪᠤᠯᠭᠠᠵᠦ᠂ 1.53 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ | ᠭᠤᠣᠯᠳᠠᠭᠤ ᠦᠯᠡᠳᠡᠭᠡᠯ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠬᠤᠷᠢᠶᠠᠨ ᠠᠪᠤᠭᠰᠠᠨ ᠳᠡᠭᠡᠳᠦ ᠱᠠᠲᠤᠨ ᠠᠴᠠ ᠰᠢᠯᠵᠢᠭᠦᠯᠦᠨ | ᠥᠭᠭᠦᠭᠰᠡᠨ ᠬᠤᠶᠠᠷ ᠵᠢᠯ ᠠᠴᠠ ᠬᠡᠲᠦᠷᠡᠭᠰᠡᠨ ᠵᠠᠷᠤᠯᠭ᠎ᠠ ᠶᠢ ᠤᠤᠯ ᠤᠨ ᠬᠡᠷᠡᠭᠴᠡᠭᠡ ᠪᠠᠷ ᠲᠣᠬᠢᠷᠠᠭᠤᠯᠤᠭᠰᠠᠨ ᠵᠠᠷᠤᠯᠭ᠎ᠠ ᠪᠣᠯᠣᠨ᠎ᠠ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ | 2023 ᠣᠨ ᠤ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠣᠷᠣᠯᠭ᠎ᠠ ᠶᠢ 11.98 ᠳ᠋ᠦᠩᠰᠢᠭᠤᠷ | ᠲᠥᠭᠦᠷᠢᠭ ᠲᠤᠬᠢᠷᠠᠭᠤᠯᠤᠨ᠎ᠠ᠂ ᠡᠭᠦᠨ ᠳᠤ᠄ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢ 9.5 | ᠳ᠋ᠦᠩᠰᠢᠭᠤᠷ ᠲᠥᠭᠦᠷᠢᠭ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠠᠰᠢᠭ ᠣᠷᠣᠯᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ ᠶᠢ 0.5 ᠳ᠋ᠦᠩᠰᠢᠭᠤᠷ | ᠲᠥᠭᠦᠷᠢᠭ᠂ ᠬᠤᠲᠠ ᠶᠢᠨ ᠰᠠᠭᠤᠷᠢ ᠲᠦᠬᠦᠭᠡᠷᠤᠮᠵᠢ ᠶᠢᠨ ᠢᠵᠢ ᠪᠦᠷᠢᠳᠦᠭᠦᠯᠬᠦ ᠵᠠᠷᠤᠳᠠᠯ ᠤᠨ ᠣᠷᠣᠯᠭ᠎ᠠ ᠶᠢ 1.8 ᠳ᠋ᠦᠩᠰᠢᠭᠤᠷ ᠲᠥᠭᠦᠷᠢᠭ᠂ ᠪᠣᠬᠢᠷ ᠤᠰᠤ ᠶᠢ | ᠰᠢᠢᠳᠪᠦᠷᠢᠯᠡᠬᠦ ᠵᠠᠷᠤᠳᠠᠯ ᠤᠨ ᠣᠷᠣᠯᠭ᠎ᠠ ᠶᠢ 0.18 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ | ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ︾ ᠵᠠᠷᠴᠢᠮ ᠶᠣᠰᠣᠭᠠᠷ᠂ 2023 ᠣᠨ ᠤ ᠪᠥᠬᠦ | ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠵᠠᠷᠤᠯᠭ᠎ᠠ ᠶᠢ 11.98 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠂ | ᠡᠭᠦᠨ ᠳᠤ᠄ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠵᠠᠷᠤᠯᠭ᠎ᠠ ᠶᠢ 9.5 ᠳ᠋ᠦᠩᠰᠢᠭᠤᠷ ᠲᠥᠭᠦᠷᠢᠭ᠂ | ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠠᠰᠢᠭ ᠣᠷᠣᠯᠭ᠎ᠠ ᠶᠢᠨ ᠰᠠᠭᠤᠷᠢ ᠮᠥᠩᠭᠦ ᠶᠢᠨ ᠵᠠᠷᠤᠯᠭ᠎ᠠ ᠶᠢ 0.5 ᠳ᠋ᠦᠩᠰᠢᠭᠤᠷ ᠲᠥᠭᠦᠷᠢᠭ᠂ ᠬᠤᠲᠠ ᠶᠢᠨ | ᠰᠠᠭᠤᠷᠢ ᠲᠦᠬᠦᠬᠡᠷᠤᠮᠵᠢ ᠶᠢᠨ ᠢᠵᠢ ᠪᠦᠷᠢᠳᠦᠭᠦᠯᠬᠦ ᠵᠠᠷᠤᠳᠠᠯ ᠤᠨ ᠵᠠᠷᠤᠯᠭ᠎ᠠ ᠶᠢ 1.8 ᠳ᠋ᠦᠩᠰᠢᠭᠤᠷ ᠲᠥᠭᠦᠷᠢᠭ᠂ ᠪᠣᠬᠢᠷ ᠤᠰᠤ ᠶᠢ ᠰᠢᠢᠳᠪᠦᠷᠢᠯᠡᠬᠦ ᠵᠠᠷᠤᠳᠠᠯ ᠤᠨ | ᠵᠠᠷᠤᠯᠭ᠎ᠠ ᠶᠢ 0.18 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ ᠲᠦᠷᠦᠭᠦᠦ ᠵᠢᠯ ᠤᠨ ᠳ᠋ᠦᠩᠨᠡᠨ ᠲᠤᠭᠠᠴᠠᠵᠦ ᠰᠢᠯᠵᠢᠬᠦᠯᠦᠭᠰᠡᠨ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠦᠩᠭᠦᠨ ᠤ ᠣᠷᠣᠯᠭ᠎ᠠ ᠵᠠᠷᠤᠯᠭ᠎ᠠ ᠶᠢ 1.35 ᠳ᠋ᠦᠩᠰᠢᠭᠤᠷ ᠲᠥᠭᠦᠷᠢᠭ ᠲᠤᠬᠢᠷᠠᠭᠤᠯᠤᠨ᠎ᠠ᠃ | ︵ᠭᠤᠷᠪᠠ︶ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ | ᠣᠷᠣᠨ ᠲᠤᠭ᠎ᠠ ᠶᠢᠨ ᠬᠡᠪᠴᠢᠶᠡᠨ ᠳᠤ ᠣᠷᠣᠭᠤᠯᠤᠭᠰᠠᠨ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ 2022 ᠣᠨ ᠤ ᠭᠠᠶᠢᠯᠢ | ᠶᠢᠨ ᠳᠠᠷᠠᠭᠠᠬᠢ ᠴᠡᠪᠡᠷ ᠠᠰᠢᠭ ᠬᠤᠨᠵᠢᠪᠤᠷᠢ ᠶᠢᠨ 30% ᠶᠢᠨ ᠲᠥᠰᠥᠭᠡᠯᠡᠨ ᠪᠣᠳᠣᠯᠲᠠ ᠶᠢ ᠦᠨᠳᠦᠰᠦᠯᠡᠨ᠂ 2023 ᠣᠨ ᠤ ᠪᠥᠬᠦ ᠣᠷᠣᠨ ᠤ ᠤᠯᠤᠰ ᠤᠨ | ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢ 0.19 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ | ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ︾ ᠵᠠᠷᠴᠢᠮ ᠶᠣᠰᠣᠭᠠᠷ᠂ 2023 ᠣᠨ ᠤ ᠪᠥᠬᠦ | ᠲᠤᠭᠤᠷᠢᠭ ᠤᠨ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢ 0.19 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ | ᠲᠦᠷᠦᠭᠦᠦ ᠵᠢᠯ ᠤᠨ ᠳ᠋ᠦᠩᠨᠡᠨ ᠲᠤᠭᠠᠴᠠᠵᠦ ᠰᠢᠯᠵᠢᠭᠦᠯᠦᠭᠰᠡᠨ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠶᠢ | 78 ᠲᠦᠮᠡᠨ ᠲᠦᠬᠦᠷᠢᠭ ᠲᠤᠬᠢᠷᠠᠭᠤᠯᠤᠨ᠎ᠠ᠃ | ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠬᠡᠷᠡᠭᠯᠡᠬᠦ ᠰᠠᠯᠠᠭ᠎ᠠ ᠮᠥᠴᠢᠷ ᠤᠨ ᠲᠥᠰᠥᠭᠡᠯᠡᠨ ᠪᠤᠳᠤᠭᠰᠠᠨ ᠢᠶᠠᠷ᠂ 2023 ᠣᠨ ᠳᠤ | ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ ᠵᠢᠱᠢᠯᠲᠡ ᠪᠠᠷ 28.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠭᠦᠨ ᠳᠤ᠄ | ᠳᠠᠭᠠᠳᠬᠠᠯ ᠤᠨ ᠰᠦᠢᠳᠬᠡᠯ ᠤᠨ ᠣᠷᠣᠯᠭ᠎ᠠ 21.46 ᠳ᠋ᠦᠩᠰᠢᠭᠤᠷ ᠲᠥᠭᠦᠷᠢᠭ᠂ ᠬᠦᠦ ᠮᠥᠩᠭᠦ ᠶᠢᠨ ᠣᠷᠣᠯᠭ᠎ᠠ 3327 ᠲᠦᠮᠡᠨ ᠲᠥᠭᠦᠷᠢᠭ᠂ ᠡᠯ᠎ᠡ ᠱᠠᠲᠤᠨ ᠤ | ᠡᠳ᠋ ᠤᠨ ᠵᠠᠰᠠᠭ ᠤᠨ ᠨᠥᠬᠦᠪᠦᠷᠢ ᠶᠢᠨ ᠣᠷᠣᠯᠭ᠎ᠠ 2.98 ᠳ᠋ᠦᠩᠰᠢᠭᠤᠷ ᠲᠥᠭᠦᠷᠢᠭ᠂ ᠰᠢᠯᠵᠢᠭᠦᠯᠦᠭᠰᠡᠨ ᠣᠷᠣᠯᠭ᠎ᠠ 3186 ᠲᠦᠮᠡᠨ ᠲᠥᠭᠦᠷᠢᠭ᠂ ᠳᠡᠭᠡᠳᠦ | ᠱᠠᠲᠤᠨ ᠤ ᠨᠥᠬᠦᠪᠦᠷᠢ ᠶᠢᠨ ᠣᠷᠣᠯᠭ᠎ᠠ 3.38 ᠳ᠋ᠦᠩᠰᠢᠭᠤᠷ ᠲᠥᠭᠦᠷᠢᠭ᠂ ᠪᠤᠰᠤᠳ ᠣᠷᠣᠯᠭ᠎ᠠ 269 ᠲᠦᠮᠡᠨ ᠲᠥᠭᠦᠷᠢᠭ ᠪᠣᠯᠣᠨ᠎ᠠ᠃ | 2023 ᠣᠨ ᠳᠤ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ ᠵᠢᠱᠢᠯᠲᠡ ᠪᠠᠷ 24 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠡᠭᠦᠨ ᠳᠤ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠵᠠᠷᠤᠯᠭ᠎ᠠ ᠶᠢ 13.45 ᠳ᠋ᠦᠩᠰᠢᠭᠤᠷ ᠲᠥᠭᠦᠷᠢᠭ᠂ ᠬᠦᠨᠳᠦ ᠡᠪᠡᠳᠴᠢᠨ ᠤ | ᠳᠠᠭᠠᠳᠬᠠᠯ ᠢ ᠬᠤᠳᠠᠯᠳᠤᠨ ᠠᠪᠬᠤ ᠵᠠᠷᠤᠯᠭ᠎ᠠ ᠶᠢ 990 ᠲᠦᠮᠡᠨ ᠲᠥᠭᠦᠷᠢᠭ᠂ ᠣᠷᠣᠰᠢᠭᠤᠯᠭ᠎ᠠ ᠶᠢᠨ ᠠᠰᠠᠷᠠᠮᠵᠢ ᠶᠢᠨ ᠵᠠᠷᠤᠯᠭ᠎ᠠ ᠶᠢ 866 ᠲᠦᠮᠡᠨ ᠲᠥᠭᠦᠷᠢᠭ᠂ | ᠰᠢᠯᠵᠢᠭᠦᠯᠦᠭᠰᠡᠨ ᠵᠠᠷᠤᠯᠭ᠎ᠠ ᠶᠢ 4383 ᠲᠦᠮᠡᠨ ᠲᠥᠭᠦᠷᠢᠭ᠂ ᠳᠡᠭᠡᠳᠦ ᠱᠠᠲᠤᠨ ᠳᠤ ᠲᠤᠰᠢᠶᠠᠭᠰᠠᠨ ᠵᠠᠷᠤᠯᠭ᠎ᠠ ᠶᠢ 9.13 ᠳ᠋ᠦᠩᠰᠢᠭᠤᠷ ᠲᠥᠭᠦᠷᠢᠭ᠂ ᠠᠵᠢᠯ ᠤᠨ | ᠭᠡᠮᠲᠦᠯ ᠢ ᠰᠡᠷᠭᠡᠶᠢᠯᠡᠬᠦ ᠵᠠᠷᠤᠳᠠᠯ ᠢ 3 ᠲᠦᠮᠡᠨ ᠲᠥᠭᠦᠷᠢᠭ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢᠨ ᠵᠠᠷᠤᠯᠭ᠎ᠠ ᠶᠢ 2750 ᠲᠦᠮᠡᠨ | ᠲᠥᠭᠦᠷᠢᠭ᠂ ᠠᠵᠢᠯ ᠠᠯᠳᠠᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢᠨ ᠵᠠᠷᠤᠯᠭ᠎ᠠ ᠶᠢ 1283 ᠲᠦᠮᠡᠨ ᠲᠥᠭᠦᠷᠢᠭ᠂ ᠪᠤᠰᠤᠳ ᠵᠠᠷᠤᠯᠭ᠎ᠠ 3900 ᠲᠦᠮᠡᠨ | ᠲᠦᠬᠦᠷᠢᠭ᠃ | ᠵᠢᠱᠢᠯᠲᠡ ᠪᠠᠷ ᠲᠤᠰ ᠵᠢᠯ ᠤᠨ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 4.5 | ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 34.24 ᠳ᠋ᠦᠩᠰᠢᠭᠤᠷ ᠲᠥᠭᠦᠷᠢᠭ ᠲᠤ ᠬᠦᠷᠬᠦ | ᠪᠣᠯᠣᠨ᠎ᠠ᠃ | ᠭᠤᠷᠪᠠ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠵᠤᠷᠢᠭ ᠲᠡᠭᠦᠯᠳᠡᠷ ᠡᠷᠡᠮᠡᠬᠡᠶᠢᠯᠡᠨ ᠤᠷᠤᠭᠰᠢᠯᠠᠵᠤ᠂ 2023 ᠣᠨ ᠤ ᠡᠳ᠋ ᠤᠨ | ᠵᠠᠰᠠᠭ ᠤᠨ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︵ᠨᠢᠭᠡ︶ ᠡᠳ᠋ ᠤᠨ ᠵᠠᠰᠠᠭ ᠤᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠨᠢᠭᠡ ᠳᠤ ᠣᠷᠣᠯᠭ᠎ᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ | ᠣᠷᠣᠯᠭ᠎ᠠ ᠶᠢᠨ ᠬᠠᠮᠢᠶᠠᠷᠤᠯᠲᠠ ᠶᠢᠨ ᠪᠠᠷᠠᠭᠠᠯᠠᠯᠲᠦ ᠴᠢᠨᠠᠷ᠂ ᠰᠢᠰᠲ᠋ᠧᠮᠲᠦ ᠴᠢᠨᠠᠷ᠂ ᠨᠠᠷᠢᠯᠢᠭ ᠣᠨᠣᠴᠠᠲᠠᠢ ᠴᠢᠨᠠᠷ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ | ᠣᠷᠣᠯᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠵᠢᠯ ᠠᠯᠤᠰᠯᠠᠭᠰᠠᠨ ᠲᠥᠰᠥᠪ ᠤᠨ ᠲᠡᠩᠴᠡᠭᠦᠷᠢ ᠶᠢ ᠴᠢᠩᠭᠠᠳᠬᠠᠵᠤ᠂ | ᠣᠷᠣᠯᠭ᠎ᠠ ᠶᠢ ᠵᠣᠬᠢᠶᠠᠨ ᠪᠠᠶᠢᠭᠤᠯᠬᠤ ᠡᠷᠴᠢᠮ ᠪᠠ ᠠᠶᠢᠵᠠᠮ ᠢ ᠰᠠᠶᠢᠲᠤᠷ ᠡᠵᠡᠮᠳᠡᠨ᠎ᠡ᠃ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠳᠡᠬᠦ ᠪᠠ | ᠪᠦᠲᠦᠴᠡ ᠶᠢ ᠵᠠᠳᠠᠯᠬᠤ ᠠᠵᠢᠯ ᠢ ᠭᠦᠨᠵᠡᠭᠡᠶᠢᠷᠡᠭᠦᠯᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠭᠠᠶᠢᠯᠢ ᠶᠢᠨ | ᠪᠤᠰᠤ ᠣᠷᠣᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠤᠰᠢᠶᠠᠪᠠᠰᠤ ᠵᠣᠬᠢᠬᠤ ᠶᠢ | ᠨᠢ ᠪᠦᠬᠦᠨ ᠢ ᠲᠤᠰᠢᠶᠠᠬᠤ ᠶᠢ ᠭᠦᠢᠴᠡᠳᠬᠡᠨ᠎ᠡ᠃ ᠬᠤᠶᠠᠷ ᠲᠤ ᠡᠳ᠋ ᠤᠨ ᠵᠠᠰᠠᠭ ᠤᠨ ᠢᠷᠡᠯᠲᠡ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ ᠰᠠᠶᠢᠨ | ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠤᠯᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠦᠬᠦ | ᠬᠦᠴᠦᠨ ᠢᠶᠠᠷ ᠢᠶᠠᠨ ᠲᠡᠮᠵᠢᠵᠤ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠦᠢᠯᠡᠳᠦᠯ ᠢ ᠲᠠᠰᠤᠷᠠᠯᠳᠠ ᠦᠭᠡᠢ ᠪᠠᠳᠠᠷᠠᠭᠤᠯᠤᠨ᠂ ᠡᠳ᠋ ᠤᠨ ᠵᠠᠰᠠᠭ ᠤᠨ | ᠣᠷᠣᠯᠭ᠎ᠠ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠨ᠎ᠡ᠃ ᠡᠳ᠋ ᠤᠨ ᠵᠠᠰᠠᠭ ᠬᠢᠭᠡᠳ ᠠᠵᠤ ᠦᠢᠯᠡᠰ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡ ᠵᠡᠷᠭᠡ ᠶᠢᠨ | ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠂ ︽ᠳᠦᠷᠪᠡᠨ ᠳᠡᠯᠡᠬᠡᠢ ᠶᠢᠨ ᠳᠡᠰ ᠤᠨ ᠠᠵᠤ ᠦᠢᠯᠡᠰ︾ ᠢ ᠪᠠᠶᠢᠭᠤᠯᠬᠤ ᠪᠣᠳᠠᠲᠠᠢ ᠲᠦᠷᠦᠯ ᠵᠦᠢᠯ | ᠢ ᠣᠨᠣᠪᠴᠢᠲᠠᠢ ᠨᠠᠶᠢᠳᠠᠪᠤᠷᠢᠵᠢᠭᠤᠯᠵᠤ᠂ ᠪᠦᠬᠦ ᠬᠡᠯᠬᠢᠶ᠎ᠡ ᠪᠠᠷ ᠠᠵᠤ ᠦᠢᠯᠡᠳᠪᠦᠷᠢ ᠠᠵᠤ ᠦᠢᠯᠡᠰ ᠤᠨ ᠰᠦᠷᠦᠭᠵᠢᠯ ᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠰᠠᠭᠤᠷᠢ︾ ᠶᠢ ᠲᠠᠰᠤᠷᠠᠯᠲᠠ ᠦᠭᠡᠢ ᠪᠠᠬᠢᠵᠢᠬᠦᠯᠦᠨ᠂ ᠦᠷᠬᠦᠯᠵᠢᠳᠡ ᠲᠣᠭᠲᠠᠭᠤᠨ ᠭᠠᠶᠢᠯᠢ ᠶᠢᠨ ᠢᠷᠡᠯᠲᠡ ᠶᠢᠨ | ᠪᠦᠲᠦᠴᠡ ᠶᠢ ᠪᠠᠶᠢᠭᠤᠯᠤᠨ᠎ᠠ᠃ ᠭᠤᠷᠪᠠ ᠳᠤ ᠡᠳ᠋ ᠤᠨ ᠵᠠᠰᠠᠭ ᠤᠨ ᠪᠡᠯᠡ ᠮᠥᠩᠭᠦ ᠶᠢᠨ ᠠᠷᠭ᠎ᠠ ᠵᠠᠮ ᠢ ᠥᠷᠭᠡᠳᠬᠡᠨ᠎ᠡ᠃ ︽ᠭᠤᠷᠪᠠᠨ ᠳᠡᠪᠲᠡᠷ ᠲᠥᠰᠥᠪ︾ ᠢ | ᠨᠢᠭᠡᠳᠦᠯᠲᠡᠢ ᠲᠥᠯᠥᠪᠯᠡᠨ ᠲᠤᠬᠢᠷᠠᠭᠤᠯᠵᠤ ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠦᠯᠡᠳᠡᠭᠡᠯ ᠪᠡᠯᠡ ᠮᠥᠩᠭᠦ ᠶᠢ ᠴᠢᠯᠦᠭᠡᠲᠡᠢ ᠪᠣᠯᠭᠠᠬᠤ ᠪᠠᠶᠢᠩᠭᠤ ᠶᠢᠨ | ᠬᠠᠮᠢᠶᠠᠷᠤᠯᠲᠠ ᠶᠢ ᠰᠠᠶᠢᠲᠤᠷ ᠬᠢᠵᠦ᠂ ᠲᠥᠰᠥᠪ ᠢ ᠭᠦᠢᠴᠡᠳᠬᠡᠬᠦ ᠠᠬᠢᠴᠠ ᠶᠢ ᠨᠢᠭᠲᠠ ᠮᠦᠷᠳᠡᠨ᠂ ᠡᠯ᠎ᠡ ᠲᠦᠷᠦᠯ ᠤᠨ ᠦᠯᠡᠳᠡᠪᠦᠷᠢ᠂ ᠳᠠᠷᠤᠭᠳᠠᠵᠤ ᠪᠠᠶᠢᠭ᠎ᠠ ᠪᠡᠯᠡ | ᠮᠥᠩᠭᠦ ᠶᠢ ᠴᠠᠭ ᠲᠤᠬᠠᠢ ᠳᠤᠨᠢ ᠬᠤᠷᠢᠶᠠᠨ ᠠᠪᠴᠤ ᠲᠠᠬᠢᠨ ᠲᠤᠬᠢᠷᠠᠭᠤᠯᠤᠨ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠡᠳ᠋ ᠤᠨ | ᠵᠠᠰᠠᠭ ᠤᠨ ᠪᠡᠯᠡ ᠮᠥᠩᠭᠦ ᠶᠢᠨ ︽ᠬᠦᠰᠢᠬᠦᠷᠭᠡ ᠶᠢᠨ ᠵᠢᠷᠤᠮ︾ ᠤᠨ ᠦᠢᠯᠡᠳᠦᠯ ᠢ ᠪᠠᠳᠠᠷᠠᠭᠤᠯᠵᠤ᠂ ᠡᠯ᠎ᠡ ᠬᠦᠷᠢᠶᠡᠨ ᠤ ᠭᠤᠣᠯᠳᠠᠯᠭ᠎ᠠ ᠲᠠᠢ ᠲᠥᠷᠥᠯ ᠵᠦᠢᠯ ᠤᠨ | ᠪᠡᠯᠡ ᠮᠥᠩᠭᠦ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠯᠦᠭᠡ ᠵᠣᠯᠭᠠᠭᠤᠯᠬᠤ ᠶᠢ ᠴᠢᠩᠭᠠᠳᠬᠠᠨ᠂ ᠴᠢᠬᠤᠯᠠ ᠶᠡᠭᠡ | ᠢᠨᠵᠧᠨᠧᠷᠢᠩ ᠤᠨ ᠲᠥᠷᠥᠯ ᠵᠦᠢᠯ ᠢ ᠤᠷᠢᠳᠠᠪᠠᠷ ᠬᠡᠷᠡᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠶᠢᠴᠢᠯᠠᠨ᠂ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠡᠳ᠋ ᠮᠥᠩᠭᠦᠨ ᠤ ᠢᠷᠡᠯᠲᠡ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ︵ᠬᠤᠶᠠᠷ︶ ᠲᠥᠰᠥᠪ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠨᠢᠭᠡ ᠳᠤ ᠵᠣᠬᠢᠰᠲᠠᠢ ᠵᠠᠷᠤᠯᠭ᠎ᠠ ᠶᠢᠨ ᠡᠷᠴᠢᠮ ᠢ ᠪᠠᠲᠤᠯᠠᠨ᠎ᠠ᠃ ᠠᠯᠢᠪᠠ ᠠᠵᠢᠯ ᠦᠢᠯᠡᠰ ᠢ ᠠᠷᠪᠢᠯᠠᠨ ᠭᠠᠮᠨᠠᠬᠤ ᠶᠢ ᠪᠠᠷᠢᠮᠳᠠᠯᠠᠨ᠂ | ᠦᠵᠡᠯᠲᠡ ᠪᠠᠨ ᠦᠷᠭᠦᠯᠵᠢᠯᠡᠨ ᠦᠭᠡᠷᠡᠴᠢᠯᠡᠵᠦ᠂ ᠲᠦᠷᠦᠯ ᠵᠦᠢᠯ ᠤᠨ ᠵᠠᠷᠤᠯᠭ᠎ᠠ ᠳᠤ ᠬᠦᠴᠦᠯᠡᠵᠦ ︽ᠭᠠᠮᠨᠠᠨ ᠠᠮᠢᠳᠤᠷᠠᠬᠤ︾ ᠶᠢ ᠪᠠᠷᠢᠮᠳᠠᠯᠠᠨ᠎ᠠ᠂ ᠨᠡᠩ ᠤᠯᠠᠨ | ᠪᠡᠯᠡ ᠮᠥᠩᠭᠦ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠩᠭᠢᠯᠠᠭ᠎ᠠ ᠶᠢᠨ ᠬᠦᠷᠢᠶᠡᠨ ᠳᠤ ᠰᠢᠯᠵᠢᠬᠦᠯᠦᠨ ᠬᠡᠷᠡᠭᠯᠡᠨ᠎ᠡ᠃ ᠶᠡᠷᠦᠩᠬᠡᠶᠢᠯᠡᠭᠰᠡᠨ ᠬᠡᠷᠡᠭᠯᠡᠵᠦ ᠪᠣᠯᠬᠤ | ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠵᠠᠷᠤᠯᠭ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠵᠦᠢ ᠵᠣᠬᠢᠰᠲᠠᠢ ᠵᠠᠷᠤᠯᠭ᠎ᠠ ᠶᠢᠨ ᠬᠡᠪᠴᠢᠶ᠎ᠡ ᠶᠢ | ᠪᠠᠲᠤᠯᠠᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠴᠢᠬᠤᠯᠠ ᠶᠡᠭᠡ ᠲᠦᠷᠦ ᠶᠢᠨ ᠪᠣᠳᠣᠯᠭ᠎ᠠ᠂ ᠴᠢᠬᠤᠯᠠ ᠶᠡᠭᠡ ᠪᠠᠶᠢᠷᠢᠯᠠᠭᠤᠯᠤᠯᠲᠠ ᠪᠠ ᠴᠢᠬᠤᠯᠠ ᠶᠡᠭᠡ | ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ ᠬᠤᠶᠠᠷ ᠲᠤ ᠠᠷᠠᠳ ᠤᠨ ᠠᠮᠢᠳᠤᠷᠠᠯ ᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠠᠷᠠᠳ ᠤᠨ | ᠠᠮᠢᠳᠤᠷᠠᠯ ᠤᠨ ᠪᠤᠶᠠᠨ ᠵᠢᠷᠭᠠᠯᠲᠦ ᠲᠦᠷᠦᠭᠳᠡᠯ ᠢ ᠳᠡᠭᠡᠭᠰᠢᠯᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠬᠠᠷᠠᠯᠲᠠ ᠪᠣᠯᠭᠠᠵᠤ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠤᠨ ᠪᠠᠲᠤᠯᠠᠪᠤᠷᠢ ᠶᠢᠨ ᠠᠵᠢᠯ ᠣᠯᠭᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠭᠤᠷᠪᠠ ᠳᠤ ᠡᠳ᠋ ᠤᠨ ᠵᠠᠰᠠᠭ ᠤᠨ ᠵᠠᠷᠤᠯᠭ᠎ᠠ ᠶᠢᠨ ᠨᠠᠷᠢᠯᠢᠭ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠷᠢ ᠪᠦᠲᠦᠮᠵᠢ ᠶᠢᠨ ᠣᠶᠢᠯᠠᠭᠠᠭᠳᠠᠬᠤᠨ ᠢ ᠲᠥᠰᠥᠪ ᠤᠨ ᠬᠠᠮᠢᠶᠠᠷᠤᠯᠲᠠ ᠶᠢᠨ ᠶᠠᠪᠤᠴᠠ ᠳᠤ ᠭᠦᠨᠵᠡᠭᠡᠢ ᠠᠭᠤᠰᠤᠯᠴᠠᠭᠤᠯᠤᠨ᠂ | ᠬᠢᠷᠢ ᠪᠦᠲᠦᠮᠵᠢ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠲᠣᠭᠲᠠᠴᠠ ᠶᠢ ᠰᠠᠶᠢᠲᠤᠷ | ᠬᠡᠷᠡᠭᠯᠡᠨ᠂ ᠡᠳ᠋ ᠤᠨ ᠬᠦᠴᠦᠨ ᠵᠢᠴᠢ ᠬᠥᠮᠥᠷᠭᠡ ᠶᠢᠨ ᠮᠦᠩᠭᠦᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠵᠠᠷᠤᠯᠭ᠎ᠠ ᠶᠢᠨ ᠲᠥᠰᠥᠪ ᠤᠨ ᠭᠦᠢᠴᠡᠳᠭᠡᠯᠲᠡ ᠶᠢ | ᠴᠢᠩᠭᠠᠳᠬᠠᠨ᠂ ᠪᠡᠯᠡ ᠮᠥᠩᠭᠦ ᠶᠢᠨ ᠬᠡᠷᠡᠭᠯᠡᠯᠲᠡ ᠶᠢ ᠴᠠᠭ ᠲᠤᠬᠠᠢ ᠳᠤᠨᠢ᠂ ᠨᠠᠷᠢᠯᠢᠭ ᠣᠨᠣᠴᠠᠲᠠᠢ᠂ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠬᠤᠷᠢᠭ᠎ᠠ ᠱᠤᠭᠤᠮ ᠤᠨ ᠰᠡᠳᠬᠢᠬᠦᠢ ᠶᠢ ᠡᠷᠡᠰ ᠪᠠᠲᠤ ᠪᠣᠶ ᠪᠣᠯᠭᠠᠵᠤ᠂ ᠡᠳ᠋ ᠤᠨ ᠵᠠᠰᠠᠭ ᠤᠨ ᠠᠵᠢᠯᠯᠠᠭᠠᠨ ᠤ ᠲᠦᠭᠰᠢᠭᠦᠷᠢ ᠶᠢ ᠪᠥᠬᠦ | ᠬᠦᠴᠦᠨ ᠢᠶᠠᠷ ᠢᠶᠠᠨ ᠰᠡᠷᠭᠡᠶᠢᠯᠡᠨ ᠰᠢᠢᠳᠪᠤᠷᠢᠯᠡᠨ᠎ᠡ᠃ ᠨᠢᠭᠡ ᠳᠤ ᠥᠷᠢ ᠥᠭᠴᠡᠭᠡᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢ | ᠰᠡᠷᠭᠡᠶᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ | ᠬᠠᠳᠠᠭᠠᠯᠠᠯᠲᠠ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠤᠨ ᠬᠡᠮᠵᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠣᠷᠣᠨ | ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠥᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠬᠦᠯᠦᠨ᠂ ᠵᠠᠰᠠᠭ ᠤᠨ ᠣᠷᠳᠣᠨ ᠤ ᠥᠭᠴᠡᠭᠡᠨ ᠤ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠡᠬᠦᠰᠬᠦ ᠦᠬᠡᠢ ᠪᠠᠶᠢᠬᠤ ᠬᠤᠷᠢᠭ᠎ᠠ ᠱᠤᠭᠤᠮ ᠢ ᠪᠠᠲᠦ | ᠰᠠᠬᠢᠨ᠎ᠠ᠃ ᠬᠤᠶᠠᠷ ᠲᠤ ᠳᠡᠭᠡᠳᠦ ᠱᠠᠲᠤᠨ ᠤ ᠥᠷᠢ ᠥᠭᠴᠡᠭᠡ ᠶᠢ ᠠᠷᠢᠯᠭᠠᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠲᠥᠪ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠨᠢᠭᠲᠠ ᠠᠩᠬᠠᠷᠤᠨ᠂ ᠳᠡᠭᠡᠳᠦ ᠱᠠᠲᠤᠨ ᠤ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠥᠷᠢ ᠥᠭᠴᠡᠭᠡ ᠶᠢ ᠰᠢᠢᠳᠪᠤᠷᠢᠯᠡᠬᠦ ᠶᠢᠨ ᠵᠠᠶᠢᠯᠠᠰᠢ ᠦᠭᠡᠢ | ᠴᠢᠨᠠᠷᠲᠠᠢ ᠰᠣᠯᠢᠵᠤ ᠲᠦᠯᠦᠬᠦ ᠲᠦᠭᠰᠢᠭᠦᠷᠢ ᠶᠢ ᠪᠦᠲᠦᠮᠵᠢᠲᠡᠶ ᠨᠠᠮᠳᠠᠭᠤᠯᠤᠨ᠂ ︽ᠰᠡᠷᠡᠮᠵᠢ ᠶᠢᠨ ᠲᠤᠬᠢᠶᠠᠨ ᠤ ᠳᠡᠰ ᠢ ᠪᠠᠭᠤᠷᠠᠭᠤᠯᠬᠤ︾ ᠶᠢ ᠲᠦᠯᠬᠢᠨ | ᠠᠬᠢᠭᠤᠯᠤᠨ᠎ᠠ᠃ ᠭᠤᠷᠪᠠ ᠳᠤ ᠦᠭᠴᠡᠭᠡᠨ ᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ᠂ ᠳᠡᠭᠡᠳᠦ | ᠱᠠᠲᠤᠨ ᠠᠴᠠ ᠰᠢᠯᠵᠢᠭᠦᠯᠦᠨ ᠥᠭᠬᠦ ᠵᠠᠷᠤᠳᠠᠯ ᠢ ᠴᠢᠷᠮᠠᠶᠢᠨ ᠤᠯᠬᠤ᠂ ᠦᠯᠡᠳᠡᠭᠡᠯ ᠡᠬᠢ ᠪᠠᠶᠠᠯᠢᠭ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠵᠢᠭᠦᠯᠵᠦ᠂ ᠥᠷᠢ | ᠲᠦᠯᠦᠬᠦ ᠴᠢᠳᠠᠪᠤᠷᠢ ᠶᠢ ᠳᠡᠭᠡᠭᠰᠢᠯᠡᠭᠦᠯᠦᠨ᠂ ᠥᠷᠢ ᠥᠭᠴᠡᠭᠡ ᠶᠢ ᠰᠢᠢᠳᠪᠤᠷᠢᠯᠡᠬᠦ ᠠᠵᠢᠯ ᠢ ᠲᠦᠷᠭᠡᠪᠴᠢᠯᠡᠨ ᠠᠬᠢᠭᠤᠯᠤᠨ᠎ᠠ᠃ ᠳᠥᠷᠪᠡ ᠳᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢᠨ ᠳᠡᠮᠵᠢᠯᠭᠡ ᠶᠢᠨ ᠬᠡᠪᠴᠢᠶ᠎ᠡ ᠶᠢ ᠤᠨᠤᠪᠴᠢᠲᠠᠢ ᠡᠵᠡᠮᠳᠡᠵᠦ᠂ ᠵᠠᠰᠠᠭ ᠤᠨ ᠣᠷᠳᠣᠨ ᠤ ᠴᠢᠨᠠᠷ ᠰᠠᠶᠢᠲᠠᠢ ᠪᠡᠯᠡ ᠣᠷᠣᠭᠤᠯᠤᠯᠲᠠ ᠶᠢᠨ ᠲᠦᠷᠦᠯ ᠵᠦᠢᠯ ᠢ | ᠤᠷᠢᠳᠴᠢᠯᠠᠨ ᠲᠥᠯᠥᠪᠵᠢᠭᠦᠯᠵᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠳᠥᠷᠪᠡ︶ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠨᠢᠭᠡ ᠳᠤ ᠲᠥᠰᠥᠪ ᠢ ᠬᠠᠤᠯᠢ ᠪᠠᠷ ᠲᠣᠭᠲᠠᠭᠠᠬᠤ ᠶᠢ ᠪᠠᠷᠢᠮᠳᠠᠯᠠᠨ᠎ᠠ᠃ ᠲᠥᠰᠥᠪ ᠤᠨ ᠬᠠᠤᠯᠢ ᠵᠢᠴᠢ | ᠲᠡᠭᠦᠨ ᠤ ᠬᠡᠷᠡᠭᠵᠢᠭᠦᠯᠬᠦ ᠳᠦᠷᠢᠮ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠰᠢᠶᠡᠷᠡᠭᠰᠡᠨ | ᠲᠥᠰᠥᠪ ᠢ ᠴᠢᠩᠭ᠎ᠠ ᠬᠡᠷᠡᠭᠵᠢᠭᠦᠯᠵᠦ᠂ ᠲᠥᠰᠥᠪ ᠤᠨ ᠬᠢᠵᠠᠭᠠᠷᠯᠠᠯ ᠢ ᠴᠢᠩᠭᠠᠳᠬᠠᠨ᠎ᠠ᠃ ᠬᠤᠶᠠᠷ ᠲᠤ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠨ᠎ᠠ᠃ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠶᠢᠨ ᠡᠯ᠎ᠡ ᠵᠦᠢᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ | ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠬᠥᠷᠥᠩᠭᠡ ᠶᠢ ᠲᠣᠬᠢᠷᠠᠭᠤᠯᠬᠤ᠂ ᠡᠮᠬᠢᠯᠡᠨ ᠨᠡᠶᠢᠯᠡᠭᠦᠯᠬᠦ᠂ ᠴᠢᠯᠦᠭᠡᠲᠡᠢ ᠪᠣᠯᠭᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ | ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢᠨ | ᠱᠠᠭᠠᠷᠳᠠᠯᠭ᠎ᠠ ᠶᠤᠰᠤᠭᠠᠷ ᠡᠳ᠋ ᠬᠥᠷᠥᠩᠭᠡ ᠶᠢᠨ ᠬᠠᠮᠢᠶᠠᠷᠤᠯᠲᠠ᠂ ᠥᠷᠢ ᠥᠭᠴᠡᠭᠡ ᠶᠢᠨ ᠬᠠᠮᠢᠶᠠᠷᠤᠯᠲᠠ᠂ ᠬᠢᠷᠢ ᠪᠦᠲᠦᠮᠵᠢ ᠶᠢᠨ ᠬᠠᠮᠢᠶᠠᠷᠤᠯᠲᠠ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯ ᠤᠨ ᠬᠠᠮᠢᠶᠠᠷᠤᠯᠲᠠ ᠵᠡᠷᠭᠡ ᠬᠡᠰᠡᠭ ᠢ ᠲᠥᠰᠥᠪ ᠤᠨ ᠬᠠᠮᠢᠶᠠᠷᠤᠯᠲᠠ ᠶᠢᠨ ᠭᠤᠣᠯ ᠴᠤᠪᠤᠷᠠᠯ ᠳᠤ ᠠᠭᠤᠰᠤᠯᠴᠠᠭᠤᠯᠬᠤ ᠶᠢ | ᠪᠡᠶᠡᠯᠡᠭᠦᠯᠦᠨ᠎ᠡ᠃ ᠳᠥᠷᠪᠡ ᠳᠤ ᠲᠥᠰᠥᠪ ᠤᠨ ᠬᠢᠷᠢ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠎ᠠ᠃ | ᠲᠥᠰᠥᠪ ᠤᠨ ᠨᠢᠭᠡᠴᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠬᠢᠷᠢ ᠪᠦᠲᠦᠮᠵᠢ ᠶᠢᠨ ᠦᠨᠡᠯᠡᠯᠲᠡ ᠶᠢ ᠪᠦᠬᠦ | ᠲᠠᠯ᠎ᠠ ᠪᠠᠷ ᠥᠷᠨᠢᠭᠦᠯᠵᠦ᠂ ᠲᠥᠰᠥᠪ ᠤᠨ ᠲᠣᠬᠢᠷᠠᠭᠤᠯᠤᠯᠲᠠ ᠶᠢ ᠬᠢᠷᠢ ᠪᠦᠲᠦᠮᠵᠢ ᠶᠢᠨ ᠬᠠᠷᠠᠯᠲᠠ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠯᠦᠭᠡ | ᠬᠤᠯᠪᠣᠭᠳᠠᠭᠤᠯᠤᠭᠰᠠᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠲᠦᠯᠬᠢᠨ ᠠᠬᠢᠭᠤᠯᠤᠨ᠎ᠠ᠃ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ | ᠲᠠᠯ᠎ᠠ ᠶᠢᠨ ᠬᠢᠨᠠᠯᠲᠠ ᠶᠢ ᠬᠦᠯᠢᠶᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠥᠪ ᠤᠨ ᠬᠢᠨᠠᠨ ᠪᠠᠶᠢᠴᠠᠭᠠᠬᠤ ᠭᠤᠣᠯᠳᠠᠯᠭ᠎ᠠ ᠶᠢ ᠵᠠᠷᠤᠯᠭ᠎ᠠ ᠶᠢᠨ | ᠲᠥᠰᠥᠪ ᠪᠠ ᠲᠦᠷᠦ ᠶᠢᠨ ᠪᠣᠳᠣᠯᠭ᠎ᠠ ᠲᠡᠶᠢᠰᠢ ᠥᠷᠭᠡᠳᠬᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠰᠥᠪ ᠢ ᠨᠠᠶᠢᠷᠠᠭᠤᠯᠤᠨ ᠵᠣᠬᠢᠶᠠᠬᠤ᠂ | ᠲᠥᠰᠥᠪ ᠢ ᠭᠦᠢᠴᠡᠳᠬᠡᠬᠦ ᠪᠠ ᠲᠥᠰᠥᠪ ᠢ ᠲᠣᠬᠢᠷᠠᠭᠤᠯᠬᠤ ᠵᠢᠷᠤᠮ ᠢ ᠴᠢᠩᠳᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | ᠲᠥᠯᠥᠭᠡᠯᠡᠭᠴᠢᠳ ᠠ᠋᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ᠂ ᠡᠳ᠋ ᠤᠨ ᠵᠠᠰᠠᠭ ᠤᠨ ᠡᠭᠦᠷᠭᠡ | ᠢᠷᠠᠭᠤ ᠠᠯᠳᠠᠷᠳᠠᠢ ᠮᠦᠷᠳᠡᠭᠡᠨ ᠬᠠᠲᠠᠭᠤ ᠪᠡᠷᠬᠡ ᠶᠤᠮ᠃ ᠪᠢᠳᠡ ᠦᠷᠭᠦᠯᠵᠢᠯᠡᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠵᠢᠯᠣᠭᠤᠳᠤᠯᠭ᠎ᠠ ᠶᠢ | ᠤᠬᠠᠮᠰᠠᠷ ᠠᠴᠠ ᠪᠠᠨ ᠬᠦᠯᠢᠶᠡᠵᠦ᠂ ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠨ ᠡᠷᠡᠯᠬᠡᠭᠯᠡᠨ ᠤᠷᠤᠭᠰᠢᠯᠠᠵᠤ᠂ ᠡᠯ᠎ᠡ ᠲᠦᠷᠦᠯ ᠤᠨ ᠡᠳ᠋ ᠤᠨ ᠵᠠᠰᠠᠭ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ︕ | |