ᠰᠢᠨ᠎ᠡ ᠵᠢᠯ ᠤᠨ ᠡᠬᠢᠨ ᠤ ᠤᠯᠠᠷᠢᠯ ᠳᠤ 320 ᠲᠦᠮᠡᠨ ᠲᠥᠭᠦᠷᠢᠭ ᠤᠨ ︽ᠣᠷᠳᠣᠰ ᠤᠨ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ︾ ᠶᠢ ᠲᠠᠷᠬᠠᠭᠠᠨ᠎ᠠ
ᠨᠡᠶᠢᠲᠡᠯᠡᠭᠰᠡᠨ ᠴᠠᠭ᠄
2023/1/6
7baaba074ddb4bc88c6a1aae785802e.jpg
      ᠤᠶᠢᠯᠠᠭᠠᠭᠰᠡᠨ ᠢᠶᠠᠷ᠂ ᠲᠣᠰ ᠤᠳᠠᠭᠠᠨ ᠤ ᠠᠵᠢᠯᠯᠠᠭ᠎ᠠ 1 ᠰᠠᠷ᠎ᠠ ᠶᠢᠨ ᠡᠬᠢᠨ ᠠᠴᠠ 3 ᠰᠠᠷ᠎ᠠ ᠶᠢᠨ ᠰᠡᠭᠦᠯᠴᠢ ᠪᠣᠯᠲᠠᠯ᠎ᠠ ᠦᠷᠬᠦᠯᠵᠢᠯᠡᠵᠤ᠂ ᠬᠤᠲᠠ ᠶᠢᠨ ᠡᠳ᠋ ᠤᠨ ᠵᠠᠰᠠᠭ ᠠᠴᠠ 300 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠣᠬᠢᠷᠠᠭᠤᠯᠵᠤ᠂ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠠᠴᠠ 20 ᠲᠦᠮᠡᠨ ᠲᠥᠭᠦᠷᠢᠭ ᠤᠨ ᠪᠠᠯᠠ ᠲᠣᠬᠢᠷᠠᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠨᠥᠬᠦᠪᠥᠷᠢ ᠮᠥᠩᠭᠦ ᠶᠢ ᠨᠡᠶᠢᠲᠡ 320 ᠲᠦᠮᠡᠨ ᠲᠥᠭᠦᠷᠢᠭ ᠲᠠᠷᠬᠠᠭᠠᠬᠤ ᠪᠠᠷ ᠪᠠᠶᠢᠨ᠎ᠠ᠃ ᠡᠭᠦᠨ ᠳᠤ᠄ ᠦᠵᠡᠮᠵᠢ ᠶᠢᠨ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ 120 ᠲᠦᠮᠡᠨ ᠲᠥᠭᠦᠷᠢᠭ᠂ ᠣᠳᠣᠨ ᠲᠠᠰ ᠤᠨ ᠪᠠᠭᠤᠳᠠᠯ ᠢᠳᠡᠭᠡᠨ ᠤᠮᠳᠠᠭᠠᠨ 80 ᠲᠦᠮᠡᠨ ᠲᠥᠭᠦᠷᠢᠭ᠂ ᠺᠢᠨᠣ᠋ 50 ᠲᠦᠮᠡᠨ ᠲᠥᠭᠦᠷᠢᠭ᠂ ᠨᠣᠮ 70 ᠲᠦᠮᠡᠨ ᠲᠥᠭᠦᠷᠢᠭ᠃
ᠢᠷᠡᠯᠲᠡ᠄ ᠲᠤᠰ ᠰᠦᠯᠵᠢᠶ᠎ᠠ