ᠳ᠋ᠦᠩᠱᠧᠩ ᠲᠤᠭᠤᠷᠢᠭ ᠬᠤᠣᠰ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ 62.4 ᠲᠦᠮᠡᠨ ᠬᠥᠮᠥᠨ ᠤᠳᠠᠭ᠎ᠠ ᠶᠢᠨ ᠵᠤᠭᠠᠴᠠᠭᠴᠢ ᠶᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2023/10/10
    2023 ᠣᠨ ᠤ 9 ᠰᠠᠷ᠎ᠠ ᠶᠢᠨ 29  ᠤ ᠡᠳᠦᠷ ᠠᠴᠠ 10 ᠰᠠᠷ᠎ᠠ ᠶᠢᠨ 6  ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ  ᠨᠡᠶᠢᠳᠡ 62.4 ᠲᠦᠮᠡᠨ ᠬᠥᠮᠥᠨ ᠤᠳᠠᠭ᠎ᠠ ᠶᠢᠨ ᠵᠤᠭᠠᠴᠠᠭᠴᠢ ᠶᠢ ᠬᠦᠯᠢᠶᠡᠨ ᠠᠪᠴᠦ᠂ 2.3538 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠲᠠᠶᠢᠴᠢᠯᠠᠨ ᠪᠠᠶᠡᠯᠡᠬᠦᠯᠪᠠ᠃
1.1.jpg
    ᠠᠮᠠᠷᠠᠯᠳᠠ ᠶᠢᠨ ᠬᠤᠭᠤᠴᠠᠭᠠᠨ ᠳᠤ ᠡᠯ᠎ᠡ ᠦᠵᠡᠮᠵᠢ ᠶᠢᠨ ᠤᠷᠤᠨ ᠦᠪᠡᠷᠮᠢᠴᠡ ᠤᠨᠴᠠᠯᠢᠭ ᠪᠦᠬᠦᠢ ᠵᠤᠭᠠᠴᠠᠯ ᠤᠨ ᠠᠵᠢᠯᠯᠠᠭ᠎ᠠ ᠦᠷᠨᠢᠬᠦᠯᠵᠤ᠂ ᠳ᠋ᠦᠩᠱᠧᠩ ᠲᠣᠭᠤᠷᠢᠭ ᠤᠨ A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠪᠤᠯᠬᠤ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠵᠢᠦ ᠴᠧᠩ ᠬᠥᠩ ᠣᠷᠳᠣᠨ ᠤ ᠵᠤᠭᠠᠴᠠᠯ ᠤᠨ ᠦᠵᠡᠮᠵᠢ ᠶᠢᠨ ᠣᠷᠣᠨ᠂ ᠸᠠᠨ ᠵᠢᠶᠠ ᠬᠤᠶ ᠪᠠᠶᠠᠰᠤᠯᠳᠤ ᠶᠢᠷᠲᠢᠨᠴᠦ ᠵᠡᠷᠭᠡ ᠦᠵᠡᠮᠵᠢ ᠶᠢᠨ ᠤᠷᠤᠨ ᠤᠳ ᠵᠤᠭᠠᠴᠠᠭᠴᠢ ᠶᠢ ᠲᠠᠳᠠᠬᠤ ᠵᠤᠭᠠᠴᠠᠯ ᠤᠨ ᠬᠦᠭᠵᠢᠶᠠᠨᠳᠤ ᠭᠠᠵᠠᠷ ᠪᠣᠯᠤᠭᠰᠠᠨ ᠪᠠᠶᠢᠨ᠎ᠠ᠃ 10 ᠰᠠᠷ᠎ᠠ ᠶᠢᠨ 1 ᠤ ᠡᠳᠦᠷ ᠲᠥᠪ ᠤᠨ ᠲᠧᠯᠸᠢᠰ ᠬᠤᠷᠢᠶ᠎ᠠ ᠪᠠᠰᠠ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠵᠤᠭᠠᠴᠠᠭᠴᠢ ᠶᠢ ᠬᠦᠯᠢᠶᠠᠨ ᠠᠪᠴᠦ ᠪᠠᠶᠢᠭ᠎ᠠ ᠪᠠᠶᠢᠳᠠᠯ ᠢ ᠮᠡᠳᠡᠭᠡᠯᠡᠪᠡ᠃
1.3.jpg
1.5.jpg
1.4.jpg
1.2.png
1.6.jpg
1.7.jpg
1.8.png
 
ᠢᠷᠡᠯᠲᠡ᠄ ᠳᠤᠰ ᠰᠦᠯᠵᠢᠶ᠎ᠡ