ᠳ᠋ᠦᠩᠱᠧᠩ ᠲᠣᠭᠤᠷᠢᠭ ᠪᠠᠭᠰᠢ ᠨᠠᠷ ᠢ ᠬᠠᠷᠠᠭᠠᠯᠵᠠᠬᠤ ᠪᠠᠰᠠ ᠪᠢᠭᠡ ᠲᠥᠷᠥ ᠶᠢᠨ ᠪᠣᠳᠣᠯᠭ᠎ᠠ ᠶᠢ ᠬᠡᠷᠡᠭᠵᠢᠬᠦᠯᠪᠡ︕
ᠨᠡᠶᠢᠲᠡᠯᠡᠭᠰᠡᠨ ᠴᠠᠭ᠄
2023/10/18
     ᠳ᠋ᠦᠩᠱᠧᠩ ᠤᠨ ᠡᠯ᠎ᠡ ᠶᠡᠭᠡ ᠡᠮ ᠡᠮᠨᠡᠯᠭᠡ ᠶᠢᠨ ᠪᠠᠶᠢᠭᠤᠯᠤᠮᠵᠢ     ︽ᠪᠠᠭᠰᠢ ᠨᠠᠷ ᠲᠤ ᠤᠷᠢᠳᠠᠪᠠᠷ ᠤᠶᠢᠯᠡᠴᠢᠯᠡᠬᠦ︾ ᠴᠤᠩᠬᠤᠪᠴᠢ ᠭᠠᠷᠭᠠᠵᠤ᠂     ᠵᠥᠪᠬᠡᠨ ᠬᠠᠮᠢᠶ᠎ᠠ ᠪᠦᠬᠦᠢ ᠭᠡᠷᠡᠴᠢ ᠶᠢ ᠬᠠᠩᠭᠠᠪᠠᠯ     ᠲᠡᠷᠢᠭᠦᠨ ᠤ ᠦᠢᠯᠡᠴᠢᠯᠡᠭᠡ ᠶᠢ ᠡᠳ᠋ᠯᠡᠵᠦ ᠪᠤᠯᠬᠤ᠂     ᠣᠨᠣᠰᠢᠯᠠᠨ ᠡᠮᠨᠡᠬᠦ ︽ᠰᠠᠭᠠᠳ ᠦᠭᠡᠢ ᠨᠡᠪᠲᠡᠷᠡᠬᠦ ᠵᠠᠮ︾ ᠢ ᠭᠠᠷᠭᠠᠵᠤ᠂     ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃
1.jpg
     ᠳ᠋ᠦᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠰᠤᠷᠪᠤᠯᠵᠢᠯᠠᠭᠴᠢ᠂ ᠳ᠋ᠤᠭᠠᠷᠯᠠᠵᠤ ᠰᠦᠢᠳᠬᠡᠯ ᠳᠤᠰᠢᠶᠠᠬᠤ᠂ ᠡᠮᠨᠡᠯᠭᠡ ᠠᠴᠠ ᠭᠠᠷᠬᠤ ᠭᠠᠷ ᠬᠦᠢᠴᠡᠳᠬᠡᠯ ᠢ ᠭᠦᠢᠴᠡᠳᠬᠡᠬᠦ᠂ ᠡᠮ ᠠᠪᠬᠤ ᠭᠠᠵᠠᠷ ᠵᠡᠷᠭᠡ ᠴᠣᠩᠬᠤᠨ ᠳᠤ ᠴᠥᠮ ︽ᠪᠠᠭᠰᠢ ᠨᠠᠷ ᠲᠤ ᠤᠷᠢᠳᠠᠪᠠᠷ ᠤᠶᠢᠯᠡᠴᠢᠯᠡᠬᠦ︾ ᠢᠯᠡ ᠲᠡᠮᠳᠡᠭ ᠨᠠᠭᠠᠵᠤ᠂ ᠡᠯ᠎ᠡ ᠡᠮᠴᠢᠯᠡᠭᠡᠨ ᠤ ᠲᠠᠰᠤᠭ ᠴᠤ ᠥᠷᠭᠡᠨ ᠣᠯᠠᠨ ᠪᠠᠭᠰᠢ ᠨᠠᠷ ᠲᠤ ᠤᠷᠢᠳ ᠢᠶᠠᠷ ᠡᠮᠴᠢᠯᠡᠭᠡᠨ ᠤ ᠦᠢᠯᠡᠴᠢᠯᠡᠭᠡ ᠬᠠᠩᠭᠠᠵᠤ ᠪᠠᠶᠢᠬᠤ ᠶᠢ ᠬᠠᠷᠠᠯ᠎ᠠ᠃
2.jpg
3.jpg
     ᠣᠳᠣᠬᠠᠨ ᠳᠤ᠂ ᠮᠠᠨ ᠤ ᠡᠮᠨᠡᠯᠭᠡ ᠶᠢᠨ ᠬᠤᠷᠢᠶ᠎ᠠ ᠴᠤᠩᠬᠤᠪᠴᠢ᠂ ᠡᠯ᠎ᠡ ᠡᠮᠴᠢᠯᠡᠭᠡᠨ ᠤ ᠲᠠᠰᠤᠭ ᠲᠤ ᠥᠷᠭᠡᠨ ᠣᠯᠠᠨ ᠪᠠᠭᠰᠢ ᠨᠠᠷ ᠲᠤ ᠤᠷᠢᠳᠠᠪᠠᠷ ᠡᠮᠴᠢᠯᠡᠭᠡᠨ ᠤ ᠦᠢᠯᠡᠴᠢᠯᠡᠭᠡ ᠬᠠᠩᠭᠠᠵᠤ ᠪᠠᠶᠢᠨ᠎ᠠ᠂ ᠡᠮᠴᠢᠯᠡᠭᠡᠨ ᠤ ᠶᠠᠪᠤᠴᠠ ᠳᠤ ᠤᠷᠢᠳᠠᠪᠠᠷ ᠡᠮᠴᠢᠯᠡᠬᠦᠯᠵᠤ ᠳᠠᠷᠠᠭ᠎ᠠ ᠨᠢ ᠰᠦᠢᠳᠬᠡᠯ ᠲᠤᠰᠢᠶᠠᠬᠤ᠂ ᠡᠮᠴᠢᠯᠡᠭᠡᠨ ᠤ ︿ᠰᠠᠭᠠᠳ ᠦᠭᠡᠢ ᠨᠡᠪᠲᠡᠷᠡᠬᠦ  ᠵᠠᠮ﹀ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠠᠪᠴᠤ᠂ ᠪᠠᠭᠰᠢ ᠨᠠᠷ ᠲᠤ ᠳᠥᠭᠦᠮ ᠳᠥᠲᠡ ᠦᠢᠯᠡᠴᠢᠯᠡᠭᠡ ᠶᠢ ᠬᠠᠩᠭᠠᠵᠤ᠂ ᠲᠠᠷᠠᠭᠠᠴᠢ ᠶᠢᠨ ᠠᠯᠬᠤᠮ ᠳᠤ ᠪᠢᠳᠡ ᠨᠠᠩ ᠣᠯᠠᠨ ᠬᠠᠷᠠᠭᠠᠯᠵᠠᠯ ᠦᠵᠡᠭᠦᠯᠬᠦ ᠳᠥᠭᠦᠮ ᠳᠥᠲᠡ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠠᠭᠰᠢ ᠨᠠᠷ ᠲᠤ ᠪᠥᠬᠦ ᠲᠠᠯ᠎ᠠ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃      ᠳ᠋ᠦᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ  ᠴᠧᠩ ᠸᠧᠢ     ᠣᠷᠳᠣᠰ ᠤᠨ ᠬᠤᠸᠠ ᠵᠢᠶᠠᠨ ᠡᠮᠨᠡᠯᠭᠡ ᠶᠢᠨ ᠬᠤᠷᠢᠶ᠎ᠠ ᠠᠴᠠ ᠪᠠᠭᠰᠢ ᠨᠠᠷ ᠲᠤ ᠤᠷᠢᠳᠠᠪᠠᠷ ᠤᠶᠢᠯᠡᠴᠢᠯᠡᠬᠦ ᠲᠥᠰᠥᠯ ᠭᠠᠷᠭᠠᠵᠤ᠂ ᠥᠷᠭᠡᠨ ᠣᠯᠠᠨ ᠪᠠᠭᠰᠢ ᠨᠠᠷ ᠪᠠᠭᠰᠢ ᠶᠢᠨ ᠬᠢᠷᠢ ᠬᠡᠮ ᠤᠨ ᠦᠨᠡᠮᠯᠡᠯ ᠢᠶᠠᠷ ᠢᠶᠠᠨ ᠳ᠋ᠤᠭᠠᠷᠯᠠᠬᠤ᠂ ᠲᠤᠰᠬᠠᠢ ᠮᠡᠷᠭᠡᠵᠢᠯᠲᠡᠨ ᠤ ᠡᠮᠴᠢᠯᠡᠭᠡ᠂ ᠰᠦᠢᠳᠬᠡᠯ ᠳᠤᠰᠢᠶᠠᠬᠤ᠂ ᠡᠮᠴᠢᠯᠡᠭᠡᠨ ᠤ ᠮᠡᠷᠭᠡᠵᠢᠯ ᠤᠨ ᠪᠠᠶᠢᠴᠠᠭᠠᠯᠲᠠ  ᠬᠢᠬᠦ᠂ ᠡᠮᠨᠡᠯᠭᠡ ᠳᠤ ᠰᠠᠭᠤᠵᠤ ᠤᠨᠤᠰᠢᠯᠠᠭᠤᠯᠤᠨ ᠡᠮᠴᠢᠯᠡᠬᠦᠯᠬᠦ᠂ ᠡᠷᠡᠭᠦᠯ ᠮᠡᠨᠳᠦ ᠶᠢᠨ ᠵᠥᠪᠯᠡᠯᠭᠡ ᠠᠪᠬᠤ ᠵᠡᠷᠭᠡ ᠳᠤ ᠤᠷᠢᠳ ᠢᠶᠠᠷ ᠦᠢᠯᠡᠴᠢᠯᠡᠭᠡ ᠭᠥᠷᠳᠡᠵᠦ ᠪᠣᠯᠣᠨ᠎ᠠ︔ ᠪᠠᠭᠰᠢ ᠨᠠᠷ ᠤᠨ ᠲᠣᠰ ᠬᠦᠮᠦᠨ᠂ ᠬᠠᠨᠢ ᠨᠦᠬᠦᠷ᠂ ᠦᠷ᠎ᠡ ᠬᠡᠦᠬᠡᠳ᠂ ᠡᠴᠢᠭᠡ ᠡᠬᠡ ᠨᠢ ᠪᠠᠭᠰᠢ ᠶᠢᠨ ᠬᠢᠷᠢ ᠬᠡᠮ ᠤᠨ ᠦᠨᠡᠮᠯᠡᠯ᠂ ᠣᠷᠤᠭ ᠤᠨ ᠦᠨᠡᠮᠯᠡᠯ᠂ ᠡᠷᠦᠬᠡ ᠠᠮᠠ ᠶᠢᠨ ᠳᠡᠪᠲᠡᠷ ᠵᠡᠷᠭᠡ ᠬᠦᠴᠦᠨ ᠪᠦᠬᠦᠢ ᠦᠨᠡᠮᠯᠡᠯ ᠢᠶᠠᠨ ᠠᠪᠴᠢᠷᠠᠪᠠᠯ᠂ ᠬᠠᠭᠠᠰ ᠦᠨ᠎ᠡ ᠪᠠᠷ ᠲᠤᠰᠬᠠᠢ ᠮᠡᠷᠭᠡᠵᠢᠯᠲᠡᠨ ᠤ ᠪᠡᠶ᠎ᠡ ᠶᠢᠨ ᠪᠠᠶᠢᠴᠠᠭᠠᠯᠲᠠ ᠶᠢ ᠬᠢᠯᠬᠡᠵᠤ ᠪᠤᠯᠤᠨ᠎ᠠ︔ ᠪᠠᠭᠰᠢ ᠨᠠᠷ ᠪᠠᠭᠰᠢ ᠶᠢᠨ ᠬᠢᠷᠢ ᠬᠡᠮ ᠤᠨ ᠦᠨᠡᠮᠯᠡᠯ ᠢᠶᠠᠷ ᠢᠶᠠᠨ ᠠᠪᠴᠤ ᠤᠷᠢᠳ ᠢᠶᠠᠷ ᠪᠣᠯᠵᠣᠵᠤ᠂ ᠡᠯ᠎ᠡ ᠲᠥᠷᠥᠯ ᠤᠨ ᠸᠠᠺᠼᠢᠨ ᠤ ᠲᠠᠷᠢᠯᠭ᠎ᠠ ᠶᠢ ᠲᠠᠷᠢᠵᠤ ᠪᠤᠯᠤᠨ᠎ᠠ᠃
4.jpg
5.jpg
     ᠯᠢᠨ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠰᠦᠢᠳᠬᠡᠯ ᠳᠤᠰᠢᠶᠠᠵᠤ ᠡᠮ ᠠᠪᠬᠤ ᠴᠤᠩᠬᠤᠪᠴᠢᠨ ᠳᠠᠬᠢ ︽ᠪᠠᠭᠰᠢ ᠨᠠᠷ ᠲᠤ ᠤᠷᠢᠳᠠᠪᠠᠷ ᠤᠶᠢᠯᠡᠴᠢᠯᠡᠨ᠎ᠡ︾ ᠭᠡᠰᠡᠨ ᠥᠰᠥᠭ  ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠳ᠋ᠦᠩᠱᠧᠩ ᠲᠣᠭᠤᠷᠢᠭ ᠤᠨ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠᠭᠰᠢ ᠨᠠᠷ ᠲᠤ ᠤᠷᠢᠳᠠᠪᠠᠷ ᠣᠨᠣᠰᠢᠯᠠᠨ ᠡᠮᠨᠡᠬᠦ᠂ ᠳ᠋ᠤᠭᠠᠷᠯᠠᠵᠤ ᠡᠮ ᠠᠪᠬᠤ᠂ ᠦᠷ᠎ᠡ ᠬᠡᠦᠬᠡᠳ ᠤᠨ ᠸᠠᠺᠼᠢᠨ ᠤ ᠲᠠᠷᠢᠯᠭ᠎ᠠ ᠬᠢᠬᠦ ᠵᠡᠷᠭᠡ ᠤᠶᠢᠯᠡᠴᠢᠯᠡᠭᠡ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠠᠭᠰᠢ ᠨᠠᠷ ᠲᠤ ᠦᠨᠡᠨ ᠬᠦ ᠲᠥᠬᠦᠮ᠂ ᠬᠠᠯᠠᠭᠤᠨ ᠳᠤᠯᠠᠭᠠᠨ ᠤᠶᠢᠯᠡᠴᠢᠯᠡᠭᠡ ᠶᠢ ᠬᠠᠩᠭᠠᠵᠤ ᠪᠤᠢ᠃
7.jpg
8.jpg
     ᠳ᠋ᠦᠩᠱᠧᠩ ᠲᠣᠭᠤᠷᠢᠭ ᠤᠨ ᠡᠯ᠎ᠡ ᠡᠮ ᠤᠨ ᠳᠡᠯᠭᠡᠭᠦᠷ ᠵᠠᠯᠭᠠᠭ᠎ᠠ ᠪᠠᠷ ︽ᠪᠠᠭᠰᠢ ᠨᠠᠷ ᠢ ᠬᠠᠶᠢᠷᠠᠯᠠᠨ ᠬᠠᠯᠠᠮᠵᠢᠯᠠᠵᠤ᠂ ᠡᠷᠡᠬᠦᠯ ᠮᠡᠨᠳᠤ ᠳᠤ ᠨᠢ ᠬᠠᠷᠠᠭᠠᠯᠵᠠᠯ ᠦᠵᠡᠬᠦᠯᠬᠦ︾ ᠪᠠᠷ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠪᠠᠭᠰᠢ ᠶᠢ ᠬᠦᠨᠳᠦᠳᠬᠡᠨ ᠬᠠᠯᠠᠮᠵᠢᠯᠠᠵᠤ ᠪᠠᠶᠢᠬᠤ ᠪᠠᠨ ᠢᠯᠡᠳᠬᠡᠪᠡ᠃
9.jpg
10.jpg
11.jpg
     ᠪᠠᠭᠰᠢ ᠶᠢᠨ ᠬᠠᠷᠠᠭᠠᠯᠵᠠᠯ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠠᠭᠰᠢ ᠶᠢᠨ ᠢᠷᠠᠭᠤ ᠠᠯᠳᠠᠷᠳᠤ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠡᠯ᠎ᠡ ᠡᠮᠴᠢᠯᠡᠭᠡᠨ ᠤ ᠪᠠᠶᠢᠭᠤᠯᠤᠮᠵᠢ ᠳᠤ ︿ᠪᠠᠭᠰᠢ ᠨᠠᠷ ᠲᠤ ᠤᠷᠢᠳᠠᠪᠠᠷ ᠤᠶᠢᠯᠡᠴᠢᠯᠡᠬᠦ﹀ ᠴᠤᠩᠬᠤᠪᠴᠢ ᠭᠠᠷᠭᠠᠵᠤ᠂ ᠪᠠᠭᠰᠢ ᠨᠠᠷ ᠡᠪᠡᠳᠴᠢᠨ ᠦᠵᠡᠭᠦᠯᠵᠦ ᠡᠮᠨᠡᠭᠦᠯᠬᠦ᠂ ᠡᠮᠨᠡᠯᠭᠡ ᠳᠤ ᠰᠠᠭᠤᠬᠤ ᠵᠡᠷᠭᠡ ᠲᠠᠯ᠎ᠠ ᠪᠠᠷ ᠴᠥᠮ ᠤᠷᠢᠳ ᠢᠶᠠᠷ ᠤᠶᠢᠯᠡᠴᠢᠯᠡᠭᠡ ᠬᠦᠷᠳᠡᠬᠦ ᠲᠥᠷᠥ ᠶᠢᠨ ᠪᠣᠳᠣᠯᠭ᠎ᠠ ᠶᠢ ᠡᠳ᠋ᠯᠡᠨ᠎ᠡ᠃ ᠡᠭᠦᠨ ᠤ ᠬᠠᠮᠲᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢ ᠵᠤᠷᠢᠭᠵᠢᠭᠤᠯᠤᠨ ᠬᠠᠷᠢᠶ᠎ᠠ ᠭᠠᠵᠠᠷ ᠤᠨ ᠰᠤᠷᠭᠠᠭᠤᠯᠢ ᠲᠠᠢ ᠭᠡᠷ᠎ᠡ ᠲᠣᠭᠲᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠶᠢᠨ ᠬᠦᠷᠢᠶᠡᠨ ᠳᠤ ᠣᠷᠣᠵᠤ ᠪᠠᠭᠰᠢ ᠨᠠᠷ ᠲᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠪᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠠᠭᠰᠢ ᠨᠠᠷ ᠲᠤ ᠨᠠᠩ ᠪᠦᠲᠦᠮᠵᠢᠲᠡᠶ᠂ ᠳᠥᠭᠦᠮ ᠳᠥᠲᠡ᠂ ᠠᠮᠤᠷ ᠲᠦᠪᠰᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ ᠪᠠᠶᠢᠨ᠎ᠠ᠃ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠮᠢᠩ ᠯᠢᠶᠠᠩ     ᠤᠷᠢᠳᠠᠪᠠᠷ ᠬᠠᠷᠠᠭᠠᠯᠵᠠᠬᠤ ᠠᠯᠢ ᠣᠯᠠᠨ ᠲᠥᠷᠥ ᠶᠢᠨ ᠪᠣᠳᠣᠯᠭ᠎ᠠ     ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ     ᠪᠠᠭᠰᠢ ᠨᠠᠷ ᠤᠨ ᠨᠡᠶᠢᠭᠡᠮ ᠤᠨ ᠪᠠᠶᠢᠷᠢ ᠰᠠᠭᠤᠷᠢ ᠪᠠ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ
12.jpg
     ᠡᠯ᠎ᠡ ᠲᠣᠮᠣ ᠡᠮᠴᠢᠯᠡᠭᠡᠨ ᠤ ᠪᠠᠶᠢᠭᠤᠯᠤᠮᠵᠢ ᠨᠤᠭᠤᠳ ︽ᠪᠠᠭᠰᠢ ᠨᠠᠷ ᠲᠤ ᠤᠷᠢᠳᠠᠪᠠᠷ ᠤᠶᠢᠯᠡᠴᠢᠯᠡᠬᠦ︾ ᠴᠤᠩᠬᠤᠪᠴᠢ ᠪᠠ ᠤᠨᠤᠰᠢᠯᠠᠨ ᠡᠮᠨᠡᠬᠦ ︿ᠰᠠᠭᠠᠳ ᠦᠭᠡᠢ ᠨᠡᠪᠲᠡᠷᠡᠬᠦ ᠵᠠᠮ﹀ ᠢ ᠭᠠᠷᠭᠠᠭᠰᠠᠨ ᠨᠢ ᠪᠢᠳᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠵᠦ᠂ ᠪᠢᠳᠡᠨ ᠳᠤ ᠣᠨᠴᠠᠭᠠᠶ ᠬᠠᠯᠠᠭᠤᠨ ᠳᠤᠯᠠᠭᠠᠨ ᠰᠠᠨᠠᠭᠳᠠᠵᠤ᠂ ᠳ᠋ᠦᠩᠱᠧᠩ ᠳᠤ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠨᠢ ᠦᠨᠡᠬᠡᠷ ᠤᠨᠤᠭᠰᠢᠯ ᠲᠠᠢ ᠪᠠᠭ᠋ᠠᠷᠬᠠᠯ ᠲᠠᠢ᠃                    ᠳ᠋ᠦᠩᠱᠧᠩ ᠲᠣᠭᠤᠷᠢᠭ ᠤᠨ ᠸᠠᠨ ᠵᠧᠩ ᠪᠠᠭ᠎ᠠ ᠰᠤᠷᠭᠠᠭᠤᠯᠢ ᠶᠢᠨ ᠪᠠᠭᠰᠢ     ᠶᠢᠨ ᠰᠢᠨ
13.jpg
     ᠳ᠋ᠦᠩᠱᠧᠩ ᠤᠨ ᠪᠠᠭᠰᠢ ᠶᠢ ᠬᠠᠷᠠᠭᠠᠯᠵᠠᠬᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠨᠢ ᠪᠢᠳᠡᠨ ᠳᠤ ᠳᠣᠲᠣᠨᠣ ᠦᠢᠯᠡᠴᠢᠯᠡᠭᠡᠨ ᠤ ᠪᠠᠲᠤᠯᠠᠭ᠎ᠠ ᠶᠢ ᠬᠦᠷᠲᠡᠭᠡᠭᠰᠡᠨ ᠪᠥᠭᠡᠳ ᠪᠢᠳᠡᠨ ᠤ ᠠᠵᠢᠯ ᠳᠤ ᠨᠡᠩ ᠶᠡᠭᠡ ᠬᠥᠳᠡᠯᠭᠡᠬᠦ ᠬᠦᠴᠦᠨ ᠤᠯᠭᠤᠵᠤ᠂ ᠪᠢᠳᠡᠨ ᠢ ᠨᠡᠩ ᠰᠠᠶᠢᠨ ᠪᠢᠴᠢᠭ ᠵᠢᠭᠠᠵᠤ ᠬᠥᠮᠥᠨ ᠢ ᠬᠥᠮᠥᠵᠢᠭᠦᠯᠬᠦ᠂ ᠤᠯᠤᠰ ᠲᠠᠭᠠᠨ ᠴᠢᠳᠠᠪᠤᠷᠢᠲᠠᠨ ᠢ ᠬᠥᠮᠥᠵᠢᠭᠦᠯᠬᠦ ᠶᠢ ᠵᠤᠷᠢᠭᠵᠢᠭᠤᠯᠵᠤ ᠪᠠᠶᠢᠨ᠎ᠠ︾᠃                    ᠳ᠋ᠦᠩᠱᠧᠩ ᠲᠣᠭᠤᠷᠢᠭ ᠤᠨ ᠺᠠᠩ ᠾᠧ ᠯᠢ ᠱᠧ ᠴᠡᠴᠡᠷᠯᠢᠭ ᠤᠨ ᠪᠠᠭᠰᠢ   ᠫᠠᠩ ᠮᠢᠨ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ