ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠵᠤ᠂ ᠪᠣᠬᠢᠷᠲᠤᠯ ᠦᠭᠡᠢ ᠬᠡᠷᠡᠭᠯᠡᠭᠡ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/10/24
     ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠥᠬᠦ ᠲᠤᠭ᠎ᠠ 175.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ᠃      ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠴᠡᠭᠡ ᠲᠣᠭᠲᠠᠪᠤᠷᠢᠲᠠᠢ ᠪᠠᠶᠢᠪᠠ᠃ ᠬᠢᠵᠠᠭᠠᠷᠯᠠᠯ ᠠᠴᠠ ᠳᠡᠭᠡᠭᠰᠢᠬᠢ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ 4.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4%  ᠪᠠᠷ ᠨᠡᠮᠡᠭᠳᠡᠪᠡ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠤᠨ ᠵᠢᠵᠢᠭᠯᠡᠨ ᠪᠤᠷᠤᠯᠠᠭᠤᠯᠤᠯᠳᠠ 9.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠪᠡ︔ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ 4.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠨᠡᠮᠡᠭᠳᠡᠵᠡᠢ᠃      ᠲᠠᠰ ᠳᠡᠪᠰᠢᠬᠦ ᠲᠥᠷᠥᠯ ᠤᠨ ᠲᠠᠸᠠᠷ ᠤᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠪᠡ᠃ ᠬᠢᠵᠠᠭᠠᠷᠯᠠᠯ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠳᠡᠨᠢ  ᠶᠢᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠵᠡᠢ︔ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 33.9% ᠪᠠᠷ ᠨᠡᠮᠡᠭᠳᠡᠪᠡ᠂ ᠡᠭᠦᠨ ᠳᠤ᠂ ᠡᠨᠧᠷᠭᠢ ᠶᠢᠨ ᠠᠰᠢᠭᠯᠠᠮᠵᠢ ᠶᠢᠨ ᠲᠠᠰ ᠨᠢ 1 ᠲᠠᠰ ᠪᠠ 2 ᠲᠠᠰ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠨᠢ ᠠᠳᠠᠯᠢ ᠬᠤᠭᠤᠴᠠᠭᠠᠨ ᠤ ᠬᠢ ᠠᠴᠠ 124.6% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 63.7%  ᠪᠠᠷ ᠨᠡᠮᠡᠭᠳᠡᠪᠡ᠃      ᠢᠳᠡᠭᠡᠨ ᠤᠮᠳᠠᠭᠠᠨ ᠤ ᠬᠡᠷᠡᠭᠯᠡᠭᠡ ᠦᠷᠭᠦᠯᠵᠢᠯᠡᠨ ᠨᠡᠯᠢᠶᠡᠳ ᠲᠦᠷᠭᠡᠨ ᠢᠶᠠᠷ ᠰᠡᠷᠭᠦᠪᠡ᠃ ᠬᠢᠵᠠᠭᠠᠷᠯᠠᠯ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 5.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.3% ᠪᠠᠷ ᠨᠡᠮᠡᠭᠳᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ