ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠢᠯᠡᠳᠲᠡ ᠪᠠᠭᠤᠷᠠᠪᠠ
ᠨᠡᠶᠢᠲᠡᠯᠡᠭᠰᠡᠨ ᠴᠠᠭ᠄
2023/10/24
    1 — 8 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 129.5 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.5% ᠪᠠᠷ ᠪᠠᠭᠤᠷᠠᠪᠠ᠃     ᠠᠵᠢᠯ ᠲᠥᠷᠥᠯ ᠢᠶᠠᠷ ᠬᠤᠪᠢᠶᠠᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 84.8 ᠳ᠋ᠦᠩᠰᠢᠭᠤᠷ ᠲᠥᠭᠦᠷᠢᠭ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 65.5% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.9% ᠪᠠᠷ ᠪᠠᠭᠤᠷᠠᠪᠠ︔ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 13.7 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.01% ᠪᠠᠷ ᠪᠠᠭᠤᠷᠠᠪᠠ︔ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠬᠢᠵᠢᠯᠳᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 20.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ