ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠬᠦᠴᠦᠲᠡᠢ ᠪᠤᠯᠪᠠ
ᠨᠡᠶᠢᠲᠡᠯᠡᠭᠰᠡᠨ ᠴᠠᠭ᠄
2023/10/24
    ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29.5% ᠪᠠᠷ ᠨᠡᠮᠡᠭᠳᠡᠵᠦ᠂ 1 — 8 ᠰᠠᠷ᠎ᠠ ᠶᠢᠨ ᠬᠢ ᠠᠴᠠ 14.6 ᠵᠠᠭᠤᠨ ᠤ ᠬᠤᠪᠢ ᠳᠡᠭᠡᠭᠰᠢᠯᠡᠵᠡᠢ᠃     ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.6% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2% ᠢᠶᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.3% ᠪᠠᠷ ᠨᠡᠮᠡᠭᠳᠡᠪᠡ᠃     ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠴᠢᠩᠭᠠᠷᠠᠪᠠ᠃ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 150.6% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠪᠥᠬᠦ ᠲᠣᠭᠠᠨ ᠤ 21.8% ᠶᠢ ᠡᠵᠡᠯᠡᠨ᠂ ᠪᠡᠯᠡ ᠣᠷᠣᠭᠤᠯᠤᠯᠲᠠ ᠶᠢᠨ ᠨᠡᠮᠡᠭᠳᠡᠯ ᠢ 17 ᠵᠠᠭᠤᠨ ᠤ ᠬᠤᠪᠢ ᠳᠠᠶᠢᠴᠢᠯᠠᠪᠠ᠂ ᠡᠭᠦᠨ ᠳᠤ ᠲᠣᠨᠣᠭᠯᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 140% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 15.8 ᠵᠠᠭᠤᠨ ᠤ ᠬᠤᠪᠢ ᠳᠠᠶᠢᠴᠢᠯᠠᠪᠠ︔ ᠬᠡᠷᠡᠭᠯᠡᠭᠡᠨ ᠤ ᠡᠳ᠋ ᠤᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 45 ᠳᠠᠬᠢᠨ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 0.5 ᠵᠠᠭᠤᠨ ᠤ ᠬᠤᠪᠢ ᠳᠠᠶᠢᠴᠢᠯᠠᠪᠠ︔ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 191 ᠳᠠᠬᠢᠨ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 2.1 ᠵᠠᠭᠤᠨ ᠤ ᠬᠤᠪᠢ ᠳᠠᠶᠢᠴᠢᠯᠠᠪᠠ᠃     ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠪᠠᠭᠤᠷᠠᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 69.4% ᠪᠠᠷ ᠨᠡᠮᠡᠭᠳᠡᠵᠦ᠂ 1 — 8 ᠰᠠᠷ᠎ᠠ ᠶᠢᠨ ᠬᠢ ᠠᠴᠠ 13.8 ᠵᠠᠭᠤᠨ ᠤ ᠬᠤᠪᠢ ᠪᠠᠭᠤᠷᠠᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 54.3% ᠶᠢ ᠡᠵᠡᠯᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 28.8 ᠵᠠᠭᠤᠨ ᠤ ᠬᠤᠪᠢ ᠳᠠᠶᠢᠴᠢᠯᠠᠪᠠ᠃     ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠯᠳᠠ ᠦᠷᠭᠦᠯᠵᠢᠯᠡᠨ ᠳᠡᠭᠡᠭᠰᠢᠯᠡᠪᠡ᠃ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 60.21 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 128.4% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 113.2% ᠢᠶᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ