ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠦᠢᠯᠡᠴᠢᠯᠡᠭᠡᠨ ᠤ ᠴᠢᠨᠠᠷᠲᠠᠢ ᠬᠡᠷᠡᠭᠯᠡᠭᠡᠨ ᠤ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2023/10/24
    ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 44950 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠬᠠᠭᠠᠰ ᠵᠢᠯ ᠤᠨ ᠬᠢ ᠠᠴᠠ 1.1 ᠵᠠᠭᠤᠨ ᠤ ᠬᠤᠪᠢ ᠳᠡᠭᠡᠭᠰᠢᠯᠡᠵᠡᠢ᠃ ᠡᠭᠦᠨ ᠳᠤ᠂ ᠴᠠᠯᠢᠩ ᠤᠨ ᠴᠢᠨᠠᠷᠲᠠᠢ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠦ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠰᠢᠯᠵᠢᠭᠦᠯᠦᠭᠰᠡᠨ ᠴᠡᠪᠡᠷ ᠣᠷᠣᠯᠭ᠎ᠠ ᠠᠳᠠᠯᠢ ᠬᠤᠭᠤᠴᠠᠭᠠᠨ ᠤ  ᠬᠢ ᠠᠴᠠ 3.4% ᠪᠠᠷ ᠨᠡᠮᠡᠭᠳᠡᠵᠡᠢ᠃     ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 30334 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ᠃ ᠡᠭᠦᠨ ᠳᠤ ᠢᠳᠡᠭᠡᠨ ᠤ ᠵᠦᠢᠯ ᠠᠷᠢᠬᠢ ᠲᠠᠮᠠᠬᠢ᠂ ᠰᠤᠷᠭᠠᠨ ᠬᠥᠮᠦᠵᠢᠯ ᠰᠣᠶᠣᠯ ᠴᠡᠩᠭᠡᠯ᠂ ᠡᠮ ᠡᠮᠨᠡᠯᠭᠡ ᠡᠷᠡᠭᠦᠯᠵᠢᠯ ᠤᠨ ᠬᠡᠷᠡᠭᠯᠡᠭᠡᠨ ᠤ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠡᠷᠡᠭᠯᠡᠭᠡᠨ ᠤ ᠵᠠᠷᠤᠯᠭ᠎ᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 19.8%᠂ 22.9%᠂ 25.4% ᠪᠠᠷ ᠨᠡᠮᠡᠭᠳᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ