ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 4 ᠰᠠᠷ᠎ᠠ ᠳᠠᠷᠠᠭᠠᠯᠠᠨ ᠳᠡᠭᠡᠭᠰᠢᠯᠡᠵᠦ᠂ ᠭᠤᠣᠯ ᠦᠢᠯᠡᠳᠬᠦᠨ ᠤ ᠭᠠᠷᠤᠯᠲᠠ ᠨᠡᠮᠡᠭᠳᠡᠬᠦ ᠬᠠᠨᠳᠤᠰᠢ ᠪᠠᠨ ᠪᠠᠲᠤᠯᠠᠪᠠ
ᠨᠡᠶᠢᠲᠡᠯᠡᠭᠰᠡᠨ ᠴᠠᠭ᠄
2023/10/24
    ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.0% ᠪᠠᠷ ᠨᠡᠮᠡᠭᠳᠡᠵᠦ᠂ 1 — 8 ᠰᠠᠷ᠎ᠠ ᠶᠢᠨ ᠬᠢ ᠠᠴᠠ 1.3 ᠵᠠᠭᠤᠨ ᠤ ᠬᠤᠪᠢ ᠳᠡᠭᠡᠭᠰᠢᠯᠡᠵᠡᠢ᠃     ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.7% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 44.1% ᠪᠠᠷ ᠨᠡᠮᠡᠭᠳᠡᠪᠡ᠃      ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠲᠦᠷᠦᠯ ᠤᠨ ᠭᠤᠣᠯ ᠦᠢᠯᠡᠳᠬᠦᠨ ᠤ 12 ᠲᠦᠷᠦᠯ ᠨᠢ ᠦᠢᠯᠡᠳᠬᠦᠨ ᠤ ᠨᠡᠮᠡᠭᠳᠡᠯ ᠢ ᠪᠡᠶᠡᠯᠡᠭᠦᠯᠪᠡ᠃ ᠡᠭᠦᠨ ᠳᠤ ᠲᠦᠭᠡᠭᠡᠯ ᠤᠰᠤ 2443 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.04% ᠪᠠᠷ ᠨᠡᠮᠡᠭᠳᠡᠪᠡ︔ ᠨᠡᠭᠦᠷᠡᠰᠦ 7958.52 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.1% ᠪᠠᠷ ᠨᠡᠮᠡᠭᠳᠡᠪᠡ︔ ᠰᠢᠩᠭᠡᠨ ᠲᠠᠯᠠᠰᠲᠤ ᠳᠡᠯᠭᠡᠴᠡ 7931 ᠲᠦᠮᠡᠨ ᠬᠡᠰᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ︔ ᠢᠯᠴᠢ ᠶᠢᠨ ᠭᠦᠴᠦᠨ 1328.2 ᠲᠦᠮᠡᠨ ᠵᠢᠢ ᠵᠢᠶᠣᠣ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠨᠡᠮᠡᠭᠳᠡᠪᠡ︔ ᠠᠭᠤᠷᠬᠠᠢ ᠶᠢᠨ ᠲᠤᠰᠬᠠᠢ ᠲᠥᠬᠦᠭᠡᠷᠦᠮᠵᠢ 720 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 27.4% ᠪᠠᠷ ᠨᠡᠮᠡᠭᠳᠡᠪᠡ︔ ᠮᠠᠰᠢᠨ ᠲᠡᠷᠭᠡ 56095 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38.5% ᠪᠠᠷ ᠨᠡᠮᠡᠭᠳᠡᠪᠡ︔ ᠬᠢᠲᠠᠳ ᠡᠮ 186.44 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 39.4% ᠪᠠᠷ ᠨᠡᠮᠡᠭᠳᠡᠪᠡ︔ ᠴᠠᠭᠠᠨ ᠢᠳᠡᠭᠡᠨ 2003 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 41.4% ᠪᠠᠷ ᠨᠡᠮᠡᠭᠳᠡᠪᠡ︔ ᠲᠠᠸᠠᠷ ᠤᠨ ᠪᠧᠲ᠋ᠣᠨ 291727.33 ᠪᠣᠰᠤᠭ᠎ᠠ ᠳᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 85.5% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 119.39 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 85.7% ᠪᠠᠷ ᠨᠡᠮᠡᠭᠳᠡᠪᠡ︔ ᠨᠣᠣᠰᠣᠨ ᠰᠡᠮᠡᠳᠡᠰᠤ 589.29 ᠳᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 94.8% ᠪᠠᠷ ᠨᠡᠮᠡᠭᠳᠡᠪᠡ︔ ᠴᠠᠬᠢᠯᠭᠠᠨ ᠤᠳᠠᠰᠤ 2731.44 ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 362.8% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ