ᠲᠦᠷᠦᠭᠦᠦ ᠭᠤᠷᠪᠠᠨ ᠤᠯᠠᠷᠢᠯ ᠳᠤ ᠳ᠋ᠦᠩᠱᠧᠩ ᠲᠣᠭᠤᠷᠢᠭ ᠤᠨ ᠠᠵᠤ ᠠᠬᠤᠢ ᠲᠣᠭᠲᠠᠭᠤᠨ ᠤ ᠳᠤᠮᠳᠠ ᠶᠠᠰᠤ ᠴᠢᠨᠠᠷ ᠢᠶᠠᠨ ᠳᠡᠭᠡᠭᠰᠢᠯᠡᠬᠦᠯᠦᠨ ᠰᠢᠯᠢᠳᠡᠭᠵᠢᠨ ᠰᠠᠶᠢᠵᠢᠷᠠᠪᠠ
ᠨᠡᠶᠢᠲᠡᠯᠡᠭᠰᠡᠨ ᠴᠠᠭ᠄
2023/10/25
    ᠲᠦᠷᠦᠭᠦᠸ ᠭᠤᠷᠪᠠᠨ ᠤᠯᠠᠷᠢᠯ ᠳᠤ ᠳ᠋ᠦᠩᠱᠧᠩ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 747.62 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃ ᠶᠡᠷᠦᠩᠬᠡᠢ ᠬᠡᠮᠵᠢᠶ᠎ᠡ ᠪᠦᠬᠦ ᠬᠤᠳᠠ ᠶᠢᠨ ᠭᠤᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠬᠤᠶᠠᠳᠤᠭᠠᠷ ᠲᠤ ᠣᠷᠣᠪᠠ᠃     ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 0.1% ᠪᠣᠯᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 319.01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠢ 3.2 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 34.8% ᠳᠤ ᠬᠥᠷᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 428.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 9.2% ᠢᠶᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠢ 6 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 65.1% ᠳᠤ ᠬᠥᠷᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 0.07᠄ 42.67᠄ 57.26 ᠪᠣᠯᠣᠨ᠎ᠠ᠃     ᠨᠢᠭᠡ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠲᠤᠭᠳᠠᠭᠤᠨ ᠢ ᠪᠠᠳᠤᠯᠠᠪᠠ᠃ ᠲᠦᠷᠦᠭᠦᠸ ᠭᠤᠷᠪᠠᠨ ᠤᠯᠠᠷᠢᠯ ᠳᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠠᠬᠤᠢ ᠶᠢᠨ ᠨᠡᠮᠡᠭᠳᠡᠯ ᠥᠷᠲᠡᠭ 0.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠨ᠂ GDP ᠳᠤ ᠡᠵᠡᠯᠡᠬᠦ ᠬᠤᠪᠢ ᠶᠢᠨ ᠵᠢᠩ ᠨᠢ 0.1% ᠳᠤ ᠬᠦᠷᠴᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 0.1% ᠳᠤ ᠬᠦᠷᠴᠡᠢ᠃     ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ ᠠᠵᠤ ᠦᠢᠯᠡᠳᠪᠦᠷᠢ 256.27 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠨ᠂ GDP ᠳᠤ ᠡᠵᠡᠯᠡᠬᠦ ᠬᠤᠪᠢ ᠶᠢᠨ ᠵᠢᠩ ᠨᠢ 34.3% ᠪᠠᠶᠢᠵᠤ᠂ ᠠᠵᠤ ᠠᠬᠤᠢ ᠶᠢᠨ ᠨᠡᠮᠡᠭᠳᠡᠯ ᠢ 1.6 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 17.1% ᠳᠤ ᠬᠦᠷᠴᠡᠢ᠃     ᠭᠤᠷᠪᠠ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠤᠨ ᠬᠠᠨᠳᠤᠰᠢ ᠡᠷᠴᠢᠮᠲᠡᠢ ᠪᠠᠶᠢᠪᠠ᠃ ᠲᠦᠷᠦᠭᠦᠦ ᠭᠤᠷᠪᠠᠨ ᠤᠯᠠᠷᠢᠯ ᠳᠤ ᠪᠠᠷᠢᠯᠭ᠎ᠠ ᠶᠢᠨ ᠨᠡᠮᠡᠭᠳᠡᠯ ᠥᠷᠲᠡᠭ 62.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 18.6% ᠪᠠᠷ ᠨᠡᠮᠡᠭᠳᠡᠨ᠂ GDP ᠳᠤ ᠡᠵᠡᠯᠡᠬᠦ ᠬᠤᠪᠢ ᠶᠢᠨ ᠵᠢᠩ ᠨᠢ 8.4% ᠳᠤ ᠬᠦᠷᠴᠤ᠂ ᠠᠵᠤ ᠠᠬᠤᠢ ᠶᠢᠨ ᠨᠡᠮᠡᠭᠳᠡᠯ ᠢ 1.6 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 17.6% ᠳᠤ ᠬᠦᠷᠪᠡ᠃     ᠳᠥᠷᠪᠡ᠂ ᠦᠢᠯᠡᠴᠢᠯᠡᠭᠡᠨ ᠤ ᠦᠢᠯᠡᠰ ᠲᠣᠭᠲᠠᠪᠤᠷᠢᠵᠢᠬᠤ ᠶᠢᠨ ᠵᠡᠷᠭᠡ ᠳᠤ ᠰᠠᠶᠢᠵᠢᠷᠠᠪᠠ᠃ ᠲᠦᠷᠦᠭᠦᠸ ᠭᠤᠷᠪᠠᠨ ᠤᠯᠠᠷᠢᠯ ᠳᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 428.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠨ᠂ GDP ᠳᠤ ᠡᠵᠡᠯᠡᠬᠦ ᠬᠤᠪᠢ ᠶᠢᠨ ᠵᠢᠩ ᠨᠢ 57.3% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ 6 ᠵᠠᠭᠤᠨ ᠤ ᠬᠤᠪᠢ ᠳᠠᠶᠢᠴᠢᠯᠠᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 65.1% ᠳᠤ ᠬᠦᠷᠴᠡᠢ᠃     ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠪᠠ᠂ ᠡᠭᠦᠨ ᠳᠤ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.5 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 5.9% ᠳᠤ ᠬᠦᠷᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.8 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 8.9% ᠳᠤ ᠬᠦᠷᠪᠡ︔ ᠬᠤᠨᠤᠭ ᠤᠨ ᠭᠠᠵᠠᠷ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.3 ᠵᠠᠭᠤᠨ ᠤ ᠬᠤᠪᠢ ᠳᠠᠶᠢᠴᠢᠯᠠᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 3.5% ᠳᠤ ᠬᠦᠷᠪᠡ︔ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 1.5 ᠵᠠᠭᠤᠨ ᠤ ᠬᠤᠪᠢ ᠳᠠᠶᠢᠴᠢᠯᠠᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 16.2% ᠳᠤ ᠬᠦᠷᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.9 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 10.1% ᠳᠤ ᠬᠦᠷᠪᠡ︔ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠬᠢᠵᠢᠯᠳᠠ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 8.7% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.5 ᠵᠠᠭᠤᠨ ᠤ ᠬᠤᠪᠢ ᠳᠠᠶᠢᠴᠢᠯᠠᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 5.2% ᠳᠤ ᠬᠦᠷᠪᠡ︔ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.4 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 3.8% ᠳᠤ ᠬᠥᠷᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ