【ᠳ᠋ᠦᠩᠱᠧᠩ ᠲᠣᠭᠤᠷᠢᠭ ᠤᠨ ᠣᠨᠴᠠᠯᠢᠭᠲᠤ ᠰᠣᠶᠣᠯ ᠵᠤᠭᠠᠴᠠᠯ ᠤᠨ ᠵᠡᠭᠡᠯᠢ ᠲᠣᠭᠤᠷᠢᠭ】 ᠵᠢᠦᠢ ᠸᠠᠩ ᠶᠢᠨ · ᠵᠢᠩ ᠬᠤᠸᠠ ᠬᠤᠳᠠ
ᠨᠡᠶᠢᠲᠡᠯᠡᠭᠰᠡᠨ ᠴᠠᠭ᠄
2023/10/27
     ᠵᠢᠦᠢ ᠸᠠᠩ ᠶᠢᠨ · ᠵᠢᠩ ᠬᠤᠸᠠ ᠬᠤᠳᠠ ᠲᠡᠮᠦᠷ ᠵᠠᠮ ᠤᠨ ᠪᠠᠷᠠᠭᠤᠳᠡᠬᠢ CBD ᠶᠢᠨ ᠭᠤᠣᠯ ᠣᠷᠣᠨ ᠪᠦᠰᠡ ᠳᠤ ᠪᠠᠶᠢᠷᠢᠯᠠᠵᠤ᠂ ᠬᠤᠳᠠᠯᠳᠤᠭ᠎ᠠ ᠠᠷᠠᠯᠵᠢᠶ᠎ᠠ᠂ ᠮᠥᠩᠭᠦᠨ ᠭᠦᠢᠯᠭᠡᠭᠡ᠂ ᠬᠤᠳᠠᠯᠳᠤᠭ᠎ᠠ᠂ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠬᠤᠳᠠᠯᠳᠤᠭᠠᠨ ᠤ ᠶᠡᠷᠦᠩᠬᠡᠢ ᠴᠣᠭᠴᠠ ᠪᠣᠯᠣᠨ᠎ᠠ᠃     ᠥᠩᠭᠡᠷᠡᠭᠰᠡᠨ ᠢᠶᠠᠨ ᠲᠤᠷᠠᠳᠬᠠᠬᠤ ᠠᠷᠢᠬᠢᠨ ᠮᠤᠬᠤᠯᠠᠭ᠂ ᠢᠳᠡᠭᠡᠨ ᠤᠮᠳᠠᠭᠠᠨ᠂ ᠵᠦᠴᠦᠬᠡ ᠶᠢᠨ ᠲᠤᠭᠯᠠᠭᠠᠮ᠂ ᠰᠥᠨᠢ ᠶᠢᠨ ᠵᠠᠬ᠎ᠠ ᠳᠡᠯᠭᠡᠭᠦᠷ᠂ ᠪᠠᠷᠠᠭ᠎ᠠ ᠬᠤᠳᠠᠯᠳᠤᠨ ᠠᠪᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ  ᠨᠢᠬᠡᠳᠦᠬᠦᠯᠵᠤ᠂ ᠳ᠋ᠦᠩᠱᠧᠩ ᠲᠣᠭᠤᠷᠢᠭ ᠤᠨ ᠰᠥᠨᠢ ᠶᠢᠨ ᠠᠵᠤ ᠠᠬᠤᠢ ᠶᠢᠨ ᠭᠤᠣᠯ ᠱᠤᠭᠤᠮ ᠢ ᠮᠠᠰᠢ ᠰᠠᠶᠢᠨ ᠳᠡᠭᠡᠭᠰᠢᠯᠡᠭᠦᠯᠵᠦ᠂ ᠬᠤᠳᠠ ᠶᠢᠨ ᠠᠷᠠᠳ ᠪᠠ ᠵᠤᠭᠠᠴᠠᠭᠰᠠᠳ ᠲᠤ ᠨᠡᠩ ᠡᠯᠪᠡᠭ ᠪᠠᠶᠠᠯᠢᠭ ᠰᠥᠨᠢ ᠶᠢᠨ ᠠᠮᠢᠳᠤᠷᠠᠯ ᠢ ᠡᠭᠦᠳᠴᠦ ᠥᠭᠴᠡᠢ᠃ ᠬᠤᠳᠠ ᠶᠢᠨ ︽ᠰᠥᠨᠢ ᠶᠢᠨ ᠠᠵᠤ ᠠᠬᠤᠢ︾ ᠪᠣᠯᠣᠨ ᠰᠣᠶᠣᠯ ᠵᠤᠭᠠᠴᠠᠯ ᠤᠨ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠵᠤ᠂ ᠡᠳᠦᠷ ᠢᠷᠡᠬᠦᠶ᠎ᠡ ᠬᠥᠭᠵᠢᠨ ᠴᠡᠴᠡᠭᠯᠡᠵᠦ ᠪᠠᠶᠢᠭ᠎ᠠ ᠰᠥᠨᠢ ᠶᠢᠨ ᠠᠵᠤ ᠠᠬᠤᠢ ᠨᠢ ᠬᠤᠳᠠ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠰᠣᠶᠣᠯ ᠡᠭᠦᠳᠦᠯᠲᠡ ᠶᠢ ᠬᠥᠭᠵᠢᠭᠡᠵᠦ᠂ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠰᠣᠶᠣᠯ ᠵᠤᠭᠠᠴᠠᠯ ᠤᠨ ᠠᠵᠤ ᠠᠬᠤᠢ ᠶᠢᠨ ᠬᠥᠭᠵᠢᠯᠲᠡ ᠶᠢ ᠲᠠᠶᠢᠴᠢᠯᠠᠵᠠᠢ᠃ 
0.jpg
 
2.jpg
 
3.jpg
 
1.png
 
5.jpg
ᠢᠷᠡᠯᠲᠡ᠄ ᠳᠤᠰ ᠰᠦᠯᠵᠢᠶ᠎ᠡ