【ᠳ᠋ᠦᠩᠱᠧᠩ ᠲᠣᠭᠤᠷᠢᠭ ᠤᠨ ᠣᠨᠴᠠᠯᠢᠭᠲᠤ ᠰᠣᠶᠣᠯ ᠵᠤᠭᠠᠴᠠᠯ ᠤᠨ ᠵᠡᠭᠡᠯᠢ ᠲᠣᠭᠤᠷᠢᠭ】ᠡᠯᠪᠡᠭ ᠪᠤᠶᠠᠨᠳᠤ ᠭᠤᠳᠤᠮᠵᠢ
ᠨᠡᠶᠢᠲᠡᠯᠡᠭᠰᠡᠨ ᠴᠠᠭ᠄
2023/11/12
     ᠡᠯᠪᠡᠭ ᠪᠤᠶᠠᠨᠳᠤ ᠭᠤᠳᠤᠮᠵᠢ ᠨᠢ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠤᠳᠠ ᠶᠢᠨ ᠲᠥᠪ ᠲᠤ ᠪᠠᠶᠢᠷᠢᠯᠠᠵᠤ᠂ ᠳᠣᠲᠣᠷ᠎ᠠ ᠨᠢ ᠳᠥᠴᠢ ᠭᠠᠷᠤᠢ ᠬᠡᠷ ᠪᠠᠶᠢᠰᠢᠩ ᠲᠠᠢ ᠪᠠᠶᠢᠵᠤ᠂ ᠣᠳᠣᠬᠠᠨ ᠳᠤ 32 ᠢ ᠨᠢ ᠥᠭᠡᠷᠡᠴᠢᠯᠡᠨ ᠰᠢᠨᠡᠳᠬᠡᠵᠡᠢ᠃      ᠡᠯᠪᠡᠭ ᠪᠤᠶᠠᠨᠳᠤ ᠭᠤᠳᠤᠮᠵᠢ ᠪᠣᠯ ᠴᠡᠴᠡᠭ ᠤᠷᠭᠤᠮᠠᠯ ᠤᠨ ᠬᠦᠷᠢᠶᠠᠯᠠᠩ᠂ ᠺᠤᠹᠧ ᠠᠷᠢᠬᠢᠨ ᠤ ᠮᠤᠬᠤᠯᠠᠭ᠂ ᠣᠨᠴᠠᠯᠢᠭᠲᠤ ᠢᠳᠡᠭᠡᠨ ᠤᠮᠳᠠᠭᠠᠨ᠂ ᠨᠣᠮ ᠤᠨ ᠳᠡᠯᠭᠡᠭᠦᠷ ᠭᠡᠷᠡᠯ ᠵᠢᠷᠤᠭ ᠤᠨ ᠦᠷᠦᠬᠡ᠂ ᠰᠢᠬᠢᠷᠯᠢᠭ ᠢᠳᠡᠭᠡᠨ ᠬᠢᠬᠦ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ᠂ ᠥᠪᠡᠷᠮᠢᠴᠡ ᠣᠨᠴᠠᠯᠢᠭ ᠲᠠᠢ ᠣᠷᠣᠨ ᠰᠠᠭᠤᠴᠠ ᠵᠡᠷᠭᠡ ᠤᠯᠠᠨ ᠡᠵᠡᠩᠨᠡᠯᠲᠡ ᠶᠢᠨ ᠬᠡᠯᠪᠡᠷᠢ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠤ ᠨᠡᠷᠡᠳᠠᠢ ᠤᠷᠠᠯᠢᠭ ᠤᠨ ᠤᠨᠴᠠᠯᠢᠭᠳᠠᠢ ᠭᠤᠳᠤᠮᠵᠢ ᠪᠣᠯᠣᠨ᠎ᠠ᠃ ᠳᠥᠭᠦᠮ ᠪᠦᠲᠦᠴᠡᠲᠦ ᠣᠷᠣᠨ ᠰᠠᠭᠤᠴᠠ ᠶᠢ ᠬᠤᠳᠠᠯᠳᠤᠭᠠᠴᠢᠨ ᠤᠷᠢᠵᠤ ᠥᠭᠡᠷᠡᠴᠢᠯᠡᠨ ᠪᠠᠶᠢᠭᠤᠯᠤᠭᠠᠳ᠂ ᠠᠰᠢᠭᠯᠠᠵᠤ ᠪᠣᠯᠬᠤ ᠭᠡᠷ ᠪᠠᠶᠢᠰᠢᠩ ᠢ ᠳᠠᠬᠢᠨ ᠰᠢᠨᠡᠳᠬᠡᠨ ᠵᠠᠰᠠᠵᠤ᠂ ᠬᠠᠭᠤᠴᠢᠨ ᠪᠠᠷᠢᠯᠭ᠎ᠠ ᠢᠶᠠᠷ ᠬᠤᠲᠠ ᠶᠢᠨ ᠬᠦᠭᠵᠢᠯᠳᠠ ᠶᠢᠨ ᠭᠡᠷᠡᠴᠢᠯᠡᠭᠴᠢ᠂ ᠴᠠᠭ ᠦᠶ᠎ᠡ ᠶᠢᠨ ᠳᠤᠷᠠᠳᠬᠠᠯ ᠪᠠ ᠦᠨ᠎ᠡ ᠥᠷᠲᠡᠭ ᠶᠢᠨ ᠬᠠᠳᠠᠭᠠᠯᠠᠭᠴᠢ ᠪᠤᠯᠭᠠᠵᠠᠢ᠃ ᠠᠳᠡ ︽ᠨᠣᠮ ᠤᠨ ᠥᠷᠥᠭᠡ︾᠂ ︽ᠪᠤᠶᠠᠨᠳᠤ ᠬᠦᠷᠢᠶ᠎ᠡ︾᠂ ︽ᠰᠠᠶᠢᠨ ᠤᠤ  ᠬᠦᠷᠢᠶᠠᠯᠠᠩ︾᠂ ︽ᠴᠧᠦ ᠳ᠋ᠣᠣ ᠵᠢᠶᠠ ᠴᠠᠢ ᠶᠢᠨ ᠮᠤᠬᠤᠯᠠᠭ︾ ᠵᠡᠷᠭᠡ ᠲᠡᠯᠬᠡᠬᠦᠷ  ᠨᠤᠭᠤᠳ ᠪᠤᠢ᠃      ᠡᠯᠪᠡᠭ ᠪᠤᠶᠠᠨᠳᠤ ᠭᠤᠳᠤᠮᠵᠢ ᠨᠢ ᠬᠦᠮᠦᠰ ᠤᠨ ᠬᠤᠳᠠ ᠶᠢᠨ ᠲᠥᠪ ᠤᠨ ᠦᠢᠮᠡᠭᠡᠨ ᠳᠡᠪᠵᠢᠶᠡᠨ ᠤ ᠳᠤᠮᠳᠠ ᠠᠴᠠ ᠨᠠᠮ ᠵᠢᠮ ᠢ ᠡᠳ᠋ᠯᠡᠵᠤ᠂ ᠰᠡᠯᠡᠭᠦᠦ ᠴᠠᠭ ᠪᠣᠯᠣᠨ ᠲᠠᠯᠪᠢᠭᠤᠨ ᠠᠮᠢᠳᠤᠷᠠᠯ ᠢ ᠡᠳ᠋ᠯᠡᠬᠦ ᠬᠠᠪᠤᠳᠠᠢ ᠰᠠᠶᠢᠬᠠᠨ ᠭᠠᠵᠠᠷ ᠪᠤᠯᠵᠤ ᠪᠠᠶᠢᠨ᠎ᠠ᠃
 
 
ᠢᠷᠡᠯᠲᠡ᠄ ᠳᠤᠰ ᠰᠦᠯᠵᠢᠶ᠎ᠡ