ᠬᠡᠷᠡᠭᠯᠡᠭᠡᠨ ᠤ ᠲᠥᠷᠥ ᠶᠢᠨ ᠪᠣᠳᠣᠯᠭ᠎ᠠ ᠢᠯᠡᠳᠲᠡ ᠦᠷ᠎ᠡ ᠪᠦᠲᠦᠮᠵᠢ ᠣᠯᠵᠤ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠬᠦᠯᠵᠢᠯᠡᠨ ᠬᠦᠭᠵᠢᠭᠡᠪᠡ
ᠨᠡᠶᠢᠲᠡᠯᠡᠭᠰᠡᠨ ᠴᠠᠭ᠄
2023/11/15
    ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠳ᠋ᠦᠩᠱᠧᠩ ᠲᠣᠭᠤᠷᠢᠭ ᠣᠷᠳᠣᠰ ᠤᠨ ︽ᠯᠧ ᠭᠧᠦ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ︾᠂ ᠰᠦᠯᠵᠢᠶᠡᠨ ᠳᠡᠭᠡᠷ᠎ᠡ ᠬᠤᠪᠢ ᠬᠤᠷᠠᠮᠳᠤᠭᠤᠯᠬᠤ ᠵᠡᠷᠭᠡ ᠠᠵᠢᠯᠯᠠᠭ᠎ᠠ ᠶᠢᠨ ᠲᠣᠭᠤᠷᠢᠨ ᠳᠤ ᠳ᠋ᠦᠩᠱᠧᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ᠂ ᠠᠮᠲᠠᠲᠤ ᠢᠳᠡᠭᠡᠨ ᠤ ᠪᠡᠯᠡᠭ ᠤᠨ ᠬᠠᠶᠢᠷᠴᠠᠭ᠂ ᠪᠠᠷᠠᠭ᠎ᠠ ᠬᠤᠳᠠᠯᠳᠤᠨ ᠠᠪᠤᠭᠰᠠᠳ ᠲᠤ ᠲᠡᠮᠳᠡᠭᠲᠦ ᠪᠤᠴᠠᠭᠠᠬᠤ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠪᠤᠷᠤᠯᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠠᠮᠤ ᠪᠤᠳᠠᠭ᠎ᠠ ᠢᠳᠡᠰᠢᠨ ᠳᠤᠰᠤ᠂ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ᠂ ᠬᠢᠲᠠᠳ ᠡᠸᠦ᠋ᠷᠦᠫᠡ ᠡᠮ ᠤᠨ ᠵᠦᠢᠯ᠂ ᠬᠤᠪᠴᠠᠰᠤ ᠬᠤᠨᠠᠷ ᠮᠠᠯᠠᠭᠠᠢ ᠱᠠᠬᠠᠢ ᠨᠡᠬᠡᠮᠡᠯ ᠤᠨ ᠵᠦᠢᠯ ᠪᠠ ᠠᠯᠲᠠ ᠮᠥᠩᠭᠦ ᠰᠤᠪᠤᠳ ᠡᠷᠳᠡᠨᠢ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 6.8%᠂ 11.3%᠂ 28.4%᠂ 33.7%᠂ 15% ᠪᠠ 37.4% ᠪᠠᠷ ᠨᠡᠮᠡᠭᠳᠡᠪᠡ᠃
ᠢᠷᠡᠯᠲᠡ᠄ ᠲᠤᠰ ᠰᠦᠯᠵᠢᠶ᠎ᠠ