ᠳ᠋ᠦᠩᠱᠧᠩ ᠤᠨ ᠭᠡᠷ ᠪᠠᠶᠢᠰᠢᠩ ᠤᠨ ᠦᠵᠡᠬᠦᠯᠦᠯᠬᠡ ᠶᠢᠨ ᠴᠤᠭᠯᠠᠭᠠᠨ ᠡᠬᠢᠯᠡᠯ᠎ᠡ︕
ᠨᠡᠶᠢᠲᠡᠯᠡᠭᠰᠡᠨ ᠴᠠᠭ᠄
2023/11/16
     10 ᠰᠠᠷ᠎ᠠ ᠶᠢᠨ 13  ᠤ ᠡᠳᠦᠷ᠂ 2023 ᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠴᠢᠨᠠᠷ ᠳᠡᠰᠳᠤ ᠠᠰᠠᠷ ᠤᠨ ᠦᠵᠡᠭᠦᠯᠦᠯᠭᠡ ᠶᠢᠨ ᠴᠤᠭᠯᠠᠭᠠᠨ ᠳ᠋ᠦᠩᠱᠧᠩ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠡᠬᠢᠯᠡᠪᠡ᠃
1.jpg
     ︽ᠣᠷᠣᠨ ᠰᠠᠭᠤᠴᠠ ᠶᠢᠨ ᠦᠵᠡᠰᠬᠦᠯᠡᠩ︾ ᠤᠨ ᠴᠤᠭᠯᠠᠭᠠᠨ ᠳᠤ᠂ ᠬᠥᠮᠥᠰ ᠨᠠᠰᠢ ᠴᠠᠰᠢ ᠰᠦᠯᠵᠢᠯᠳᠤᠨ᠂ ᠬᠦᠷ ᠬᠥᠭᠵᠢᠶᠡᠨ ᠢᠶᠠᠷ ᠪᠢᠯᠬᠠᠨ᠎ᠠ᠃ ᠬᠤᠳᠠ ᠶᠢᠨ ᠠᠷᠠᠳ ᠤᠨ ᠵᠠᠷᠢᠮ ᠨᠢ ᠦᠵᠡᠬᠦᠯᠦᠯᠬᠡ ᠳᠤ ᠣᠷᠣᠯᠴᠠᠭᠰᠠᠨ ᠬᠤᠳᠠᠯᠳᠤᠭᠠᠴᠢᠨ ᠠᠴᠠ ᠭᠡᠷ ᠪᠠᠶᠢᠰᠢᠩ ᠤᠨ ᠮᠡᠳᠡᠭᠡ ᠵᠠᠩᠭᠢ ᠶᠢ ᠠᠰᠠᠭᠤᠨ ᠯᠠᠪᠯᠠᠵᠤ᠂ ᠵᠠᠷᠢᠮ ᠨᠢ ᠲᠤᠬᠠᠢ ᠶᠢᠨ ᠲᠠᠯᠠᠪᠠᠢ ᠳᠤ ᠭᠡᠷ ᠪᠠᠶᠢᠰᠢᠩ ᠤᠨ ᠵᠠᠭᠪᠤᠷ ᠢ ᠰᠤᠨᠢᠷᠬᠠᠨ᠂ ᠵᠠᠷᠢᠮ ᠨᠢ ᠭᠡᠷ ᠤᠨ ᠣᠶᠤᠨᠲᠤ ᠴᠠᠬᠢᠯᠭᠠᠨ ᠬᠡᠷᠡᠭᠰᠡᠯ ᠢ ᠰᠣᠨᠢᠷᠬᠠᠵᠤ᠂ ᠵᠠᠷᠢᠮ ᠨᠢ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠵᠤ᠂ ᠪᠠᠶᠠᠯᠢᠭ ᠠᠭᠤᠯᠭ᠎ᠠ ᠪᠦᠬᠦᠢ ︽ᠭᠡᠷ ᠪᠠᠶᠢᠰᠢᠩ ᠤᠨ ᠦᠵᠡᠬᠦᠯᠦᠯᠬᠡ︾ ᠨᠢ ᠥᠷᠭᠡᠨ ᠤᠯᠠᠨ ᠬᠤᠳᠠ ᠶᠢᠨ ᠠᠷᠠᠳ ᠲᠤ ᠡᠯᠪᠡᠭ ᠪᠠᠶᠠᠯᠢᠭ ᠰᠤᠨᠤᠷ ᠤᠨ ᠬᠦᠷᠳᠡᠬᠡᠯ ᠪᠠ ᠪᠤᠳᠠᠳᠤ ᠠᠴᠢ ᠲᠤᠰᠠ ᠬᠦᠷᠲᠡᠭᠡᠵᠡᠢ᠃
2.jpg
3.jpg
4.jpg
     ︽ᠡᠨᠡ ᠤᠳᠠᠭᠠᠨ ᠤ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠨᠢ ᠮᠠᠨ ᠤ ᠳ᠋ᠦᠩᠱᠧᠩ ᠤᠨ ᠰᠢᠯᠢᠳᠡᠭ ᠭᠡᠷ ᠪᠠᠶᠢᠰᠢᠩ ᠢ ᠴᠤᠭᠯᠠᠭᠤᠯᠵᠤ᠂ ᠮᠠᠨ ᠤ ᠬᠤᠲᠠ ᠶᠢᠨ ᠠᠷᠠᠳ ᠤᠨ ᠬᠠᠷᠢᠯᠴᠠᠨ ᠬᠠᠷᠢᠴᠠᠭᠤᠯᠤᠨ ᠠᠳᠠᠯᠢᠳᠬᠠᠵᠤ ᠰᠤᠩᠭᠤᠵᠤ ᠬᠤᠳᠠᠯᠳᠤᠨ ᠠᠪᠬᠤ ᠳᠤ ᠲᠤᠶᠢᠯ ᠤᠨ ᠳᠥᠭᠦᠮ ᠪᠤᠯᠭᠠᠵᠠᠢ᠂ ᠪᠢᠳᠡ ᠥᠪᠡᠷ ᠤᠨ ᠱᠠᠭᠠᠷᠳᠠᠯᠭ᠎ᠠ ᠳᠠᠭᠠᠨ ᠲᠣᠬᠢᠷᠠᠭᠰᠠᠨ ᠭᠡᠷ ᠪᠠᠶᠢᠰᠢᠩ ᠢ ᠰᠣᠩᠭᠤᠵᠤ ᠪᠣᠯᠣᠨ᠎ᠠ᠂ ᠮᠢᠨᠤ ᠦᠵᠡᠬᠦ‌‍ᠪᠡᠷ ᠡᠨᠡ ᠬᠦ ᠦᠵᠡᠭᠦᠯᠦᠯᠭᠡ ᠶᠢ ᠶᠡᠭᠡ ᠰᠠᠶᠢᠨ ᠡᠷᠭᠢᠯᠡᠵᠡᠶ︾᠃                                         ᠬᠤᠳᠠ ᠶᠢᠨ ᠠᠷᠠᠳ   ᠬᠤᠤ ᠶᠦᠩ ᠪᠢᠩ
5.jpg
     ︽ᠥᠨᠥᠳᠥᠷ ᠡᠨᠡ ᠬᠦ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠳᠤ ᠢᠷᠡᠭᠡᠳ ᠶᠡᠭᠡ ᠰᠠᠶᠢᠬᠠᠨ ᠰᠠᠨᠠᠭᠳᠠᠵᠤ ᠪᠠᠶᠢᠨ᠎ᠠ᠂ ᠠᠳᠡ ᠣᠷᠣᠨ ᠰᠠᠭᠤᠴᠠ ᠶᠢᠨ ᠵᠠᠭᠪᠤᠷ ᠪᠠᠶᠢᠨ᠎ᠠ᠂ ᠪᠢᠳᠡ ᠣᠷᠣᠨ ᠰᠠᠭᠤᠴᠠ ᠶᠢᠨ ᠪᠦᠲᠦᠴᠡ  ᠶᠢ ᠰᠢᠭᠤᠳ ᠣᠯᠵᠤ ᠬᠠᠷᠠᠨ᠂ ᠠᠵᠢᠯᠲᠠᠳ ᠪᠠᠰᠠ ᠶᠡᠭᠡ ᠲᠣᠳᠣᠷᠬᠠᠢ ᠲᠠᠶᠢᠯᠪᠤᠷᠢᠯᠠᠵᠤ ᠪᠠᠶᠢᠨ᠎ᠠ︾᠃                                         ᠬᠤᠳᠠ ᠶᠢᠨ ᠠᠷᠠᠳ   ᠸᠠᠩ ᠬᠤᠩ ᠮᠧᠢ
6.jpg
7.jpg
     ᠲᠣᠰ ᠤᠳᠠᠭᠠᠨ ᠤ ᠭᠤᠷᠪᠠᠨ ᠡᠳᠦᠷ ᠤᠨ ᠬᠤᠭᠤᠴᠠᠭ᠎ᠠ ᠲᠠᠢ ︽ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ︾ ᠳᠤ ᠨᠡᠶᠢᠲᠡ 34 ᠣᠨᠴᠠ ᠴᠢᠮᠡᠭᠯᠡᠯ ᠤᠨ ᠦᠵᠡᠭᠦᠯᠦᠯᠭᠡ ᠶᠢᠨ ᠣᠷᠣ ᠭᠠᠷᠭᠠᠵᠤ᠂ ᠲᠣᠰ ᠲᠣᠰ ᠴᠢᠨᠠᠷ ᠰᠠᠶᠢᠲᠠᠢ ᠬᠤᠳᠠᠯᠳᠤᠭᠠᠨ ᠤ ᠭᠡᠷ ᠪᠠᠶᠢᠰᠢᠩ ᠭᠠᠵᠠᠷ ᠬᠥᠷᠥᠩᠭᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ᠂ ᠨᠠᠷᠠᠲᠤ ᠲᠡᠮᠳᠡᠭᠲᠦ ᠭᠡᠷ ᠤᠨ ᠴᠠᠬᠢᠯᠭᠠᠨ ᠬᠡᠷᠡᠭᠰᠡᠯ ᠵᠡᠷᠭᠡ ᠠᠳᠠᠯᠢ ᠪᠤᠰᠤ ᠴᠢᠳᠠᠮᠵᠢᠲᠤ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠪᠥᠬᠦ ᠲᠤᠭᠤᠷᠢᠭ ᠤᠨ 17 ᠴᠢᠨᠠᠷ ᠰᠠᠶᠢᠲᠠᠢ ᠠᠰᠠᠷ ᠢ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠳᠡᠯᠭᠡᠨ ᠦᠵᠡᠭᠦᠯᠪᠡ᠃
8.jpg
9.jpg
     ︽ᠲᠤᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠮᠠᠨ ᠤ ᠸᠧᠢ ᠪᠠᠩ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠣᠷᠤᠯᠠᠭᠤᠯᠭ᠎ᠠ ᠪᠠᠷ ᠰᠠᠶᠢᠨ ᠽᠢ ᠷᠦᠢ ᠹᠦ᠋᠂ ᠽᠢ ᠢᠦᠢ ᠹᠦ᠋ ᠵᠡᠷᠭᠡ ᠲᠦᠷᠦᠯ ᠵᠦᠢᠯ ᠢ ᠪᠠᠭᠲᠠᠭᠠᠭᠰᠠᠨ ᠬᠠᠮᠤᠭ ᠤᠨ ᠰᠢᠨ᠎ᠡ ᠳᠥᠷᠪᠡᠨ ᠲᠦᠷᠦᠯ ᠵᠦᠢᠯ ᠢ ᠠᠪᠴᠢᠷᠠᠵᠠᠢ᠃ ᠲᠤᠰ ᠤᠳᠠᠭᠠᠨ ᠤ ᠦᠵᠡᠭᠦᠯᠦᠯᠭᠡ ᠶᠢᠨ ᠴᠤᠭᠯᠠᠭᠠᠨ ᠢᠶᠠᠷ ᠳᠠᠮᠵᠢᠭᠤᠯᠤᠨ ᠪᠢᠳᠡ ᠥᠷᠭᠡᠨ ᠣᠯᠠᠨ ᠬᠤᠲᠠ ᠶᠢᠨ ᠠᠷᠠᠳ ᠲᠤ ᠰᠢᠯᠢᠳᠡᠭ ᠲᠥᠷᠥᠯ ᠵᠦᠢᠯ ᠢᠶᠠᠨ ᠳᠡᠯᠭᠡᠨ ᠦᠵᠡᠭᠦᠯᠵᠦ᠂ ᠭᠡᠷ ᠬᠤᠳᠠᠯᠳᠤᠨ ᠠᠪᠤᠭᠴᠢᠳ ᠲᠤ ᠭᠡᠷ ᠬᠤᠳᠠᠯᠳᠤᠨ ᠠᠪᠬᠤ ᠲᠠᠯ᠎ᠠ  ᠶᠢᠨ ᠯᠠᠪᠯᠠᠯᠲᠠ ᠬᠠᠩᠭᠠᠭᠰᠠᠨ ᠤ ᠬᠠᠮᠳᠤ ᠪᠢᠳᠡ ᠠᠵᠢᠯ ᠨᠢᠭᠡᠲᠡᠨ ᠲᠠᠢ ᠪᠠᠨ ᠰᠣᠯᠢᠯᠴᠠᠭ᠎ᠠ ᠪᠠᠨ ᠴᠢᠩᠭᠠᠳᠬᠠᠵᠤ ᠪᠣᠯᠣᠨ᠎ᠠ︾᠃                    ᠸᠧᠢ ᠪᠠᠩ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯᠲᠠᠨ   ᠮᠠ ᠮᠧᠩ ᠲᠢᠩ
10.jpg
     ᠦᠵᠡᠭᠦᠯᠦᠯᠭᠡ ᠶᠢᠨ ᠴᠤᠭᠯᠠᠭᠠᠨ ᠳᠡᠭᠡᠷ᠎ᠡ᠂ ᠪᠠᠰᠠ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠦᠵᠡᠭᠴᠢᠳ ᠲᠤ ᠠᠳᠠᠯᠢ ᠪᠤᠰᠤ ᠲᠦᠷᠦᠯ ᠬᠡᠯᠪᠡᠷᠢ ᠶᠢᠨ ᠰᠢᠯᠢᠳᠡᠭ ᠰᠠᠶᠢᠨ ᠣᠷᠣᠨ ᠰᠠᠭᠤᠴᠠ ᠶᠢ ᠳᠠᠨᠢᠯᠴᠠᠭᠤᠯᠤᠨ ᠦᠵᠡᠬᠦᠯᠵᠡᠢ᠃ ᠲᠤᠰ ᠬᠤᠭᠤᠴᠠᠭᠠᠨ ᠤ ᠦᠵᠡᠭᠦᠯᠦᠯᠭᠡ ᠶᠢᠨ ᠴᠤᠭᠯᠠᠭᠠᠨ ᠤ ︽ᠰᠦᠯᠵᠢᠶᠡᠨ ᠳᠡᠭᠡᠷ᠎ᠡ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠢ ᠲᠣᠭᠤᠷᠢᠬᠤ︾ ᠠᠵᠢᠯᠯᠠᠭ᠎ᠠ ᠨᠢ ᠬᠤᠲᠠ ᠶᠢᠨ ᠠᠷᠠᠳ ᠢ ᠭᠡᠷ ᠠᠴᠠ ᠪᠠᠨ ᠭᠠᠷᠬᠤ ᠦᠭᠡᠢ ᠪᠠᠷ ᠦᠵᠡᠭᠦᠯᠦᠯᠭᠡ ᠶᠢᠨ ᠴᠤᠭᠯᠠᠭᠠᠨ ᠢ ᠦᠵᠡᠵᠤ ᠪᠤᠯᠬᠤ ᠪᠣᠯᠭᠠᠵᠠᠢ᠃
11.jpg
     ᠲᠣᠰ ᠬᠤᠭᠤᠴᠠᠭᠠᠨ ᠤ ᠦᠵᠡᠭᠦᠯᠦᠯᠭᠡ ᠶᠢᠨ ᠴᠤᠭᠯᠠᠭᠠᠨ ᠨᠢ ᠥᠷᠭᠡᠨ ᠣᠯᠠᠨ ᠬᠤᠲᠠ ᠶᠢᠨ ᠠᠷᠠᠳ ᠤᠨ ᠭᠡᠷ ᠪᠠᠶᠢᠰᠢᠩ ᠦᠵᠡᠬᠦ᠂ ᠭᠡᠷ ᠪᠠᠶᠢᠰᠢᠩ ᠰᠣᠩᠭᠤᠬᠤ᠂ ᠭᠡᠷ ᠪᠠᠶᠢᠰᠢᠩ ᠬᠤᠳᠠᠯᠳᠤᠨ ᠠᠪᠬᠤ ᠳᠤ ᠨᠠᠩ ᠪᠥᠬᠦ ᠲᠠᠯ᠎ᠠ    ᠶᠢᠨ᠂ ᠳᠥᠭᠦᠮ ᠳᠥᠲᠡ᠂ ᠪᠦᠲᠦᠮᠵᠢᠲᠡᠶ ᠠᠷᠭ᠎ᠠ ᠵᠠᠮ ᠬᠠᠩᠭᠠᠭᠰᠠᠨ ᠪᠦᠬᠡᠳ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠳᠦᠷᠢ ᠲᠥᠷᠬᠦ ᠶᠢ ᠳᠡᠯᠭᠡᠨ ᠦᠵᠡᠭᠦᠯᠬᠦ᠂ ᠠᠰᠠᠷ ᠲᠠᠭᠲᠤ ᠶᠢ ᠲᠠᠨᠢᠯᠴᠠᠭᠤᠯᠬᠤ᠂ ᠬᠠᠷᠢᠯᠴᠠᠨ ᠰᠣᠯᠢᠯᠴᠠᠬᠤ ᠲᠠᠪᠴᠠᠩ ᠢ ᠬᠠᠩᠭᠠᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ