1 — 10 ᠰᠠᠷ᠎ᠠ ᠳᠤ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/11/16
     1 — 10 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠤ ᠪᠤᠳᠠᠭ᠎ᠠ ᠲᠣᠰᠣ ᠢᠳᠡᠭᠡᠨ᠂ ᠤᠮᠳᠠᠭᠠᠨ ᠠᠷᠢᠬᠢ ᠲᠠᠮᠠᠬᠢ ᠵᠡᠷᠭᠡ ︽ᠢᠳᠡᠬᠦ︾ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ 8.1% ᠪᠠᠷ ᠨᠡᠮᠡᠭᠳᠡᠪᠡ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠤᠶᠢᠯ ᠵᠡᠷᠭᠡ ︽ᠡᠮᠦᠰᠬᠦ︾ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ 36.1% ᠪᠠᠷ ᠨᠡᠮᠡᠭᠳᠡᠪᠡ︔ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠰᠣᠶᠣᠯ ᠠᠯᠪᠠᠨ ᠠᠵᠢᠯ ᠤᠨ ᠬᠡᠷᠡᠭᠰᠡᠯ᠂ ᠡᠮ ᠤᠨ ᠵᠦᠢᠯ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠵᠡᠷᠭᠡ ︽ᠬᠡᠷᠡᠭᠯᠡᠬᠦ︾ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ 19.4% ᠪᠠᠷ ᠨᠡᠮᠡᠭᠳᠡᠪᠡ︔ ᠭᠡᠷ ᠤᠨ ᠴᠠᠬᠢᠯᠭᠠᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ︽ᠰᠠᠭᠤᠬᠤ︾ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ 34.0% ᠪᠠᠷ ᠨᠡᠮᠡᠭᠳᠡᠪᠡ᠃ ᠢᠳᠡᠬᠦ ᠡᠮᠦᠰᠬᠦ ᠬᠡᠷᠡᠭᠯᠡᠬᠦ ᠰᠠᠭᠤᠬᠤ ᠵᠡᠷᠭᠡ ᠦᠨᠳᠦᠰᠦᠨ ᠠᠮᠢᠳᠤᠷᠠᠯ ᠤᠨ ᠬᠡᠷᠡᠭᠰᠡᠯ ᠨᠢ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠢ ᠪᠦᠲᠦᠮᠵᠢᠲᠡᠶ ᠪᠠᠷ ᠳᠠᠶᠢᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ