ᠡᠪᠤᠯ ᠪᠡᠶ᠎ᠡ ᠰᠤᠪᠢᠯᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/11/17
      ᠡᠪᠤᠯ ᠪᠤᠯᠵᠤ ᠳᠡᠭᠷᠢ ᠬᠦᠢᠳᠡᠷᠡᠬᠦ ᠶᠢ ᠳᠠᠭᠠᠯᠳᠤᠨ᠂ ᠪᠡᠶ᠎ᠡ ᠰᠤᠪᠢᠯᠠᠬᠤ ᠳᠠᠯ᠎ᠠ ᠪᠠᠷ ᠳᠤᠤᠷᠠᠬᠢ ᠳᠠᠪᠤᠨ ᠵᠠᠷᠴᠢᠮ ᠢ ᠪᠠᠷᠢᠮᠳᠠᠯᠠᠪᠠᠯ ᠵᠤᠬᠢᠨ᠎ᠠ᠃       ᠨᠢᠬᠡ᠂ ᠶᠠᠭᠤᠨ ᠤ ᠤᠷᠢᠳ ᠳᠠᠭᠠᠷᠠᠬᠤ ᠠᠴᠠ ᠰᠡᠷᠬᠡᠶᠢᠯᠡᠬᠦ ᠬᠡᠷᠡᠭᠳᠡᠢ᠃ ᠦᠷᠯᠦᠬᠡ ᠤᠷᠤᠢ ᠠᠭᠠᠷ ᠤᠨ ᠳᠤᠯᠠᠭᠠᠨ ᠬᠠᠷᠢᠴᠠᠩᠭᠤᠢ ᠳᠤᠤᠷ᠎ᠠ ᠦᠶ᠎ᠡ ᠳᠤ᠂ ᠠᠯᠢ ᠴᠢᠳᠠᠬᠤ ᠪᠠᠷ ᠬᠡᠷ ᠠᠴᠠ ᠪᠠᠨ ᠭᠠᠷᠬᠤ ᠦᠬᠡᠢ ᠪᠤᠯ ᠰᠠᠶᠢᠨ᠃ ᠡᠳᠤᠷ ᠳᠤᠮᠳᠠ ᠭᠠᠳᠠᠭᠰᠢ ᠭᠠᠷᠬᠤ ᠳᠤ ᠪᠠᠨ ᠬᠤᠪᠴᠠᠰᠤ ᠬᠤᠨᠠᠷ ᠢᠶᠠᠨ ᠵᠤᠵᠠᠭᠠᠯᠠᠵᠤ᠂ ᠤᠨᠴᠠᠭᠠᠶᠢᠯᠠᠨ ᠬᠦᠯ ᠪᠠ ᠳᠤᠯᠤᠭᠠᠢ ᠪᠠᠨ ᠵᠢᠩᠬᠢᠨᠡᠬᠦᠯᠬᠦ ᠠᠴᠠ ᠬᠡᠷᠰᠡᠤᠯᠡᠪᠡᠯ ᠵᠤᠬᠢᠨ᠎ᠠ᠃ ᠡᠶᠢᠮᠤ ᠠᠴᠠ᠂ ᠡᠳᠤᠷ ᠪᠤᠯᠭᠠᠨ ᠬᠠᠯᠠᠭᠤᠨ ᠤᠰᠤ  ᠪᠠᠷ ᠬᠦᠯ ᠢᠶᠠᠨ ᠤᠬᠢᠶᠠᠵᠤ᠂ ᠤᠷᠳᠤ ᠬᠤᠭᠤᠴᠠᠭ᠎ᠠ ᠪᠠᠷᠢᠮᠳᠠᠯᠠᠪᠠᠯ ᠪᠡᠶ᠎ᠡ ᠮᠠᠬᠠᠪᠤᠳ ᠢᠶᠠᠨ ᠰᠠᠶᠢᠵᠢᠷᠠᠭᠤᠯᠬᠤ ᠳᠤ ᠳᠤᠰᠠᠳᠠᠢ᠃      ᠬᠤᠶᠠᠷ᠂ ᠬᠤᠭᠤᠯᠠ ᠤᠮᠳᠠ ᠶᠢᠨ ᠳᠠᠯ᠎ᠠ ᠪᠠᠷ᠂ ᠬᠠᠯᠠᠭᠤᠨ ᠪᠦᠯᠢᠶᠡᠨ ᠬᠤᠭᠤᠯᠠ ᠪᠠᠷ ᠭᠤᠤᠯᠯᠠᠵᠤ᠂ ᠬᠦᠢᠳᠡᠨ ᠤᠮᠳᠠᠭᠠᠨ᠂ ᠳᠠᠯᠠᠢ ᠶᠢᠨ ᠢᠳᠡᠬᠡᠨ ᠵᠡᠷᠬᠡ ᠬᠦᠢᠳᠡᠨ ᠴᠢᠨᠠᠷᠳᠠᠢ ᠢᠳᠡᠬᠡᠨ ᠢ ᠳᠤᠳᠠᠭᠤ ᠢᠳᠡᠪᠡᠯ ᠵᠤᠬᠢᠨ᠎ᠠ᠃ ᠡᠨᠡ ᠦᠶ᠎ᠡ ᠳᠤ ᠬᠤᠨᠢᠨ ᠮᠢᠬ᠎ᠠ᠂ ᠴᠢᠨ᠋ᠸ᠎ᠠ ᠶᠢᠨ ᠬᠠᠷᠮᠠᠭ᠂ ᠭᠤᠭᠤᠳ ᠵᠡᠷᠬᠡ ᠶᠢ ᠢᠯᠡᠬᠦᠬᠡᠨ ᠢᠳᠡᠵᠤ᠂ ᠠᠵᠢᠯᠯᠠᠵᠤ ᠠᠮᠠᠷᠠᠬᠤ ᠴᠠᠭ ᠢᠶᠠᠨ ᠵᠤᠬᠢᠰᠳᠠᠢ ᠳᠤᠬᠢᠷᠠᠭᠤᠯᠪᠠᠯ ᠵᠤᠬᠢᠨ᠎ᠠ᠃       ᠭᠤᠷᠪᠠ᠂ ᠰᠡᠳᠬᠢᠴᠡ ᠶᠢᠨ ᠳᠠᠯ᠎ᠠ ᠪᠠᠷ᠂ ᠬᠡᠳᠤᠷᠬᠡᠢ ᠰᠡᠳᠬᠢᠯ ᠳᠤᠭᠳᠤᠯᠬᠤ ᠠᠴᠠ ᠵᠠᠶᠢᠯᠠᠰᠬᠢᠵᠤ᠂ ᠰᠡᠳᠬᠢᠯ ᠰᠠᠨᠠᠭ᠎ᠠ ᠪᠠᠨ ᠳᠤᠭᠳᠠᠭᠤᠨ ᠪᠠᠶᠢᠯᠭᠠᠬᠤ ᠶᠢ ᠪᠠᠳᠤᠯᠠᠬᠤ ᠬᠡᠷᠡᠭᠳᠡᠢ᠃ ᠨᠤᠮ ᠤᠩᠰᠢᠬᠤ ᠪᠤᠶᠤ ᠭᠠᠳᠠᠭᠤᠷ ᠬᠦᠳᠡᠯᠬᠡᠬᠡᠨ ᠬᠢᠵᠤ ᠰᠡᠳᠬᠢᠯ ᠰᠠᠨᠠᠭ᠎ᠠ ᠪᠠᠨ ᠳᠤᠭᠳᠠᠪᠤᠷᠢᠵᠢᠭᠤᠯᠪᠠᠯ ᠵᠤᠬᠢᠨ᠎ᠠ᠃       ᠲᠦᠷᠪᠡ᠂ ᠠᠮᠢᠳᠤᠷᠠᠯ ᠤᠨ ᠤᠷᠴᠢᠨ ᠤ ᠪᠠᠨ ᠴᠢᠬᠢᠭᠯᠢᠭ ᠪᠠᠶᠢᠬᠤ ᠶᠢ ᠪᠠᠳᠤᠯᠠᠪᠠᠯ ᠵᠤᠬᠢᠨ᠎ᠠ᠃ ᠡᠪᠤᠯ ᠪᠤᠯᠪᠠᠯ ᠤᠨᠴᠠᠭᠠᠶᠢᠯᠠᠨ ᠤᠮᠠᠷᠠᠳᠤ ᠤᠷᠤᠨ ᠳᠤ᠂ ᠬᠡᠷ ᠳᠤᠳᠤᠷ᠎ᠠ ᠬᠠᠯᠠᠭᠤᠨ ᠮᠦᠷᠳᠡᠬᠡᠨ ᠠᠭᠤᠷ ᠠᠮᠢᠰᠬᠤᠯ ᠬᠠᠭᠤᠷᠠᠢ ᠪᠤᠯᠳᠠᠭ ᠤᠴᠢᠷ ᠠᠴᠠ ᠦᠨᠳᠤᠷ ᠡᠨᠧᠷᠬᠢ ᠲᠠᠢ ᠢᠳᠡᠬᠡᠨ ᠢᠳᠡᠪᠡᠯ ᠠᠮᠠᠷᠬᠠᠨ ᠳᠤᠳᠤᠷ ᠬᠠᠯᠠᠭᠤᠨ ᠰᠠᠭᠤᠨ᠎ᠠ᠃ ᠡᠶᠢᠮᠤ ᠠᠴᠠ᠂ ᠬᠡᠷ ᠳᠤᠳᠤᠷ᠎ᠠ ᠪᠠᠨ ᠠᠭᠠᠷ ᠴᠢᠬᠢᠭᠳᠦᠬᠦᠯᠦᠭᠴᠢ ᠳᠠᠯᠪᠢᠵᠤ᠂ ᠠᠭᠠᠷ ᠤᠨ ᠴᠢᠬᠢᠭ ᠢ ᠪᠠᠳᠤᠯᠠᠬᠤ ᠶᠢᠨ ᠬᠠᠮᠳᠤ ᠢᠯᠡᠬᠦᠬᠡᠨ ᠪᠦᠯᠢᠶᠡᠨ ᠤᠰᠤ ᠤᠤᠭᠤᠪᠠᠯ ᠵᠤᠬᠢᠨ᠎ᠠ᠃       ᠳᠠᠪᠤ᠂ ᠪᠡᠶ᠎ᠡ ᠶᠢᠨ ᠳᠠᠮᠢᠷ ᠤᠨ ᠬᠦᠳᠡᠯᠬᠡᠬᠡᠨ ᠤ ᠳᠠᠯ᠎ᠠ ᠪᠠᠷ᠂ ᠵᠤᠬᠢᠰᠳᠠᠢ ᠬᠦᠳᠡᠯᠬᠡᠬᠡᠨ ᠢ ᠰᠤᠩᠭᠤᠨ ᠬᠢᠪᠡᠯ ᠵᠤᠬᠢᠨ᠎ᠠ᠃ ᠬᠡᠳᠤᠷᠬᠡᠢ ᠬᠦᠳᠡᠯᠬᠡᠬᠡᠨ ᠬᠢᠪᠡᠯ ᠳᠠᠭᠠᠷᠠᠵᠤ ᠵᠢᠩᠬᠢᠨᠡᠬᠦ ᠠᠴᠠ ᠬᠢᠴᠢᠶᠡᠬᠦ ᠬᠡᠷᠡᠭᠳᠡᠢ᠃
ᠢᠷᠡᠯᠲᠡ᠄ ᠦᠪᠦᠷ ᠮᠤᠩᠭᠤᠯ ᠤᠨ ᠮᠤᠩᠭᠤᠯ ᠷᠠᠳᠢᠤ᠋