ᠪᠥᠬᠦ ᠬᠤᠲᠠ ᠶᠢᠨ ᠠᠩᠬᠠᠳᠠᠭᠴᠢ ᠭᠡᠷ ᠤᠨ ᠡᠭᠦᠳᠡᠨ ᠳᠠᠬᠢ ︽ᠬᠡᠦᠬᠡᠳ ᠰᠠᠭᠠᠲᠠᠭᠤᠯᠬᠤ ᠴᠡᠴᠡᠷᠯᠢᠭ︾  ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/11/18
     11 ᠰᠠᠷ᠎ᠠ ᠶᠢᠨ 16 ᠤ ᠡᠳᠦᠷ᠂ ᠣᠷᠳᠣᠰ ᠬᠤᠲᠠ ᠶᠢᠨ ᠠᠩᠬᠠᠳᠠᠭᠴᠢ ᠠᠯᠪᠠᠨ ᠠᠴᠠ ᠨᠡᠶᠢᠬᠡᠮ ᠲᠣᠭᠤᠷᠢᠭ  ᠲᠤ ᠪᠠᠶᠢᠭᠤᠯᠤᠭᠰᠠᠨ ᠬᠡᠤᠬᠡᠳ ᠰᠠᠭᠠᠳᠠᠭᠤᠯᠬᠤ ᠵᠢᠱᠢᠶ᠎ᠡ ᠦᠵᠡᠭᠦᠯᠬᠦ‍ ᠴᠢᠭ — ᠨᠡᠶᠢᠬᠡᠮ ᠳᠤᠭᠤᠷᠢᠭ ᠤᠨ ︽ᠳᠡᠭᠵᠢᠨ ᠪᠦᠪᠡᠢ ᠶᠢᠨ ᠥᠷᠲᠡᠭᠡ︾ ᠰᠢᠨ ᠱᠧᠩ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠬᠡᠮ ᠲᠣᠭᠤᠷᠢᠭ ᠲᠤ ᠬᠢᠴᠢᠶᠡᠯ ᠡᠬᠢᠯᠡᠪᠡ᠃ ᠠᠵᠢᠯᠯᠠᠭᠠᠨ ᠤ ᠳᠤᠮᠳᠠ᠂ ︽ᠳᠡᠭᠵᠢᠨ ᠪᠦᠪᠡᠢ ᠶᠢᠨ ᠥᠷᠲᠡᠭᠡ︾ ᠳᠤ ︽ᠳ᠋ᠦᠩᠱᠧᠩ ᠲᠣᠭᠤᠷᠢᠭ ᠤᠨ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ︾᠂ ︽ᠳ᠋ᠦᠩᠱᠧᠩ ᠲᠣᠭᠤᠷᠢᠭ ᠤᠨ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ  ᠴᠢᠭ︾ ᠤᠨ ᠫᠠᠶᠢᠰᠠ ᠣᠯᠭᠤᠪᠠ᠃
1.jpg
      ᠪᠥᠬᠦ ᠬᠤᠲᠠ ᠶᠢᠨ ᠠᠩᠬᠠᠳᠠᠭᠴᠢ ᠠᠯᠪᠠᠨ ᠠᠴᠠ ᠨᠡᠶᠢᠭᠡᠮ ᠲᠣᠭᠤᠷᠢᠭ ᠲᠤ ᠪᠠᠶᠢᠭᠤᠯᠤᠭᠰᠠᠨ ᠲᠦᠭᠡᠮᠡᠯ ᠬᠠᠷᠠᠭᠠᠯᠵᠠᠯᠠᠯᠳᠤ ᠬᠡᠦᠬᠡᠳ ᠰᠠᠭᠠᠲᠠᠭᠤᠯᠬᠤ ᠲᠥᠪ ᠪᠣᠯᠤᠭᠰᠠᠨ ᠤ ᠬᠤᠪᠢ ᠳᠤ᠂ ᠰᠢᠨ ᠶᠤᠸᠠᠨ ᠨᠡᠶᠢᠭᠡᠮ ᠲᠣᠭᠤᠷᠢᠭ ᠤᠨ ︽ᠳᠡᠭᠵᠢᠨ ᠪᠦᠪᠡᠢ ᠶᠢᠨ ᠥᠷᠲᠡᠭᠡ︾ ᠨᠢ ᠰᠢᠩ ᠱᠧᠩ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠤᠨ ᠬᠤᠶᠠᠳᠤᠭᠠᠷ ᠳᠠᠪᠬᠤᠷᠯᠢᠭ ᠲᠤ ᠪᠠᠶᠢᠷᠢᠯᠠᠵᠤ᠂ ᠲᠣᠰ ᠬᠡᠦᠬᠡᠳ ᠰᠠᠭᠠᠲᠠᠭᠤᠯᠬᠤ ᠲᠥᠪ ᠤᠨ ᠠᠩᠬᠠᠨ ᠤ ᠬᠤᠭᠤᠴᠠᠭᠠᠨ ᠤ ᠪᠠᠷᠢᠯᠭ᠎ᠠ ᠶᠢᠨ ᠳᠠᠯᠠᠪᠠᠢ ᠨᠢ 600 ᠲᠡᠭᠰᠢ ᠳᠥᠷᠪᠡᠯᠵᠢᠨ ᠮᠧᠲᠷ᠂ ᠬᠡᠷ ᠤᠨ ᠭᠠᠳᠠᠨᠠᠬᠢ ᠠᠵᠢᠯᠯᠠᠭᠠᠨ ᠤ ᠲᠠᠯᠠᠪᠤᠷ 5000 ᠲᠡᠭᠰᠢ ᠳᠥᠷᠪᠡᠯᠵᠢᠨ ᠮᠧᠲᠷ ᠪᠠᠶᠢᠵᠤ᠂ ᠴᠢᠨᠠᠷ ᠰᠠᠶᠢᠲᠠᠶ ᠠᠮᠢᠳᠤᠷᠠᠯ᠂ ᠮᠡᠳᠡᠷᠡᠮᠵᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ 6 ᠶᠡᠭᠡ ᠲᠥᠷᠥᠯ ᠤᠨ ᠵᠢᠭᠠᠨ ᠰᠤᠷᠭᠠᠯᠲᠠ ᠶᠢᠨ ᠪᠠᠭᠠᠵᠢ ᠲᠥᠬᠦᠭᠡᠷᠦᠮᠵᠢ ᠶᠢ 100 ᠭᠠᠷᠤᠶ ᠶᠢ ᠢᠵᠢ ᠪᠦᠷᠢᠳᠦᠬᠦᠯᠦᠨ ᠳᠤᠬᠢᠷᠠᠭᠤᠯᠵᠤ᠂ ᠡᠷᠡᠭᠦᠯ ᠮᠡᠨᠳᠦ᠂ ᠨᠡᠶᠢᠭᠡᠮ᠂ ᠦᠭᠡ ᠬᠡᠯᠡ ᠵᠡᠷᠭᠡ 5 ᠶᠡᠭᠡ ᠲᠥᠷᠥᠯ ᠤᠨ ᠵᠢᠭᠠᠨ ᠰᠤᠷᠭᠠᠯᠲᠠ ᠶᠢᠨ ᠬᠢᠴᠢᠶᠡᠯ ᠢ ᠳᠤᠬᠢᠷᠠᠭᠤᠯᠤᠨ᠂ ᠨᠡᠶᠢᠯᠡᠬᠦᠯᠦᠨ ᠠᠭᠤᠰᠤᠯᠴᠠᠭᠤᠯᠬᠤ᠂ ᠥᠪᠡᠷ ᠤᠨ ᠥᠷᠲᠡᠭ ᠢᠶᠠᠷ ᠨᠢ ᠴᠡᠴᠡᠷᠯᠢᠭ ᠲᠤ ᠣᠷᠣᠭᠤᠯᠬᠤ᠂ ᠠᠮᠢᠳᠤᠯᠢᠭ ᠢᠶᠠᠷ ᠨᠠᠶᠢᠳᠠᠨ ᠬᠦᠷᠭᠡᠬᠦ᠂ ᠡᠮᠴᠢᠯᠡᠭᠡ ᠬᠥᠮᠦᠵᠢᠯ ᠢ ᠤᠶᠠᠯᠳᠤᠭᠤᠯᠬᠤ᠂ ᠦᠰᠦᠨ ᠪᠤᠶᠢᠵᠢᠯᠲᠠ ᠶᠢᠨ ᠬᠠᠮᠢᠶᠠᠷᠤᠯᠲᠠ ᠵᠡᠷᠭᠡ 5 ᠲᠦᠷᠦᠯ ᠴᠡᠴᠡᠷᠯᠢᠭ ᠡᠷᠭᠢᠯᠡᠬᠦ ᠣᠨᠴᠠᠯᠢᠭ ᠢ ᠡᠭᠦᠳᠦᠨ ᠪᠠᠶᠢᠭᠤᠯᠬᠤ ᠶᠢᠨ ᠬᠠᠮᠳᠤ ᠠᠯᠪᠠᠨ ᠤ ᠴᠡᠴᠡᠷᠯᠢᠭ ᠲᠠᠢ ᠬᠠᠷᠢᠯᠴᠠᠨ ᠨᠡᠪᠲᠡᠷᠡᠯᠴᠡᠬᠦ᠂ ᠣᠨᠴᠠ ᠬᠦᠴᠢᠷᠳᠡᠯᠲᠡᠶ ᠬᠡᠷ ᠪᠦᠯᠢ ᠶᠢ ᠬᠠᠷᠠᠭᠠᠯᠵᠠᠬᠤ 2 ᠲᠦᠷᠦᠯ ᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠣᠯᠭᠤᠪᠠ᠃
2.jpg
      ︽ᠳᠡᠭᠵᠢᠨ ᠪᠦᠪᠡᠢ ᠶᠢᠨ ᠥᠷᠲᠡᠭᠡ︾ ᠳᠤ ᠪᠦᠬᠦᠯᠢ ᠡᠳᠦᠷ ᠢᠶᠠᠷ ᠨᠠᠶᠢᠳᠠᠨ ᠬᠦᠷᠬᠡᠬᠦ᠂ ᠬᠠᠭᠠᠰ ᠡᠳᠦᠷ ᠢᠶᠠᠷ ᠨᠠᠶᠢᠳᠠᠨ ᠬᠦᠷᠬᠡᠬᠦ᠂ ᠴᠠᠭ ᠢᠶᠠᠷ ᠨᠠᠶᠢᠳᠠᠨ ᠬᠦᠷᠬᠡᠬᠦ ᠭᠤᠷᠪᠠᠨ ᠲᠦᠷᠦᠯ ᠤᠨ ᠨᠠᠶᠢᠲᠠᠯᠭ᠎ᠠ ᠶᠢᠨ ᠠᠩᠭᠢ ᠲᠤᠬᠢᠷᠠᠭᠤᠯᠵᠤ᠂ ᠨᠠᠶᠢᠲᠠᠯᠭ᠎ᠠ ᠶᠢᠨ ᠪᠠᠶᠢᠷᠢ ᠶᠢ 30 ᠬᠠᠩᠭᠠᠵᠤ᠂ 1.5 ᠨᠠᠰᠤᠨ ᠠᠴᠠ 3 ᠨᠠᠰᠤᠨ ᠤ ᠨᠢᠯᠬ᠎ᠠ ᠬᠡᠤᠬᠡᠳ ᠢ ᠡᠯᠰᠡᠬᠦ ᠪᠠᠷ ᠲᠥᠯᠥᠪᠯᠡᠵᠦ ᠪᠠᠶᠢᠨ᠎ᠠ᠃
王玉英.jpg
      ᠠᠵᠢᠯ ᠶᠡᠭᠡ ᠶᠠᠭᠠᠷᠠᠤ ᠪᠣᠯᠬᠤᠷ ᠬᠡᠦᠬᠡᠳ ᠢᠶᠠᠨ ᠬᠠᠷᠠᠵᠤ ᠬᠠᠷᠠᠭᠠᠯᠵᠠᠬᠤ ᠨᠢ ᠬᠠᠮᠤᠭ ᠤᠨ ᠶᠡᠭᠡ ᠬᠦᠴᠢᠷᠳᠡᠯ ᠪᠣᠯᠤᠭᠰᠠᠨ ᠪᠠᠶᠢᠨ᠎ᠠ᠃ ︽ᠳᠡᠭᠵᠢᠨ ᠪᠦᠪᠡᠢ ᠶᠢᠨ ᠥᠷᠲᠡᠭᠡ︾ ᠨᠢ ᠬᠡᠷ ᠤᠨ ᠡᠭᠦᠳᠡᠨ ᠳᠤ ᠪᠠᠶᠢᠬᠤ ᠪᠤᠯᠬᠤᠷ ᠬᠡᠤᠬᠡᠳ ᠢ ᠲᠤᠰᠴᠤ ᠬᠦᠷᠭᠡᠬᠦ ᠳᠤ ᠮᠠᠰᠢ ᠲᠥᠬᠦᠮ᠂ ᠣᠷᠴᠢᠨ ᠲᠣᠭᠤᠷᠢᠨ ᠴᠤ ᠰᠠᠶᠢᠬᠠᠨ᠂ ᠪᠠᠰᠠ ᠲᠤᠰᠬᠠᠶ ᠮᠡᠷᠭᠡᠵᠢᠯ ᠤᠨ ᠬᠡᠤᠬᠡᠳ ᠬᠦᠮᠦᠵᠢᠬᠦᠯᠬᠦ ᠪᠠᠭᠰᠢ ᠶᠢ ᠳᠣᠭᠢᠷᠠᠭᠤᠯᠵᠤ᠂ ᠬᠡᠤᠬᠡᠳ ᠢᠶᠠᠨ ᠠᠳᠡ ᠨᠠᠶᠢᠳᠠᠬᠤ ᠨᠢ ᠮᠠᠰᠢ ᠰᠠᠨᠠᠭ᠎ᠠ ᠠᠮᠤᠷ ᠪᠠᠶᠢᠨ᠎ᠠ︾᠃                   —  ᠰᠢᠨ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ   ᠸᠠᠩ ᠢᠦᠢ ᠶᠢᠩ      ᠣᠶᠢᠯᠠᠭᠠᠭᠰᠠᠨ ᠢᠶᠠᠷ᠂ ᠰᠠᠭᠤᠭᠠᠯᠢ ᠠᠷᠠᠳ ᠤᠨ ᠬᠡᠷ ᠠᠴᠠ ᠪᠠᠨ ᠦᠢᠷᠠᠬᠠᠨ ᠬᠡᠦᠬᠡᠳ ᠢᠶᠠᠨ ᠨᠠᠶᠢᠳᠠᠨ ᠬᠦᠷᠬᠡᠬᠦ ᠬᠡᠷᠡᠭᠴᠡᠭᠡ ᠶᠢ ᠦᠨᠡᠨ ᠬᠦ ᠬᠠᠩᠭᠠᠵᠤ᠂ ᠬᠡᠷ ᠪᠦᠯᠢ ᠶᠢᠨ ᠬᠡᠤᠬᠡᠳ ᠲᠦᠷᠦᠬᠦ᠂ ᠥᠰᠬᠡᠨ ᠪᠤᠶᠢᠵᠢᠭᠤᠯᠬᠤ᠂ ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠬᠦ ᠪᠠ ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠰᠢᠩ ᠱᠧᠩ ᠵᠡᠭᠡᠯᠢ ᠭᠤᠳᠤᠮᠵᠢ ᠶᠢᠨ ᠬᠢᠨ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠪᠣᠯᠤᠨ ᠠᠨᠳᠠ ᠬᠡᠤᠬᠡᠳ ᠤᠨ ᠴᠡᠴᠡᠷᠯᠢᠭ ᠲᠠᠢ ᠬᠠᠮᠲᠤᠷᠠᠨ ᠬᠡᠤᠬᠡᠳ ᠰᠠᠭᠠᠳᠠᠭᠤᠯᠬᠤ ᠭᠠᠵᠠᠷ ᠭᠠᠷᠭᠠᠪᠠ᠃
王琪.jpg
      ︽ᠨᠡᠶᠢᠭᠡᠮ ᠲᠣᠭᠤᠷᠢᠭ ᠤᠨ ︿ᠳᠡᠭᠵᠢᠨ ᠪᠦᠪᠡᠢ ᠶᠢᠨ ᠥᠷᠲᠡᠭᠡ﹀ ᠬᠡᠦᠬᠡᠳ ᠰᠠᠭᠠᠲᠠᠭᠤᠯᠬᠤ ᠲᠥᠪ ᠨᠢ ︿  ᠰᠠᠨᠠᠭ᠎ᠠ ᠠᠮᠤᠷ ᠰᠠᠬᠢᠨ ᠬᠠᠮᠠᠭᠠᠯᠠᠵᠤ᠂ ᠰᠡᠳᠬᠢᠯ ᠳᠠᠯᠪᠢᠨ ᠠᠰᠠᠷᠠᠨᠨ ᠬᠦᠮᠦᠵᠢᠬᠦᠯᠬᠦ﹀ ᠬᠡᠦᠬᠡᠳ ᠰᠠᠭᠠᠲᠠᠭᠤᠯᠬᠤ ᠣᠨᠣᠯᠵᠢᠬᠤᠨ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ᠂ ᠡᠮᠨᠡᠨ ᠵᠠᠰᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶᠠᠲᠤ ᠣᠷᠣᠨ ᠤ ᠨᠢᠯᠬ᠎ᠠ ᠬᠡᠤᠬᠡᠳ ᠲᠤ ᠲᠤᠰᠬᠠᠶ ᠮᠡᠷᠭᠡᠵᠢᠯ ᠤᠨ ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠥᠷᠭᠡᠨ ᠣᠯᠠᠨ ᠬᠡᠷ ᠤᠨ ᠠᠬᠠᠮᠠᠳ ᠤᠨ ᠨᠢᠯᠬ᠎ᠠ ᠬᠡᠤᠬᠡᠳ ᠢ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠵᠤ ᠪᠠᠶᠢᠨ᠎ᠠ᠃︾              —  ᠰᠢᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ    ᠸᠠᠩ ᠴᠢ
5.jpg
      ᠣᠶᠢᠷ᠎ᠠ ᠶᠢᠨ ᠵᠢᠯ ᠳᠤ᠂ ᠳ᠋ᠦᠩᠱᠧᠩ ᠲᠣᠭᠤᠷᠢᠭ ᠨᠢ ︽ᠨᠢᠯᠬ᠎ᠠ ᠬᠡᠤᠬᠡᠳ ᠢ ᠪᠤᠶᠢᠵᠢᠭᠤᠯᠬᠤ ᠭᠠᠵᠠᠷ ᠲᠠᠢ᠂ ᠨᠢᠯᠬ᠎ᠠ ᠬᠡᠤᠬᠡᠳ ᠢ ᠰᠢᠯᠢᠳᠡᠭᠵᠢᠬᠦᠯᠦᠨ ᠪᠤᠶᠢᠵᠢᠭᠤᠯᠬᠤ︾ ᠬᠠᠷᠠᠯᠲᠠ ᠶᠢᠨ ᠲᠣᠭᠤᠷᠢᠨ ᠳᠤ᠂ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ︽ᠳᠥᠷᠪᠡᠨ ᠣᠳᠣᠬᠢᠴᠢᠯᠠᠯᠲᠠ︾ ︵ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠴᠠ ᠶᠢᠨ ︽ᠪᠠᠶᠢᠩᠭᠤᠵᠢᠭᠰᠠᠨ︾᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ︽ᠬᠤᠯᠪᠣᠭᠠᠯᠠᠨ ᠬᠦᠳᠡᠯᠦᠯᠴᠡᠭᠰᠡᠨ︾᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠡᠯᠪᠡᠷᠢ ᠶᠢᠨ ︽ᠣᠯᠠᠨ  ᠡᠰᠢᠵᠢᠭᠰᠡᠨ︾᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠴᠢᠳᠠᠪᠤᠷᠢᠲᠠᠨ ᠤ ︽ᠳᠤᠰᠬᠠᠢ ᠮᠡᠷᠬᠡᠵᠢᠭᠰᠡᠨ︾ ︶ ᠶᠢᠨ ᠠᠵᠢᠯ ᠢᠶᠠᠷ ᠭᠤᠤᠯ ᠰᠢᠵᠢᠮ ᠪᠣᠯᠭᠠᠵᠤ᠂ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠤᠨ ᠡᠷᠡᠭᠦᠯ ᠪᠥᠭᠡᠳ ᠬᠦᠴᠦᠲᠡᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠰᠢᠨ ᠶᠤᠸᠠᠨ ᠨᠡᠶᠢᠭᠡᠮ ᠲᠣᠭᠤᠷᠢᠭ ᠤᠨ ︽ᠳᠡᠭᠵᠢᠨ ᠪᠦᠪᠡᠢ ᠶᠢᠨ ᠥᠷᠲᠡᠭᠡ︾ ᠶᠢᠨ ᠡᠷᠦᠬᠡ ᠪᠠᠨ ᠰᠡᠬᠦᠬᠡᠭᠰᠡᠨ ᠨᠢ ᠬᠡᠷ ᠪᠦᠯᠢ ᠪᠠᠷ ᠰᠠᠭᠤᠷᠢ ᠪᠤᠯᠭᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠵᠤ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠳᠤᠭᠳᠠᠯᠴᠠᠭ᠎ᠠ ᠶᠢ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠨᠢᠯᠬ᠎ᠠ ᠬᠡᠤᠬᠡᠳ ᠢ ᠪᠤᠶᠢᠵᠢᠭᠤᠯᠬᠤ︾ ᠶᠢ ᠨᠠᠩ ᠲᠦᠬᠡᠮᠡᠯ ᠴᠢᠨᠠᠷᠵᠢᠭᠤᠨ ᠪᠤᠯᠭᠠᠪᠠ᠃ ᠳ᠋ᠦᠩᠱᠧᠩ ᠲᠣᠭᠤᠷᠢᠭ ᠤᠨ ᠬᠢᠨ ᠬᠠᠮᠢᠶᠠᠷᠤᠯᠲᠠ ᠶᠢᠨ ᠰᠢᠰᠲ᠋ᠧᠮ ᠪᠣᠯᠤᠨ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠳᠠ ᠦᠭᠡᠢ ᠳᠡᠬᠦᠯᠳᠡᠷᠵᠢᠬᠦᠯᠦᠨ᠂ ᠰᠢᠨ᠎ᠡ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠳ ᠲᠤ ᠨᠡᠩ ᠡᠷᠡᠭᠦᠯ ᠴᠢᠭᠢᠷᠠᠭ᠂ ᠪᠠᠶᠠᠷ ᠪᠠᠶᠠᠰᠬᠤᠯᠠᠩ ᠲᠠᠢ ᠦᠰᠦᠨ ᠪᠤᠶᠢᠵᠢᠬᠤ ᠣᠷᠴᠢᠨ ᠲᠣᠭᠤᠷᠢᠨ ᠢ ᠪᠤᠢ ᠪᠤᠯᠭᠠᠨ᠎ᠠ᠃
6.jpg
ᠢᠷᠡᠯᠲᠡ᠄ ᠳᠤᠰ ᠰᠦᠯᠵᠢᠶ᠎ᠡ