ᠬᠦᠯᠳᠡᠵᠤ ᠰᠢᠷᠬᠠᠳᠤᠬᠤ ᠠᠴᠠ ᠬᠡᠷᠬᠢᠨ ᠰᠡᠷᠬᠡᠶᠢᠯᠡᠬᠦ ᠪᠤᠢ
ᠨᠡᠶᠢᠲᠡᠯᠡᠭᠰᠡᠨ ᠴᠠᠭ᠄
2023/11/20
     ᠡᠪᠤᠯ ᠤᠨ ᠤᠯᠠᠷᠢᠯ ᠬᠦᠷᠴᠤ ᠢᠷᠡᠬᠦ ᠶᠢ ᠳᠠᠭᠠᠯᠳᠤᠨ ᠠᠭᠤᠷ ᠠᠮᠢᠰᠬᠤᠯ ᠡᠳᠤᠷ ᠠᠴᠠ ᠡᠳᠤᠷ ᠬᠦᠢᠳᠡᠷᠡᠵᠤ ᠡᠬᠢᠯᠡᠯ᠎ᠡ᠃ ᠡᠨᠡ ᠤᠯᠠᠷᠢᠯ ᠳᠤ ᠪᠢᠳᠠ ᠵᠠᠪᠠᠯ ᠴᠠᠭ ᠢᠮᠠᠭᠳᠠ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠰᠠᠶᠢᠳᠤᠷ ᠠᠩᠬᠠᠷᠴᠤ᠂ ᠶᠡᠭᠡ ᠰᠠᠯᠬᠢ ᠲᠠᠢ᠂ ᠠᠭᠠᠷ ᠤᠨ ᠳᠤᠯᠠᠭᠠᠨ ᠳᠤᠤᠷ᠎ᠠ ᠴᠠᠭ ᠠᠭᠠᠷ ᠤᠨ ᠪᠠᠶᠢᠳᠠᠯ ᠢᠯᠡᠷᠡᠪᠡᠯ ᠵᠠᠪᠠᠯ ᠬᠤᠪᠴᠠᠰᠤ ᠬᠤᠨᠠᠷ ᠢᠶᠠᠨ ᠵᠤᠵᠠᠭᠠᠯᠠᠨ᠂ ᠳᠠᠭᠠᠷᠠᠵᠤ ᠵᠢᠩᠬᠢᠨᠡᠬᠦ᠂ ᠬᠦᠯᠳᠡᠵᠤ ᠰᠢᠷᠬᠠᠳᠤᠬᠤ ᠠᠴᠠ ᠰᠡᠷᠬᠡᠶᠢᠯᠡᠪᠡᠯ ᠵᠤᠬᠢᠨ᠎ᠠ᠃       ᠬᠦᠢᠳᠡᠨ ᠳᠤ ᠠᠷᠠᠰᠤ ᠤᠯᠠᠶᠢᠬᠤ ᠪᠤᠶᠤ ᠡᠪᠡᠳᠬᠦ ᠪᠠᠶᠢᠳᠠᠯ ᠢᠯᠡᠷᠡᠪᠡᠯ ᠬᠦᠯᠳᠡᠵᠤ ᠰᠢᠷᠬᠠᠳᠤᠭᠰᠠᠨ ᠮᠠᠭᠠᠳ ᠦᠬᠡᠢ᠃ ᠡᠶᠢᠮᠤ ᠠᠴᠠ ᠳᠠᠷᠤᠶᠢᠬᠠᠨ ᠠᠭᠠᠷ ᠤᠨ ᠳᠤᠯᠠᠭᠠᠨ ᠬᠦᠢᠳᠡᠨ ᠤᠷᠴᠢᠨ ᠠᠴᠠ ᠵᠠᠶᠢᠯᠠᠬᠤ ᠪᠤᠶᠤ ᠬᠤᠪᠴᠠᠰᠤ ᠬᠤᠨᠠᠷ ᠢᠶᠠᠨ ᠵᠤᠵᠠᠭᠠᠯᠠᠨ ᠠᠷᠠᠰᠤ ᠮᠢᠬ᠎ᠠ ᠪᠠᠨ ᠬᠠᠮᠠᠭᠠᠯᠠᠪᠠᠯ ᠵᠤᠬᠢᠨ᠎ᠠ᠃      ᠡᠳᠡᠬᠡᠷ ᠰᠢᠨᠵᠢ ᠳᠡᠮᠳᠡᠭ ᠢᠯᠡᠷᠡᠪᠡᠯ ᠬᠦᠯᠳᠡᠵᠤ ᠰᠢᠷᠬᠠᠳᠤᠭᠰᠠᠨ ᠪᠤᠯᠤᠯᠴᠠᠭ᠎ᠠ ᠲᠠᠢ᠄      ⑴ ᠠᠯᠢ ᠨᠢᠬᠡᠨ ᠬᠡᠰᠡᠭ ᠤᠨ ᠠᠷᠠᠰᠤ ᠨᠢ ᠴᠠᠭᠠᠨ ᠪᠤᠶᠤ ᠰᠢᠷᠠᠪᠳᠤᠷ ᠦᠩᠬᠡ ᠲᠠᠢ ᠪᠤᠯᠬᠤ᠃      ⑵ ᠠᠷᠠᠰᠤᠨ ᠤ ᠭᠠᠳᠠᠷᠭᠤ ᠨᠢ ᠲᠦᠢᠯ ᠤᠨ ᠬᠠᠳᠠᠭᠤ ᠪᠤᠯᠬᠤ᠃      ⑶ ᠠᠷᠠᠰᠤ ᠮᠢᠨᠴᠦᠬᠦᠷᠡᠬᠦ᠃       ᠠᠷᠠᠰᠤ ᠮᠢᠬ᠎ᠠ ᠬᠦᠯᠳᠡᠵᠤ ᠰᠢᠷᠬᠠᠳᠤᠭᠰᠠᠨ ᠤ ᠳᠠᠷᠠᠭ᠎ᠠ ᠳᠠᠷᠤᠶᠢᠬᠠᠨ ᠡᠮᠴᠢᠯᠡᠬᠦᠯᠬᠦ ᠪᠤᠯᠤᠮᠵᠢ ᠦᠬᠡᠢ ᠪᠤᠯ᠄      ⑴ ᠠᠯᠢ ᠲᠦᠷᠬᠡᠨ ᠢᠶᠠᠷ ᠳᠤᠯᠠᠭᠠᠨ ᠤᠷᠴᠢᠨ ᠳᠤ ᠰᠢᠯᠵᠢᠨ᠎ᠡ᠃      ⑵ ᠪᠦᠯᠢᠶᠡᠨ ᠤᠰᠤ ᠪᠠᠷ ᠰᠢᠷᠬᠠᠳᠤᠭᠰᠠᠨ ᠬᠡᠰᠡᠭ ᠢᠶᠠᠨ ᠳᠡᠪᠳᠤᠬᠡᠨ᠎ᠡ᠃      ⑶ ᠪᠡᠶ᠎ᠡ ᠶᠢᠨ ᠳᠤᠯᠠᠭᠠᠨ ᠢᠶᠠᠷ ᠬᠦᠯᠳᠡᠭᠰᠡᠨ ᠬᠡᠰᠡᠭ ᠢ ᠳᠤᠯᠠᠭᠠᠴᠠᠭᠤᠯᠤᠨ᠎ᠠ᠃      ⑷ ᠬᠦᠯ ᠤᠨ ᠬᠡᠰᠡᠭ ᠬᠦᠯᠳᠡᠵᠤ ᠰᠢᠷᠬᠠᠳᠤᠭᠰᠠᠨ ᠪᠤᠯ ᠠᠯᠬᠤᠬᠤ ᠦᠬᠡᠢ ᠪᠠᠶᠢᠪᠠᠯ ᠬᠠᠮᠤᠭ ᠤᠨ ᠰᠠᠶᠢᠨ᠃      ⑸ ᠬᠦᠯᠳᠡᠵᠤ ᠰᠢᠷᠬᠠᠳᠤᠭᠰᠠᠨ ᠬᠡᠰᠡᠭ ᠢ ᠴᠠᠰᠤ ᠪᠠᠷ ᠵᠦᠯᠬᠦᠬᠦ ᠪᠤᠶᠤ ᠨᠤᠬᠤᠯᠠᠵᠤ ᠪᠤᠯᠬᠤ ᠦᠬᠡᠢ᠂ ᠰᠢᠷᠬ᠎ᠠ ᠶᠢ ᠬᠦᠨᠳᠤᠷᠦᠬᠦᠯᠵᠤ ᠮᠡᠳᠡᠨ᠎ᠡ᠃       ᠳᠡᠭᠷᠢ ᠬᠦᠢᠳᠡᠷᠡᠵᠤ ᠠᠭᠠᠷ ᠤᠨ ᠳᠤᠯᠠᠭᠠᠨ ᠳᠤᠷᠤᠭᠰᠢᠯᠠᠭᠰᠠᠨ ᠠᠴᠠ ᠲᠠ ᠪᠦᠬᠦᠨ ᠮᠠᠨᠢ ᠳᠤᠯᠠᠭᠠᠯᠠᠭ᠎ᠠ᠂ ᠬᠠᠮᠠᠭᠠᠯᠠᠯᠳᠠ ᠪᠠᠨ ᠰᠠᠶᠢᠳᠤᠷ ᠬᠢᠵᠤ᠂ ᠬᠦᠯᠳᠡᠵᠤ ᠰᠢᠷᠬᠠᠳᠤᠬᠤ ᠠᠴᠠ ᠰᠡᠷᠬᠡᠶᠢᠯᠡᠬᠦ ᠶᠢ ᠠᠩᠬᠠᠷᠤᠭᠠᠷᠠᠢ᠃ ᠰᠠᠯᠬᠢᠨ ᠤ ᠬᠦᠴᠦ ᠬᠡᠳᠤᠢ ᠶᠡᠭᠡ ᠪᠤᠯ ᠪᠡᠶ᠎ᠡ ᠶᠢᠨ ᠢᠯᠴᠢ ᠶᠢᠨ ᠳᠤᠷᠤᠭᠰᠢᠯᠠᠬᠤ ᠨᠢ ᠳᠡᠳᠤᠢ ᠬᠤᠷᠳᠤᠨ᠂ ᠠᠷᠠᠰᠤᠨ ᠤ ᠳᠤᠯᠠᠭᠠᠨ  ᠤ ᠬᠡᠮᠵᠢᠶ᠎ᠡ ᠨᠢ ᠳᠡᠳᠤᠢ ᠳᠤᠤᠷ᠎ᠠ ᠪᠠᠶᠢᠳᠠᠭ᠃ ᠰᠠᠯᠬᠢᠨ ᠤ ᠬᠦᠴᠦ ᠶᠡᠭᠡ ᠦᠶ᠎ᠡ ᠳᠤ᠂ ᠠᠭᠠᠷ ᠤᠨ ᠳᠤᠯᠠᠭᠠᠨ ᠤᠨᠴᠠᠭᠠᠢ ᠳᠤᠤᠷ᠎ᠠ ᠪᠢᠰᠢ ᠴᠤ᠂ ᠠᠷᠠᠰᠤ ᠮᠢᠬ᠎ᠠ ᠬᠦᠯᠳᠡᠵᠤ ᠰᠢᠷᠬᠠᠳᠤᠵᠤ ᠮᠡᠳᠡᠨ᠎ᠡ᠃ ᠡᠶᠢᠮᠤ ᠠᠴᠠ ᠰᠡᠷᠬᠡᠶᠢᠯᠡᠯᠡᠳᠡ ᠬᠠᠮᠠᠭᠠᠯᠠᠯᠳᠠ ᠪᠠᠨ ᠰᠠᠶᠢᠳᠤᠷ ᠬᠢᠬᠡᠷᠡᠢ︕
ᠢᠷᠡᠯᠲᠡ᠄ NMTV ᠰᠤᠶᠤᠯ