ᠳᠠᠭᠠᠷᠠᠵᠤ ᠵᠢᠩᠬᠢᠨᠡᠬᠦ ᠠᠴᠠ ᠪᠤᠯᠭᠤᠮᠵᠢᠯᠠᠶ᠎ᠠ︕
ᠨᠡᠶᠢᠲᠡᠯᠡᠭᠰᠡᠨ ᠴᠠᠭ᠄
2023/11/20
      ᠦᠢᠷ᠎ᠠ ᠶᠢᠨ ᠡᠳᠤᠷ ᠲᠤ᠂ ᠬᠦᠢᠳᠡᠨ ᠤᠷᠤᠰᠬᠠᠯ ᠤᠨ ᠨᠦᠯᠦᠬᠡ ᠪᠠᠷ ᠠᠭᠠᠷ ᠤᠨ ᠳᠤᠯᠠᠭᠠᠨ ᠨᠡᠯᠢᠶᠡᠳ ᠳᠤᠤᠷ᠎ᠠ ᠪᠤᠯᠬᠤᠷ ᠬᠦᠮᠦᠰ ᠭᠠᠳᠠᠭᠰᠢ ᠭᠠᠷᠬᠤ ᠳᠤ ᠪᠠᠨ ᠬᠤᠪᠴᠠᠰᠤ ᠬᠤᠨᠠᠷ ᠢᠶᠠᠨ ᠵᠤᠵᠠᠭᠠᠯᠠᠬᠤ ᠶᠢ ᠠᠩᠬᠠᠷᠴᠤ᠂ ᠦᠷᠯᠦᠬᠡ ᠦᠳᠡᠰᠢ ᠴᠢᠳᠠᠬᠤ ᠶᠢᠨ ᠳᠤᠳᠤᠷ᠎ᠠ ᠭᠠᠳᠠᠭᠰᠢ ᠭᠠᠷᠬᠤ ᠦᠬᠡᠢ ᠪᠤᠯ ᠬᠠᠮᠤᠭ ᠰᠠᠶᠢᠨ᠃ ᠢᠯᠠᠩᠭᠤᠶ᠎ᠠ ᠵᠢᠷᠦᠬᠡ᠂ ᠳᠠᠷᠢᠬᠢ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ ᠡᠪᠡᠳᠴᠢᠨ ᠵᠡᠷᠬᠡ ᠠᠷᠬᠠᠭ ᠡᠪᠡᠳᠴᠢᠨ ᠲᠠᠢ ᠬᠦᠮᠦᠰ ᠳᠤᠯᠤᠭᠠᠢ ᠪᠠ ᠬᠦᠯ ᠢᠶᠠᠨ ᠵᠢᠩᠬᠢᠨᠡᠬᠦᠯᠬᠦ ᠪᠠᠷ ᠪᠤᠯᠭᠤᠮᠵᠢᠯᠠᠬᠤ ᠬᠡᠷᠡᠭᠳᠡᠢ᠃ ᠬᠡᠷᠪᠡ ᠪᠡᠶ᠎ᠡ ᠮᠠᠬᠠᠪᠤᠳ ᠬᠠᠪᠤ ᠦᠬᠡᠢ ᠪᠠᠶᠢᠳᠠᠯ ᠢᠯᠡᠷᠡᠪᠡᠯ ᠳᠠᠷᠤᠶᠢᠬᠠᠨ ᠡᠮᠨᠡᠯᠬᠡ ᠳᠤ ᠬᠦᠷᠴᠤ ᠡᠮᠨᠡᠬᠦᠯᠪᠡᠯ ᠵᠤᠬᠢᠨ᠎ᠠ᠃       ᠠᠭᠠᠷ ᠤᠨ ᠳᠤᠯᠠᠭᠠᠨ ᠬᠡᠨᠡᠳᠳᠡ ᠪᠠᠷ ᠳᠤᠷᠤᠭᠰᠢᠯᠠᠬᠤ ᠦᠶᠡᠰ᠂ ᠳᠤᠯᠠᠭᠠᠨ ᠳᠠᠭᠠᠯᠠᠮᠵᠢᠳᠡᠢ ᠬᠤᠪᠴᠠᠰᠤ ᠶᠢ ᠰᠤᠩᠭᠤᠨ᠂  ᠳᠤᠯᠠᠭᠠᠨ ᠤ ᠬᠡᠮᠵᠢᠶ᠎ᠡ ᠳᠤ ᠳᠤᠬᠢᠷᠠᠭᠤᠯᠤᠨ ᠬᠤᠪᠴᠠᠰᠤ ᠪᠠᠨ ᠵᠤᠵᠠᠭᠠᠯᠠᠬᠤ ᠪᠤᠶᠤ ᠨᠢᠮᠬᠡᠯᠡᠵᠤ᠂ ᠤᠨᠴᠠᠭᠠᠶᠢᠯᠠᠨ ᠭᠠᠷ᠂ ᠨᠢᠭᠤᠷ ᠢᠶᠠᠨ ᠳᠤᠯᠠᠭᠠᠯᠠᠬᠤ ᠶᠢ ᠠᠩᠬᠠᠷᠬᠤ ᠬᠡᠷᠡᠭᠳᠡᠢ᠃       ᠭᠠᠳᠠᠭᠰᠢ ᠭᠠᠷᠬᠤ ᠦᠶᠡᠰ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠠᠩᠬᠠᠷᠴᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠡᠶᠢᠳᠡᠯᠡᠭᠰᠡᠨ ᠬᠦᠢᠳᠡᠨ ᠤᠷᠤᠰᠬᠠᠯ ᠤᠨ ᠮᠡᠳᠡᠭᠡ ᠪᠤᠶᠤ ᠰᠡᠷᠡᠮᠵᠢ ᠶᠢᠨ ᠮᠡᠳᠡᠭᠡ ᠶᠢ ᠠᠩᠬᠠᠷᠴᠤ᠂ ᠴᠢᠬᠤᠯᠠ ᠪᠦᠬᠦᠢ ᠰᠡᠷᠬᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠳᠡᠢ᠃       ᠨᠠᠰᠤᠳᠠᠶᠢᠴᠤᠳ᠂ ᠵᠢᠷᠮᠤᠰᠤᠨ ᠡᠮᠡᠭᠳᠡᠢ᠂ ᠨᠢᠯᠬ᠎ᠠ ᠬᠡᠤᠬᠡᠳ ᠪᠤᠯᠤᠨ ᠵᠢᠷᠦᠬᠡ᠂ ᠳᠠᠷᠢᠬᠢ ᠴᠢᠰᠤᠨ ᠰᠤᠳᠠᠯ  ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ ᠡᠪᠡᠳᠴᠢᠨ ᠵᠡᠷᠬᠡ ᠤᠳᠠᠭᠠᠨ ᠴᠢᠨᠠᠷᠳᠠᠢ ᠡᠪᠡᠳᠴᠢᠨ ᠳᠤ ᠨᠡᠷᠪᠡᠭᠳᠡᠭᠰᠡᠳ ᠳᠤᠯᠠᠭᠠᠯᠠᠬᠤ ᠶᠢ ᠠᠩᠬᠠᠷᠴᠤ᠂ ᠰᠢᠮ᠎ᠡ ᠳᠡᠵᠢᠬᠡᠯ ᠢᠶᠠᠨ ᠳᠤᠬᠢᠷᠠᠭᠤᠯᠤᠨ᠂ ᠵᠤᠬᠢᠬᠤ ᠬᠡᠮᠵᠢᠶ᠎ᠡ ᠪᠠᠷ ᠪᠡᠶ᠎ᠡ ᠮᠠᠬᠠᠪᠤᠳ ᠢᠶᠠᠨ ᠪᠤᠯᠪᠠᠰᠤᠷᠠᠬᠤ ᠶᠢᠨ ᠬᠠᠮᠳᠤ ᠭᠠᠳᠠᠭᠰᠢ ᠭᠠᠷᠬᠤ ᠪᠠᠨ ᠪᠠᠭᠠᠰᠬᠠᠪᠠᠯ ᠵᠤᠬᠢᠨ᠎ᠠ᠃
ᠢᠷᠡᠯᠲᠡ᠄ ᠦᠪᠦᠷ ᠮᠤᠩᠭᠤᠯ ᠤᠨ ᠡᠮᠡᠭᠳᠡᠶᠢᠴᠤᠳ