ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ — 2023 ᠤᠨ ᠤ 7 ᠳ᠋ᠤᠭᠠᠷ ᠰᠠᠷ᠎ᠠ
ᠨᠡᠶᠢᠲᠡᠯᠡᠭᠰᠡᠨ ᠴᠠᠭ᠄
2023/11/22
      7 ᠰᠠᠷ᠎ᠠ ᠶᠢᠨ 1 ᠤ ᠡᠳᠦᠷ᠂ ᠳ᠋ᠦᠩᠱᠧᠩ ᠲᠣᠭᠤᠷᠢᠭ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠺᠠᠳ᠋ᠷ ᠠᠵᠢᠯᠲᠠᠨ ᠤ ᠨᠠᠶᠢᠷᠠᠯ ᠳᠠᠭᠤᠤ ᠶᠢᠨ ᠰᠢᠢᠳᠪᠦᠷᠢᠲᠦ ᠤᠷᠤᠯᠳᠤᠭᠠᠨ ᠬᠦᠷᠡᠯ ᠪᠠᠭᠠᠵᠢ ᠶᠢᠨ ᠰᠣᠶᠣᠯ ᠤᠨ ᠲᠠᠯᠠᠪᠠᠢ ᠳᠤ ᠶᠠᠪᠤᠭᠳᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠡᠷᠬᠢᠯᠡᠭᠴᠢ ᠵᠢᠢ ᠫᠢᠩ ᠵᠢᠴᠢ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠳᠤᠭᠤᠷᠢᠭ ᠲᠠᠭᠠᠨ ᠪᠠᠶᠢᠭ᠎ᠠ ᠤᠳᠤᠷᠢᠳᠤᠯᠭ᠎ᠠ ᠨᠠᠷ ᠠᠵᠢᠯᠯᠠᠭ᠎ᠠ ᠳᠤ ᠤᠷᠤᠯᠴᠠᠪᠠ᠃      7 ᠰᠠᠷ᠎ᠠ ᠶᠢᠨ 3 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      7 ᠰᠠᠷ᠎ᠠ ᠶᠢᠨ 3 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 14 ᠳ᠋ᠤᠭᠡᠷ ᠤᠳᠠᠭᠠᠨ ᠤ ᠬᠤᠷᠠᠯ ᠵᠢᠴᠢ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠶᠠᠷᠢᠶ᠎ᠠ ᠲᠠᠯᠪᠢᠪᠠ᠃      7 ᠰᠠᠷ᠎ᠠ ᠶᠢᠨ 4 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 61ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ 11 ᠳ᠋ᠤᠭᠡᠷ ᠤᠳᠠᠭᠠᠨ ᠤ ᠬᠤᠷᠠᠯ᠂ ᠳ᠋ᠦᠩᠱᠧᠩ ᠲᠣᠭᠤᠷᠢᠭ ᠤᠨ ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ ᠶᠢᠨ ᠬᠤᠷᠠᠯ᠂ ᠤᠢ ᠰᠢᠭᠤᠢ ᠶᠢᠨ ᠳᠠᠷᠤᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      7 ᠰᠠᠷ᠎ᠠ ᠶᠢᠨ 4 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠶᠠᠷᠢᠶ᠎ᠠ ᠲᠠᠯᠪᠢᠪᠠ᠃      7 ᠰᠠᠷ᠎ᠠ ᠶᠢᠨ 5 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠲᠥᠪ ᠲᠤ ᠬᠦᠷᠴᠦ ᠠᠵᠢᠯ ᠤᠨ  ᠵᠤᠯᠭᠠᠯᠴᠠᠭ᠎ᠠ ᠬᠢᠭᠰᠡᠨ ᠪᠥᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠲᠥᠪ ᠤᠨ ᠳᠡᠳ᠋ ᠡᠷᠬᠢᠯᠡᠭᠴᠢ ᠯᠢ ᠶᠢᠦ ᠫᠢᠩ ᠲᠠᠢ ᠶᠠᠷᠢᠯᠴᠠᠪᠠ᠃      7 ᠰᠠᠷ᠎ᠠ ᠶᠢᠨ 5 ᠤ ᠡᠳᠦᠷ᠂ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠶᠦᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠳᠠᠭᠠᠭᠤᠯᠤᠨ ᠳ᠋ᠦᠩᠱᠧᠩ ᠲᠣᠭᠤᠷᠢᠭ ᠲᠤ ᠢᠷᠡᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠢ ᠰᠡᠷᠬᠡᠶᠢᠯᠡᠬᠦ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠬᠡᠶᠢᠯᠡᠬᠦ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃      7 ᠰᠠᠷ᠎ᠠ ᠶᠢᠨ 4 ᠤ ᠡᠳᠦᠷ ᠠᠴᠠ 7 ᠤ ᠡᠳᠦᠷ ᠪᠤᠯᠳᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠦᠯᠬᠦᠮ ᠳᠠᠭᠠᠭᠤᠯᠤᠨ ᠶᠠᠩᠵᠸᠤ᠂ ᠢ ᠡᠦ᠂ ᠬᠠᠩᠵᠧᠦ ᠵᠡᠷᠭᠡ ᠭᠠᠵᠠᠷ ᠲᠤ ᠬᠦᠷᠴᠦ᠂ ᠴᠢᠬᠤᠯᠠ ᠶᠡᠭᠡ ᠲᠦᠷᠦᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠪᠣᠯᠤᠨ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶᠡᠨ ᠤ ᠢᠵᠢ ᠪᠦᠷᠢᠳᠦᠭᠰᠡᠨ ᠲᠦᠷᠦᠯ ᠵᠦᠢᠯ ᠢ ᠰᠢᠨᠵᠢᠯᠡᠨ ᠦᠵᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠳᠤᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠰᠢᠨᠵᠢᠯᠡᠨ ᠦᠵᠡᠬᠦ ᠳᠤ ᠣᠷᠣᠯᠴᠠᠪᠠ᠃      7 ᠰᠠᠷ᠎ᠠ ᠶᠢᠨ 8 ᠤ ᠡᠳᠥᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠣᠣᠰᠣ ᠨᠣᠣᠯᠣᠭᠤᠷ ᠤᠨ ᠦᠵᠡᠰᠬᠦᠯᠡᠩ ᠤᠨ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃      7 ᠰᠠᠷ᠎ᠠ ᠶᠢᠨ 8 ᠤ ᠡᠳᠥᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 62 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      7 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠶᠣᠣ ᠲᠢᠩ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ︿ᠬᠤᠶᠠᠷ ᠶᠡᠭᠡ ᠶᠠᠪᠤᠳᠠᠯ﹀ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃      7 ᠰᠠᠷ᠎ᠠ ᠶᠢᠨ 12 ᠤᠨ ᠡᠳᠦᠷ᠂ ᠵᠢᠩ ᠤᠣ ᠨᠡᠷᠡᠨ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠳᠤᠤᠷ᠎ᠠ ᠨᠡᠬᠦᠷᠡᠰᠤᠳᠦ᠋ᠷᠦᠭᠴᠢᠳᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠵᠢᠩᠬᠢᠨᠢ ᠪᠠᠷ ᠠᠵᠢᠯ ᠡᠬᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠠᠵᠢᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠥᠷᠥᠯ ᠵᠦᠢᠯ ᠳᠤ ᠰᠠᠭᠤᠷᠢ ᠲᠠᠯᠪᠢᠪᠠ᠃ ᠳᠡᠭᠡᠳᠦ ᠰᠢᠨ᠎ᠡ ᠮᠡᠷᠭᠡᠵᠢᠯ ᠤᠨ ᠳᠤᠭᠤᠷᠢᠭ ᠪᠣᠯᠤᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ‌ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃      7 ᠰᠠᠷ᠎ᠠ ᠶᠢᠨ 12 ᠤᠨ ᠡᠳᠤᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠴᠢᠬᠤᠯᠠ ᠶᠡᠭᠡ ᠲᠥᠷᠥᠯ ᠵᠦᠢᠯ ᠤᠨ ᠤᠰᠤ ᠬᠠᠩᠭᠠᠬᠤ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠳᠡᠭᠡᠳᠦ ᠰᠢᠨ᠎ᠡ ᠮᠡᠷᠭᠡᠵᠢᠯ ᠤᠨ ᠳᠤᠭᠤᠷᠢᠭ ᠵᠢᠴᠢ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      7 ᠰᠠᠷ᠎ᠠ ᠶᠢᠨ 13 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠵᠢᠷᠭᠤᠳᠤᠭᠠᠷ ᠬᠤᠭᠤᠴᠠᠭᠠᠨ ᠤ ᠲᠤᠮᠳᠠᠳᠤ ᠤᠯᠤᠰ ︵ᠤᠷᠳᠤᠰ︶ ᠤᠨ ᠤᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠭᠦᠯᠡᠩ ᠤᠨ ᠤᠷᠳᠤᠨ ᠳᠤ ᠬᠦᠨᠵᠡᠭᠡᠶᠢᠷᠡᠵᠤ᠂ ᠦᠵᠡᠰᠬᠦᠯᠡᠩ ᠤᠨ ᠴᠤᠬᠯᠠᠭᠠᠨ ᠤ ᠪᠡᠯᠡᠳᠭᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠳ᠋ᠦᠩᠱᠧᠩ ᠲᠣᠭᠤᠷᠢᠭ ᠪᠣᠯᠤᠨ ᠳᠡᠭᠡᠳᠦ ᠰᠢᠨ᠎ᠡ ᠮᠡᠷᠭᠡᠵᠢᠯ ᠤᠨ ᠳᠤᠭᠤᠷᠢᠭ  ᠤᠨ ᠨᠤᠤᠯᠤᠭᠤᠷ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠬᠠᠮᠳᠤ ᠤᠷᠤᠯᠴᠠᠪᠠ᠃      7 ᠰᠠᠷ᠎ᠠ ᠶᠢᠨ 18 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠳ᠋ᠦᠩᠱᠧᠩ ᠲᠤᠭᠤᠷᠢᠭ ᠲᠤ ᠲᠤᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ  ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠠᠷᠢᠭᠤ ᠲᠤᠰᠬᠠᠬᠤ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠤᠳᠤᠷᠢᠳᠬᠤ ᠪᠦᠷᠢᠯᠳᠦᠬᠦᠨ ᠬᠤᠷᠠᠯ ᠳᠤ ᠣᠷᠣᠯᠴᠠᠵᠤ᠂ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠣᠭᠤᠷᠢᠭ ᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      7 ᠰᠠᠷ᠎ᠠ ᠶᠢᠨ 21 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠤᠷᠳᠤᠰ︶ ᠤᠨ ᠤᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠳ᠋ᠦᠩᠱᠧᠩ ᠲᠣᠭᠤᠷᠢᠭ ᠲᠤ ᠡᠬᠢᠯᠡᠪᠡ᠃ ᠲᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ ᠲᠡᠳ᠋ ᠲᠠᠷᠤᠭ᠎ᠠ ᠢᠤᠢ ᠵᠢᠶᠠᠨ ᠯᠦᠩ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢ ᠪᠢᠩ ᠷᠦᠩ᠂ ᠦᠪᠡᠷᠳᠡᠭᠡᠨ ᠵᠠᠰᠠᠬᠤ ᠤᠷᠤᠨ ᠤ ᠠᠷᠠᠯᠵᠢᠶ᠎ᠠ ᠶᠢ ᠠᠬᠢᠭᠤᠯᠬᠤ ᠵᠦᠪᠯᠡᠯ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠠᠷᠤᠭ᠎ᠠ ᠶᠢᠨ ᠱᠧᠩ ᠷᠦᠢ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠳᠠ ᠶᠢᠨ ᠤᠳᠤᠷᠢᠳᠤᠯᠭ᠎ᠠ ᠵᠠᠩ ᠵᠠᠨ ᠯᠢᠨ᠂ ᠬᠤᠸᠠ ᠷᠦᠢ ᠹᠸᠡᠭ᠂ ᠯᠢᠦ ᠹᠸᠡᠭ ᠶᠦᠨ᠂ ᠮᠢᠶᠤᠤ ᠴᠸᠡᠭ ᠢᠤᠢ᠂ ᠡᠷᠳᠡᠨᠢᠪᠢᠯᠢᠭ᠂ ᠵᠢᠷᠭᠠᠯᠳᠤ᠂ ᠲᠡᠭᠡᠳᠤ ᠰᠢᠨ᠎ᠠ ᠮᠡᠷᠭᠡᠵᠢᠯ ᠤᠨ ᠲᠤᠭᠤᠷᠢᠭ᠂ ᠳ᠋ᠦᠡᠭᠱᠸᠡᠭ ᠲᠤᠭᠤᠷᠢᠭ ᠤᠨ ᠤᠳᠤᠷᠢᠳᠤᠯᠭ᠎ᠠ ᠭᠤᠤ ᠢ ᠳ᠋ᠦᠩ᠂ ᠵᠠᠩ ᠫᠧᠩ ᠴᠧᠩ᠂ ᠬᠠᠨ ᠲᠤᠤ᠂ ᠵᠢᠢ ᠫᠢᠩ᠂ ᠬᠠᠨ ᠶᠤᠤ ᠲᠢᠩ ᠨᠠᠷ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      7 ᠰᠠᠷ᠎ᠠ ᠶᠢᠨ 22 ᠤᠨ ᠡᠳᠦᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 63 ᠳ᠋ᠤᠭᠠᠷ ᠤᠳᠠᠭᠠᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      7 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠪᠠ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠣᠷᠣᠯᠴᠠᠪᠠ᠃      7 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠲᠠ ᠶᠢᠨ ᠤᠰᠤ ᠬᠠᠩᠭᠠᠬᠤ ᠪᠠᠲᠤᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠲᠠ ᠶᠢᠨ ᠤᠰᠤᠨ ᠠᠰᠢᠭᠯᠠᠯᠲᠠ᠂ ᠬᠤᠲᠠ ᠶᠢᠨ ᠬᠠᠮ ᠵᠠᠭᠤᠴᠢᠯᠠᠭᠤᠷ᠂ ᠬᠤᠲᠠ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠬᠠᠮᠢᠶ᠎ᠠ ᠪᠦᠬᠦᠢ ᠲᠣᠭᠤᠷᠢᠭ ᠤᠨ ᠳᠡᠳ᠋ ᠳᠠᠷᠤᠭ᠎ᠠ ᠪᠠ ᠲᠣᠭᠤᠷᠢᠭ ᠤᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      7 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠶᠠᠷᠢᠶ᠎ᠠ ᠲᠠᠯᠪᠢᠪᠠ᠃      7 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 11 ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      7 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠠᠷᠢᠶ᠎ᠠ ᠣᠷᠣᠨ ᠤ ᠰᠠᠭᠤᠭ᠎ᠠ ᠴᠡᠷᠢᠭ ᠠᠩᠭᠢ᠂ ᠬᠡᠰᠡᠭ ᠴᠡᠷᠢᠭ ᠠᠴᠠ ᠬᠠᠯᠠᠭᠳᠠᠭᠰᠠᠳ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠪᠠ ᠭᠠᠪᠢᠶ᠎ᠠ ᠪᠠᠶᠢᠭᠤᠯᠤᠭᠰᠠᠨ ᠱᠠᠩᠨᠠᠯ ᠭᠥᠷᠳᠡᠭᠰᠡᠨ ᠴᠡᠷᠢᠭ ᠢ ᠪᠣᠯᠭᠤᠭᠠᠨ ᠲᠣᠬᠤᠨᠢᠭᠤᠯᠪᠠ᠃      7 ᠰᠠᠷ᠎ᠠ ᠶᠢᠨ 30 ᠤ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶ᠎ᠡ ᠶᠢᠨ ᠲᠠᠮᠢᠷ ᠤᠨ ᠴᠤᠬᠯᠠᠭᠠᠨ ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠠᠶ᠎ᠡ ᠶᠢᠨ ᠲᠠᠮᠢᠷ ᠤᠨ ᠴᠤᠬᠯᠠᠭᠠᠨ ᠵᠢᠴᠢ ᠤᠨᠴᠠᠭᠠᠢ ᠤᠯᠢᠮᠫᠢᠺ ᠤᠨ ᠲᠠᠮᠢᠷ ᠤᠨ ᠴᠤᠬᠯᠠᠭᠠᠨ ᠤ ᠭᠠᠯ ᠪᠠᠮᠪᠡᠷ ᠲᠠᠮᠵᠢᠭᠤᠯᠬᠤ ᠳ᠋ᠦᠡᠭᠱᠸᠡᠭ ᠲᠤᠭᠤᠷᠢᠭ ᠤᠨ ᠦᠷᠳᠡᠬᠡᠨ ᠤ ᠠᠵᠢᠯᠯᠠᠭ᠎ᠠ ᠬᠦᠷᠡᠯ ᠪᠠᠭᠠᠵᠢ ᠶᠢᠨ ᠰᠤᠶᠤᠯ ᠤᠨ ᠲᠠᠯᠠᠪᠠᠢ ᠳᠤ ᠶᠠᠪᠤᠭᠳᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠠᠵᠢᠯᠯᠠᠭ᠎ᠠ ᠳᠤ ᠣᠷᠣᠯᠴᠠᠭᠰᠠᠨ ᠪᠥᠭᠡᠳ ᠭᠠᠯ ᠪᠠᠮᠪᠠᠷ ᠠᠰᠠᠭᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠠᠶᠠᠷ ᠤᠨ ᠦᠭᠡ ᠬᠡᠯᠡᠪᠡ᠃ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠬᠤᠲᠠ ᠶᠢᠨ ᠰᠣᠶᠣᠯ ᠤᠨ ᠣᠷᠳᠣᠨ ᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠤᠨᠴᠠᠭᠠᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠠᠵᠢᠯᠯᠠᠭᠠᠨ ᠤ ᠪᠦᠯᠬᠦᠮ ᠤᠨ ᠬᠠᠷᠢᠭᠤᠴᠠᠯᠭᠠᠲᠠᠨ ᠷᠧᠦ ᠴᠢᠶᠠᠩ ᠠᠵᠢᠯᠯᠠᠭ᠎ᠠ ᠳᠤ ᠣᠷᠣᠯᠴᠠᠪᠠ᠃      7 ᠰᠠᠷ᠎ᠠ ᠶᠢᠨ 31 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠲᠥᠷᠥᠯ ᠵᠦᠢᠯ ᠤᠨ ᠲᠥᠯᠥᠪᠵᠢᠭᠦᠯᠭᠡ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      7 ᠰᠠᠷ᠎ᠠ ᠶᠢᠨ 31 ᠤ ᠡᠳᠦᠷ᠂ ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠤᠢᠢᠷ᠎ᠠ ᠶᠢᠨ ᠡᠳᠦᠷ ᠳ᠋ᠦᠩᠱᠧᠩ ᠲᠣᠭᠤᠷᠢᠭ ᠲᠤ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠪᠠ᠃      7 ᠰᠠᠷ᠎ᠠ ᠶᠢᠨ 31 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠳᠤᠭᠤᠶᠢᠯᠠᠩ ᠳᠠᠭᠠᠭᠤᠯᠤᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠵᠢᠴᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠪᠡ᠃ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ