1 — 10 ᠰᠠᠷ᠎ᠠ ᠳᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠬᠦᠭᠵᠢᠪᠡ
ᠨᠡᠶᠢᠲᠡᠯᠡᠭᠰᠡᠨ ᠴᠠᠭ᠄
2023/11/23
    ᠠᠵᠤ ᠠᠬᠤᠢ ᠶᠢᠨ ᠪᠦᠲᠦᠴᠡ ᠠᠴᠠ ᠦᠵᠡᠪᠡᠯ᠂ 1-10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ 66 ᠪᠠᠶᠢᠵᠤ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠲᠣᠭᠠᠨ ᠤ 78.6% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ᠂ ᠡᠭᠦᠨ ᠳᠤ ᠨᠡᠭᠦᠷᠡᠰᠦᠨ ᠤ ᠠᠵᠢᠯ ᠲᠥᠷᠥᠯ 3.2% ᠢᠶᠠᠷ ᠨᠡᠮᠡᠭᠳᠡᠵᠦ᠂ ᠨᠡᠭᠦᠷᠡᠰᠦᠨ ᠤ ᠪᠤᠰᠤ ᠠᠵᠢᠯ ᠲᠥᠷᠥᠯ 7.9% ᠪᠠᠷ ᠨᠡᠮᠡᠭᠳᠡᠪᠡ︔ ᠠᠷᠠᠳ ᠠᠴᠠ ᠡᠵᠡᠩᠨᠡᠭᠰᠡᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠶᠡᠷᠦᠩᠬᠡᠢ ᠵᠢᠵᠢᠭᠯᠡᠨ ᠪᠤᠷᠤᠯᠠᠭᠤᠯᠤᠯᠳᠠ 193.71 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠨ᠂ ᠪᠥᠬᠦ ᠵᠢᠵᠢᠭᠯᠡᠨ ᠪᠤᠷᠤᠯᠠᠭᠤᠯᠤᠯᠳᠠ ᠶᠢᠨ 93.7% ᠶᠢ ᠡᠵᠡᠯᠡᠵᠦ᠂ ᠬᠢᠵᠠᠭᠠᠷᠯᠠᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠠᠵᠤ ᠠᠬᠤᠶᠢᠯᠠᠯ 148 ᠪᠠᠶᠢᠵᠤ᠂ ᠪᠥᠬᠦ ᠬᠢᠵᠠᠭᠠᠷᠯᠠᠯ ᠠᠴᠠ ᠳᠡᠭᠡᠭᠰᠢᠬᠢ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠠᠵᠤ ᠠᠬᠤᠶᠢᠯᠠᠯ ᠤᠨ 92.5%  ᠶᠢ ᠡᠵᠡᠯᠡᠵᠦ᠂ ᠬᠢᠵᠠᠭᠠᠷᠯᠠᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠬᠤᠨᠤᠭ ᠤᠨ ᠭᠠᠵᠠᠷ ᠬᠤᠭᠤᠯᠠ ᠤᠮᠳᠠᠭᠠᠨ ᠤ ᠠᠵᠤ ᠠᠬᠤᠶᠢᠯᠠᠯ 28 ᠪᠠᠶᠢᠵᠤ᠂ ᠪᠥᠬᠦ ᠬᠢᠵᠠᠭᠠᠷᠯᠠᠯ ᠠᠴᠠ ᠳᠡᠭᠡᠭᠰᠢᠬᠢ ᠬᠤᠨᠤᠭ ᠤᠨ ᠭᠠᠵᠠᠷ ᠬᠤᠭᠤᠯᠠ ᠤᠮᠳᠠᠭᠠᠨ ᠤ ᠠᠵᠤ ᠠᠬᠤᠶᠢᠯᠠᠯ ᠤᠨ 93.3% ᠶᠢ ᠡᠵᠡᠯᠡᠪᠡ︔ 1-9 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 55 ᠪᠠᠶᠢᠵᠤ᠂ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ 68.8% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 55.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.1%  ᠪᠠᠷ ᠪᠠᠭᠤᠷᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ