1 — 10 ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠰᠠᠶᠢᠨ ᠨᠡᠮᠡᠭᠳᠡᠯ ᠤᠨ ᠬᠠᠨᠳᠤᠰᠢ ᠪᠠᠨ ᠪᠠᠲᠤᠯᠠᠪᠠ
ᠨᠡᠶᠢᠲᠡᠯᠡᠭᠰᠡᠨ ᠴᠠᠭ᠄
2023/11/23
    1 — 10 ᠰᠠᠷ᠎ᠠ ᠳᠤ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.4%  ᠪᠠᠷ ᠨᠡᠮᠡᠭᠳᠡᠪᠡ᠃     ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.1% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.4% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.1% ᠪᠠᠷ ᠨᠡᠮᠡᠭᠳᠡᠪᠡ᠃     ᠠᠷᠠᠳ ᠤᠨ ᠪᠡᠯᠡ ᠣᠷᠣᠭᠤᠯᠤᠯᠲᠠ ᠦᠷᠭᠦᠯᠵᠢᠯᠡᠨ ᠰᠠᠶᠢᠵᠢᠷᠠᠪᠠ᠃ ᠠᠷᠠᠳ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 5.5% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 63% ᠶᠢ ᠡᠵᠡᠯᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 3.9 ᠵᠠᠭᠤᠨ ᠤ ᠬᠤᠪᠢ ᠳᠠᠶᠢᠴᠢᠯᠠᠪᠠ᠃     ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠴᠢᠳᠠᠪᠤᠷᠢ ᠴᠢᠩᠭ᠎ᠠ ᠪᠠᠶᠢᠪᠠ᠃ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 125.3% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 15.7 ᠵᠠᠭᠤᠨ ᠤ ᠬᠤᠪᠢ ᠳᠠᠶᠢᠴᠢᠯᠠᠪᠠ᠂ ᠡᠭᠦᠨ ᠳᠤ ᠲᠣᠨᠣᠭᠯᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 116.9% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 14.6 ᠵᠠᠭᠤᠨ ᠤ ᠬᠤᠪᠢ ᠳᠠᠶᠢᠴᠢᠯᠠᠪᠠ᠃     ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠳᠤᠯᠭᠠᠭᠤᠷᠢᠯᠠᠬᠤ ᠬᠦᠴᠦᠨ ᠶᠡᠭᠡ ᠪᠠᠶᠢᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ  ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 56.3% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 54.1% ᠶᠢ ᠡᠵᠡᠯᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 23.2 ᠵᠠᠭᠤᠨ ᠤ ᠬᠤᠪᠢ ᠳᠠᠶᠢᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ