1 — 10 ᠰᠠᠷ᠎ᠠ ᠳᠤ ᠬᠡᠷᠡᠭᠯᠡᠭᠡᠨ ᠤ ᠵᠠᠬ᠎ᠠ ᠳᠡᠯᠭᠡᠭᠦᠷ ᠲᠠᠰᠤᠷᠠᠯᠲᠠ ᠦᠭᠡᠢ ᠰᠠᠶᠢᠵᠢᠷᠠᠪᠠ
ᠨᠡᠶᠢᠲᠡᠯᠡᠭᠰᠡᠨ ᠴᠠᠭ᠄
2023/11/23
    1 —10 ᠰᠠᠷ᠎ᠠ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 206.70 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠭᠤᠷᠪᠠᠨ ᠤᠯᠠᠷᠢᠯ ᠤᠨ  ᠬᠢ ᠠᠴᠠ 2.5 ᠵᠠᠭᠤᠨ ᠤ ᠬᠤᠪᠢ ᠳᠡᠭᠡᠭᠰᠢᠯᠡᠵᠦ᠂ 19 ᠲᠥᠷᠥᠯ ᠤᠨ ᠬᠢᠵᠠᠭᠠᠷᠯᠠᠯ ᠠᠴᠠ ᠳᠡᠭᠡᠭᠰᠢᠬᠢ ᠲᠠᠸᠠᠷ ᠤᠨ ᠵᠢᠵᠢᠭᠯᠡᠨ  ᠪᠤᠷᠤᠯᠠᠭᠤᠯᠤᠯᠳᠠ 17 ᠲᠥᠷᠥᠯ ᠨᠢ ᠨᠡᠮᠡᠭᠳᠡᠯ ᠢ ᠪᠡᠶᠡᠯᠡᠭᠦᠯᠪᠡ᠃     ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠤᠯᠲᠠ ᠰᠠᠶᠢᠨ ᠪᠠᠶᠢᠪᠠ᠃ ᠬᠢᠵᠠᠭᠠᠷᠯᠠᠯ ᠠᠴᠠ ᠳᠡᠭᠡᠭᠰᠢᠬᠢ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 5.11 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠤᠨ ᠵᠢᠵᠢᠭᠯᠡᠨ ᠪᠤᠷᠤᠯᠠᠭᠤᠯᠤᠯᠳᠠ 11.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.1% ᠪᠠᠷ ᠨᠡᠮᠡᠭᠳᠡᠪᠡ︔ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ 5.44 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠪᠡ᠃     ᠲᠡᠰ ᠳᠡᠪᠰᠢᠬᠦ ᠲᠦᠷᠦᠯ ᠤᠨ ᠲᠠᠸᠠᠷ ᠤᠨ ᠪᠣᠷᠤᠯᠠᠭᠤᠯᠭ᠎ᠠ ᠲᠦᠷᠭᠡᠨ ᠢᠶᠠᠷ ᠨᠡᠮᠡᠭᠳᠡᠪᠡ᠃ ᠬᠢᠵᠠᠭᠠᠷᠯᠠᠯ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠳᠡᠨᠢ  ᠶᠢᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠪᠡ︔ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 21.0% ᠪᠠᠷ ᠨᠡᠮᠡᠭᠳᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 34.3% ᠪᠠᠷ ᠨᠡᠮᠡᠭᠳᠡᠪᠡ︔ ᠨᠣᠮ ᠰᠣᠨᠢᠨ ᠰᠡᠳᠬᠦᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 73.8% ᠪᠠᠷ ᠨᠡᠮᠡᠭᠳᠡᠪᠡ᠃       ᠢᠳᠡᠭᠡᠨ ᠤᠮᠳᠠᠭᠠᠨ ᠤ ᠬᠡᠷᠡᠭᠯᠡᠭᠡ ᠲᠦᠷᠭᠡᠨ ᠢᠶᠠᠷ ᠰᠡᠷᠭᠦᠪᠡ᠃ ᠬᠢᠵᠠᠭᠠᠷᠯᠠᠯ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 6.21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.3% ᠪᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 6.9 ᠵᠠᠭᠤᠨ ᠤ ᠬᠤᠪᠢ ᠳᠡᠭᠡᠭᠰᠢᠯᠡᠵᠡᠢ᠃     ᠮᠠᠰᠢᠨ ᠲᠡᠷᠭᠡᠨ ᠤ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠡᠶᠡᠷᠬᠦ ᠪᠤᠯᠪᠠ᠃ ᠬᠢᠵᠠᠭᠠᠷᠯᠠᠯ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ 63.60 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 5.3 ᠵᠠᠭᠤᠨ ᠤ ᠬᠤᠪᠢ ᠳᠡᠭᠡᠭᠰᠢᠯᠡᠵᠡᠢ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ ᠠᠳᠠᠯᠢ ᠬᠤᠭᠤᠴᠠᠭᠠᠨ ᠤ ᠬᠢ ᠠᠴᠠ 75.8% ᠪᠠᠷ ᠨᠡᠮᠡᠭᠳᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ