1 — 10 ᠰᠠᠷ᠎ᠠ ᠳᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠳᠦᠷᠭᠡᠳᠪᠡ
ᠨᠡᠶᠢᠲᠡᠯᠡᠭᠰᠡᠨ ᠴᠠᠭ᠄
2023/11/23
    1 — 10 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 1 ᠵᠠᠭᠤᠨ ᠤ ᠬᠤᠪᠢ ᠳᠡᠭᠡᠭᠰᠢᠯᠡᠵᠦ᠂ ᠪᠥᠬᠦ ᠬᠤᠲᠠ ᠶᠢᠨ  ᠬᠢ ᠠᠴᠠ 2.1 ᠵᠠᠭᠤᠨ ᠤ ᠬᠤᠪᠢ ᠥᠨᠳᠥᠷ ᠪᠣᠯᠵᠠᠢ᠃     ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ᠃     ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠲᠦᠷᠦᠯ ᠤᠨ ᠭᠤᠣᠯ ᠪᠣᠯᠬᠤ ᠦᠢᠯᠡᠳᠬᠦᠨ ᠤ 12 ᠨᠢ ᠨᠡᠮᠡᠭᠳᠡᠵᠤ 5 ᠨᠢ ᠪᠠᠭᠤᠷᠠᠨ᠂ ᠨᠡᠮᠡᠭᠳᠡᠯ ᠤᠨ ᠬᠡᠪᠴᠢᠶ᠎ᠡ ᠨᠢ ᠲᠦᠷᠦᠭᠦᠦ ᠭᠤᠷᠪᠠᠨ ᠤᠯᠠᠷᠢᠯ ᠤᠨ ᠬᠢ ᠲᠠᠢ ᠲᠡᠩᠴᠡᠭᠦᠦ ᠪᠠᠶᠢᠪᠠ᠃ ᠡᠭᠦᠨ ᠳᠤ ᠲᠦᠭᠡᠭᠡᠯ ᠤᠰᠤ 2719 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ︔ ᠨᠡᠭᠦᠷᠡᠰᠦ 8898.85 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ︔ ᠢᠯᠴᠢ ᠶᠢᠨ ᠬᠦᠴᠦᠨ 1504.84 ᠲᠦᠮᠡᠨ ᠵᠢᠢ ᠵᠢᠶᠣᠣ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠪᠡ︔ ᠰᠢᠩᠭᠡᠨ ᠲᠠᠯᠠᠰᠲᠤ ᠳᠡᠯᠭᠡᠴᠡ 9075 ᠲᠦᠮᠡᠨ ᠬᠡᠰᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠪᠡ︔ ᠬᠢᠲᠠᠳ ᠡᠮ 193.2 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 29.6% ᠪᠠᠷ ᠨᠡᠮᠡᠭᠳᠡᠪᠡ︔ ᠴᠠᠭᠠᠨ ᠢᠳᠡᠭᠡᠨ 2306 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 47.0% ᠪᠠᠷ ᠨᠡᠮᠡᠭᠳᠡᠪᠡ︔ ᠮᠠᠰᠢᠨ ᠲᠡᠷᠭᠡ 65453 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 49.3% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 131.47 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 80.9% ᠪᠠᠷ ᠨᠡᠮᠡᠭᠳᠡᠪᠡ︔ ᠨᠣᠣᠰᠣᠨ ᠰᠡᠮᠡᠳᠡᠰᠦ 607.06 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 86.2% ᠢᠶᠠᠷ ᠨᠡᠮᠡᠭᠳᠡᠪᠡ︔ ᠲᠠᠸᠠᠷ ᠤᠨ ᠪᠧᠲ᠋ᠤᠨ 384184.83 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 104.5% ᠪᠠᠷ ᠨᠡᠮᠡᠭᠳᠡᠪᠡ︔ ᠴᠠᠬᠢᠯᠭᠠᠨ ᠤᠳᠠᠰᠤ 2848.67 ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 368.0% ᠪᠠᠷ ᠨᠡᠮᠡᠭᠳᠡᠪᠡ︔ ᠠᠭᠤᠷᠬᠠᠢ ᠶᠢᠨ ᠲᠤᠰᠬᠠᠢ ᠲᠥᠬᠦᠭᠡᠷᠦᠮᠵᠢ 2882 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.7 ᠳᠠᠬᠢᠨ ᠨᠡᠮᠡᠭᠳᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ