1 — 10 ᠰᠠᠷ᠎ᠠ ᠳᠤ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/11/24
    2023 ᠣᠨ ᠤ 1 — 10 ᠰᠠᠷ᠎ᠠ ᠳᠤ᠂ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 261 ᠪᠠᠶᠢᠵᠤ᠂ ᠡᠭᠦᠨ ᠳᠤ ᠲᠣᠰ ᠵᠢᠯ ᠳᠤ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 73 ᠪᠣᠶ᠃ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠵᠦ᠂ ᠡᠭᠦᠨ ᠳᠤ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.1% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠲᠣᠭᠠᠨ ᠤ 69% ᠶᠢ ᠡᠵᠡᠯᠡᠪᠡ᠃     ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠪᠡ᠃ 1 — 10 ᠰᠠᠷ᠎ᠠ ᠳᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 125.3% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 23.6% ᠶᠢ ᠡᠵᠡᠯᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 76.4% ᠶᠢ ᠡᠵᠡᠯᠡᠪᠡ᠃     ᠲᠣᠮᠣ ᠲᠦᠷᠦᠯ ᠵᠤᠶᠢᠯ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ᠃ 1 — 10 ᠰᠠᠷ᠎ᠠ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠣᠮᠣ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ︵ᠲᠠᠩ ᠭᠠᠭᠴᠠ ᠬᠤᠳᠠᠯᠳᠤᠨ ᠠᠪᠬᠤ ᠶᠢ ᠪᠠᠭᠲᠠᠭᠠᠬᠤ ᠦᠭᠡᠢ︶ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ᠃     ᠠᠷᠠᠳ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠨᠡᠯᠢᠶᠡᠳ ᠶᠡᠭᠡ ᠪᠠᠶᠢᠪᠠ᠃ 1 — 10 ᠰᠠᠷ᠎ᠠ ᠳᠤ᠂ ᠠᠷᠠᠳ ᠤᠨ ᠳᠤᠮᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 63% ᠶᠢ ᠡᠵᠡᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 3.9 ᠵᠠᠭᠤᠨ ᠤ ᠬᠤᠪᠢ ᠳᠠᠶᠢᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ