ᠠᠩᠬᠠᠳᠤᠭᠠᠷ ᠬᠤᠭᠤᠴᠠᠭᠠᠨ ᠤ ︽ᠤᠮᠠᠷᠠᠲᠤ ᠬᠢᠯᠢ ᠶᠢᠨ ᠬᠥᠬᠡ ᠪᠠᠮᠪᠠᠢ︾ ᠨᠡᠷᠡᠮᠵᠢᠲᠦ ᠭᠠᠯ ᠢ ᠰᠡᠷᠬᠡᠶᠢᠯᠡᠬᠦ ᠰᠣᠨᠢᠷᠬᠠᠯᠲᠤ ᠲᠠᠮᠢᠷ ᠤᠨ ᠬᠦᠳᠡᠯᠬᠡᠬᠡᠨ ᠳ᠋ᠦᠩᠱᠧᠩ ᠲᠣᠭᠤᠷᠢᠭ ᠤᠨ ᠮᠠᠨ ᠱᠢ ᠳᠤᠮᠳᠠᠳᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/25
6.1.jpg 
    11 ᠰᠠᠷ᠎ᠠ ᠶᠢᠨ 24 ᠤ ᠡᠳᠦᠷ᠂ ᠠᠩᠬᠠᠳᠤᠭᠠᠷ ᠬᠤᠭᠤᠴᠠᠭᠠᠨ ᠤ ︽ᠤᠮᠠᠷᠠᠲᠤ ᠬᠢᠯᠢ ᠶᠢᠨ ᠬᠥᠬᠡ ᠪᠠᠮᠪᠠᠢ︾ ᠨᠡᠷᠡᠮᠵᠢᠲᠦ ᠭᠠᠯ ᠢ ᠰᠡᠷᠬᠡᠶᠢᠯᠡᠬᠦ ᠰᠣᠨᠢᠷᠬᠠᠯᠲᠤ ᠲᠠᠮᠢᠷ ᠤᠨ ᠬᠦᠳᠡᠯᠬᠡᠬᠡᠨ ᠳ᠋ᠦᠩᠱᠧᠩ ᠲᠣᠭᠤᠷᠢᠭ ᠤᠨ ᠮᠠᠨ ᠱᠢ ᠳᠤᠮᠳᠠᠳᠤ ᠰᠤᠷᠭᠠᠭᠤᠯᠢ ᠳᠤ ᠶᠠᠪᠤᠭᠳᠠᠵᠤ᠂ ᠰᠣᠨᠢᠷᠬᠠᠯᠲᠤ ᠲᠠᠮᠢᠷ ᠤᠨ ᠬᠥᠳᠡᠯᠭᠡᠭᠡᠨ ᠢ ᠭᠠᠯ ᠢ ᠰᠡᠷᠬᠡᠶᠢᠯᠡᠬᠦ ᠠᠮᠤᠷ ᠲᠦᠪᠰᠢᠨ ᠲᠠᠢ ᠪᠦᠲᠦᠮᠵᠢᠲᠡᠶ ᠪᠠᠷ ᠤᠶᠠᠯᠳᠤᠭᠤᠯᠵᠠᠢ᠃ ᠪᠡᠶ᠎ᠡ ᠶᠢᠨ ᠲᠠᠮᠢᠷ ᠤᠨ ᠬᠦᠳᠡᠯᠬᠡᠬᠡᠨ  ᠳᠤ ᠤᠰᠤᠨ ᠤᠭᠤᠲᠠ ᠲᠠᠮᠵᠢᠭᠤᠯᠬᠤ᠂ ᠭᠠᠯ ᠤᠨᠲᠠᠷᠠᠭᠠᠭᠤᠷ ᠲᠠᠮᠵᠢᠭᠤᠯᠤᠨ ᠭᠠᠯ ᠤᠨᠳᠠᠷᠭᠠᠬᠤ ᠵᠡᠷᠭᠡ ᠤᠯᠠᠨ ᠵᠦᠢᠯ ᠤᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠢ ᠲᠣᠬᠢᠷᠠᠭᠤᠯᠵᠤ᠂ ᠭᠠᠯ ᠢ ᠰᠡᠷᠬᠡᠶᠢᠯᠡᠵᠤ ᠠᠪᠤᠷᠠᠨ ᠲᠤᠰᠠᠯᠠᠬᠤ ᠪᠠ ᠥᠪᠡᠷ ᠢ ᠪᠠᠨ ᠠᠪᠤᠷᠠᠬᠤ ᠵᠡᠷᠭᠡ ᠤᠷ᠎ᠠ ᠮᠡᠷᠭᠡᠵᠢᠯ ᠢ ᠬᠦᠳᠡᠯᠬᠡᠬᠡᠨ  ᠳᠤ ᠠᠭᠤᠰᠤᠯᠴᠠᠭᠤᠯᠵᠤ᠂ ︽ᠳᠤᠷ᠎ᠠ ᠰᠣᠨᠢᠷᠬᠠᠯ᠂ ᠮᠥᠷᠥᠶᠢᠴᠡᠭᠡᠨ᠂ ᠤᠬᠠᠭᠤᠯᠭ᠎ᠠ︾ ᠶᠢ ᠤᠶᠠᠯᠳᠤᠭᠤᠯᠬᠤ ᠬᠡᠯᠪᠡᠷᠢ ᠪᠠᠷ ᠲᠠᠮᠢᠷ ᠤᠨ ᠬᠥᠳᠡᠯᠭᠡᠭᠡᠨ ᠤ ᠳᠤᠮᠳᠠ ᠭᠠᠯ ᠢ ᠰᠡᠷᠬᠡᠶᠢᠯᠡᠬᠦ ᠮᠡᠳᠡᠯᠭᠡ ᠶᠢ ᠤᠬᠠᠭᠤᠯᠤᠨ᠂ ᠤᠯᠠᠨ ᠲᠦᠮᠡᠨ ᠤ ᠭᠠᠯ  ᠢ ᠰᠡᠷᠬᠡᠶᠢᠯᠡᠬᠦ ᠮᠡᠳᠡᠯᠬᠡ ᠶᠢ ᠴᠢᠬᠤᠯᠠᠴᠢᠯᠠᠨ ᠰᠤᠷᠤᠯᠴᠠᠬᠤ ᠶᠢ ᠬᠥᠲᠥᠯᠥᠨ ᠲᠠᠶᠢᠴᠢᠯᠠᠵᠠᠢ᠃
 
ᠢᠷᠡᠯᠲᠡ᠄ ᠲᠤᠰ ᠰᠦᠯᠵᠢᠶ᠎ᠠ