1 — 10 ᠰᠠᠷ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠨᠡᠮᠡᠭᠳᠡᠯ ᠤᠨ ᠬᠤᠷᠳᠤᠴᠠ ᠲᠦᠷᠦᠭᠦᠸ ᠭᠤᠷᠪᠠᠨ ᠤᠯᠠᠷᠢᠯ ᠤᠨ ᠬᠢ ᠠᠴᠠ 2.5 ᠵᠠᠭᠤᠨ ᠤ ᠬᠤᠪᠢ ᠳᠡᠭᠡᠭᠰᠢᠯᠡᠪᠡ
ᠨᠡᠶᠢᠲᠡᠯᠡᠭᠰᠡᠨ ᠴᠠᠭ᠄
2023/11/29
    ᠡᠨᠡ ᠵᠢᠯ ᠠᠴᠠ ᠨᠠᠰᠢ᠂ ᠳ᠋ᠦᠩᠱᠧᠩ ᠲᠣᠭᠤᠷᠢᠭ ᠬᠡᠷᠡᠭᠯᠡᠭᠡᠨ ᠤ ᠳᠠᠯᠳᠠ ᠬᠦᠴᠦᠨ ᠢ ᠪᠦᠲᠦᠮᠵᠢᠲᠡᠢ ᠠᠭᠤᠳᠠᠯᠵᠤ᠂ ᠬᠡᠷᠡᠭᠯᠡᠭᠡᠨ ᠤ ᠣᠷᠣᠨ ᠵᠠᠢ ᠶᠢ ᠦᠷᠭᠡᠳᠬᠡᠨ᠂ ᠬᠡᠷᠡᠭᠯᠡᠭᠴᠢᠳ ᠤᠨ ᠢᠲᠡᠭᠡᠯ ᠢ ᠨᠡᠮᠡᠭᠳᠡᠭᠦᠯᠵᠦ᠂ ︽ᠬᠤᠣᠰ ᠪᠠᠶᠠᠷ︾ ᠤᠨ ᠠᠮᠠᠷᠠᠯᠲᠠ ᠶᠢᠨ ᠬᠤᠭᠤᠴᠠᠭᠠᠨ ᠤ ᠦᠢᠯᠡᠳᠦᠯ ᠳᠤᠤᠷ᠎ᠠ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠠᠵᠢᠯᠯᠠᠭᠠᠨ ᠤ ᠪᠠᠶᠢᠳᠠᠯ ᠢ ᠪᠡᠶᠡᠯᠡᠭᠦᠯᠵᠡᠢ᠃ 1 — 10 ᠰᠠᠷ᠎ᠠ ᠳᠤ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 206.7 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 2.5 ᠵᠠᠭᠤᠨ ᠤ ᠬᠤᠪᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠠᠪᠤᠳᠤᠭᠠᠷ ᠲᠤ ᠣᠷᠣᠵᠤ᠂ ᠲᠦᠷᠦᠭᠦᠸ ᠭᠤᠷᠪᠠᠨ ᠤᠯᠠᠷᠢᠯ ᠤᠨ ᠬᠢ ᠠᠴᠠ ᠨᠢᠭᠡ ᠳᠡᠭᠡᠭᠰᠢᠯᠡᠵᠡᠢ᠃     ︽ᠬᠤᠣᠰ ᠪᠠᠶᠠᠷ︾ ᠤᠨ ᠦᠢᠯᠡᠳᠦᠯ ᠢᠯᠡᠷᠬᠡᠢ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠡᠷᠴᠢᠮᠲᠡᠢ ᠪᠠᠶᠢᠪᠠ᠃ 10 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 12.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.4% ᠪᠠᠷ ᠨᠡᠮᠡᠭᠳᠡᠨ᠂ 1 — 10 ᠰᠠᠷ᠎ᠠ ᠶᠢᠨ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 5.2 ᠵᠠᠭᠤᠨ ᠤ ᠬᠤᠪᠢ ᠨᠡᠮᠡᠭᠳᠡᠪᠡ᠃ 1 — 10 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 104.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 4.6 ᠵᠠᠭᠤᠨ ᠤ ᠬᠤᠪᠢ ᠳᠡᠭᠡᠭᠰᠢᠯᠡᠪᠡ᠃ ᠲᠠᠸᠠᠷ ᠤᠨ ᠵᠢᠵᠢᠭᠯᠡᠨ ᠪᠤᠷᠤᠯᠠᠭᠤᠯᠬᠤ ᠲᠥᠷᠥᠯ ᠠᠴᠠ ᠦᠵᠡᠪᠡᠯ᠂ 19 ᠲᠥᠷᠥᠯ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 89.5% ᠪᠠᠶᠢᠪᠠ᠃ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ 63.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ ᠬᠢᠵᠠᠭᠠᠷᠯᠠᠯ ᠠᠴᠠ ᠳᠡᠭᠡᠭᠰᠢᠬᠢ ᠵᠢᠵᠢᠭᠯᠡᠨ ᠪᠤᠷᠤᠯᠠᠭᠤᠯᠤᠯᠳᠠ ᠳᠤ ᠡᠵᠡᠯᠡᠬᠦ ᠬᠤᠪᠢ ᠶᠢᠨ ᠵᠢᠩ ᠨᠢ 60.9% ᠪᠠᠶᠢᠵᠤ᠂ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 3.2 ᠵᠠᠭᠤᠨ ᠤ ᠬᠤᠪᠢ ᠨᠡᠮᠡᠭᠳᠡᠪᠡ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ 16.2 ᠳ᠋ᠦᠩᠰᠢᠭᠤᠷ ᠲᠥᠭᠦᠷᠢᠭ ᠲᠤ ᠬᠦᠷᠴᠦ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠳᠤ ᠡᠵᠡᠯᠡᠬᠦ ᠬᠤᠪᠢ ᠶᠢᠨ ᠵᠢᠩ ᠨᠢ 25.5% ᠬᠦᠷᠴᠡᠢ᠃ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠪᠣᠷᠣᠯᠠᠭᠤᠯᠤᠯᠲᠠ 4.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 27.2% ᠢᠶᠠᠷ ᠨᠡᠮᠡᠭᠳᠡᠪᠡ᠃     ᠬᠦᠷᠦᠯᠴᠡᠬᠦ ᠬᠡᠯᠪᠡᠷᠢ ᠶᠢᠨ ᠠᠵᠢᠯ ᠲᠥᠷᠥᠯ ᠡᠷᠴᠢᠮᠲᠡᠢ ᠰᠡᠷᠭᠦᠵᠦ᠂ ᠬᠤᠨᠤᠭ ᠤᠨ ᠭᠠᠵᠠᠷ ᠪᠠ ᠢᠳᠡᠭᠡᠨ ᠤᠮᠳᠠᠭᠠᠨ ᠤ ᠦᠢᠯᠡᠰ ᠤᠨ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ 10 ᠰᠠᠷ᠎ᠠ ᠳᠤ᠂ ᠬᠤᠨᠤᠭ ᠤᠨ ᠭᠠᠵᠠᠷ ᠪᠠ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 63.8% ᠪᠠ 105.6% ᠪᠠᠷ ᠨᠡᠮᠡᠭᠳᠡᠪᠡ︔ 1 — 10 ᠰᠠᠷ᠎ᠠ ᠳᠤ᠂ ᠬᠤᠨᠤᠭ ᠤᠨ ᠭᠠᠵᠠᠷ ᠪᠠ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 23.5% ᠪᠠ 40.2% ᠢᠶᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ