2023 ᠣᠨ ᠤ ᠲᠦᠷᠦᠭᠦᠸ ᠭᠤᠷᠪᠠᠨ ᠤᠯᠠᠷᠢᠯ ᠤᠨ ᠳ᠋ᠦᠩᠱᠧᠩ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/11/3
    ᠨᠢᠭᠡ᠂ ᠲᠦᠷᠦᠭᠦᠸ ᠭᠤᠷᠪᠠᠨ ᠤᠯᠠᠷᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ     ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠲᠥᠷᠥᠯ ᠵᠦᠢᠯ 94 ᠪᠠᠶᠢᠵᠤ᠂ ᠪᠥᠬᠦ ᠬᠤᠲᠠ ᠶᠢᠨ ᠲᠥᠷᠥᠯ ᠵᠦᠢᠯ ᠤᠨ 47% ᠶᠢ ᠡᠵᠡᠯᠡᠵᠦ᠂ 60 ᠲᠥᠷᠥᠯ ᠵᠦᠢᠯ ᠨᠢ ᠠᠵᠢᠯ ᠢᠶᠠᠨ ᠰᠡᠷᠬᠦᠭᠡᠭᠰᠡᠨ ᠪᠤᠶᠤ ᠡᠬᠢᠯᠡᠭᠦᠯᠵᠦ᠂ ᠠᠵᠢᠯ ᠡᠬᠢᠯᠡᠬᠦᠯᠵᠤ ᠰᠡᠷᠭᠦᠭᠡᠭᠰᠡᠨ ᠨᠣᠷᠮ᠎ᠠ ᠨᠢ 63.8% ᠳᠤ ᠬᠦᠷᠴᠡᠢ︔ 47.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 69.4% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 38 ᠵᠠᠭᠤᠨ ᠤ ᠬᠤᠪᠢ ᠳᠡᠭᠡᠭᠰᠢᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠣᠭᠠᠨ ᠤ 54.3% ᠶᠢ ᠡᠵᠡᠯᠡᠪᠡ︔ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠪᠦᠬᠦ ᠬᠤᠳᠠ ᠶᠢᠨ ᠨᠢᠭᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠬᠤᠶᠠᠳᠤᠭᠠᠷ ᠲᠤ ᠣᠷᠣᠪᠠ᠃       ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠪᠥᠬᠦ ᠬᠤᠲᠠ ᠶᠢᠨ 31.7% ᠶᠢ ᠡᠵᠡᠯᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 14.9 ᠵᠠᠭᠤᠨ ᠤ ᠬᠤᠪᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 99.9% ᠳᠤ ᠬᠥᠷᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠠᠴᠠ 54.5 ᠵᠠᠭᠤᠨ ᠤ ᠬᠤᠪᠢ ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ 67 ᠵᠠᠭᠤᠨ ᠤ ᠬᠤᠪᠢ ᠥᠨᠳᠥᠷ ᠪᠣᠯᠪᠠ︔ ᠪᠥᠬᠦ ᠤᠯᠤᠰ ᠤᠨ  ᠬᠢ ᠠᠴᠠ 60.3 ᠵᠠᠭᠤᠨ ᠤ ᠬᠤᠪᠢ ᠥᠨᠳᠥᠷ ᠪᠤᠯᠪᠠ᠃     ᠡᠨᠡ ᠵᠢᠯ ᠠᠴᠠ ᠨᠠᠰᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠲᠦᠷᠭᠡᠨ ᠪᠣᠯᠤᠭᠰᠠᠨ ᠤ ᠭᠤᠣᠯ ᠰᠢᠯᠲᠠᠭᠠᠨ ᠪᠣᠯ᠄ ᠨᠢᠭᠡ ᠳᠤ ᠰᠢᠨ᠎ᠡ ᠲᠥᠷᠥᠯ ᠵᠦᠢᠯ ᠦᠢᠯᠡᠳᠦᠯ ᠢᠶᠠᠨ ᠪᠠᠳᠠᠷᠠᠭᠤᠯᠤᠨ᠂ ᠲᠦᠷᠦᠭᠦᠸ ᠭᠤᠷᠪᠠᠨ ᠤᠯᠠᠷᠢᠯ ᠳᠤ ᠬᠥᠮᠥᠷᠭᠡ ᠳᠤ ᠣᠷᠣᠭᠤᠯᠤᠭᠰᠠᠨ 13 ᠲᠥᠷᠥᠯ ᠵᠦᠢᠯ ᠳᠤ ᠨᠡᠶᠢᠲᠡ 15.84 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶᠡᠨ ᠤ 33.3% ᠶᠢ ᠡᠵᠡᠯᠡᠪᠡ᠃ ᠵᠢᠱᠢᠶᠡᠯᠡᠪᠡᠯ᠂ ᠴᠢ ᠰᠢᠩ ᠶᠤᠸᠠᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 24.8 ᠳ᠋ᠦᠩᠰᠢᠭᠤᠷ ᠲᠥᠭᠦᠷᠢᠭ ᠪᠠᠶᠢᠵᠤ᠂ ᠡᠨᠡ ᠵᠢᠯ ᠨᠢᠭᠡ ᠬᠤᠶᠠᠷ ᠭᠤᠷᠪᠠᠳᠤᠭᠠᠷ ᠬᠤᠭᠤᠴᠠᠭ᠎ᠠ ᠶᠢ ᠵᠡᠷᠭᠡᠪᠡᠷ ᠡᠬᠢᠯᠡᠭᠦᠯᠵᠦ᠂ ᠵᠢᠯ ᠤᠨ ᠡᠴᠦᠰ ᠲᠤ ᠨᠢᠭᠡ ᠬᠤᠶᠠᠷ ᠬᠤᠭᠤᠴᠠᠭ᠎ᠠ ᠶᠢᠨ ᠭᠤᠣᠯ ᠴᠣᠭᠴᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠦᠷᠦᠭᠦᠸ ᠭᠤᠷᠪᠠᠨ ᠤᠯᠠᠷᠢᠯ ᠳᠤ ᠨᠡᠶᠢᠲᠡ 7.3 ᠳ᠋ᠦᠩᠰᠢᠭᠤᠷ ᠲᠥᠭᠦᠷᠢᠭ ︵ᠪᠠᠷᠢᠯᠭ᠎ᠠ ᠶᠢᠨ ᠠᠵᠢᠯ 5.1 ᠳ᠋ᠦᠩᠰᠢᠭᠤᠷ ᠲᠥᠭᠦᠷᠢᠭ᠂ ᠭᠠᠵᠠᠷ ᠰᠢᠷᠣᠢ ᠬᠤᠳᠠᠯᠳᠤᠨ ᠠᠪᠬᠤ ᠵᠠᠷᠤᠳᠠᠯ 2.2 ᠳ᠋ᠦᠩᠰᠢᠭᠤᠷ ᠲᠥᠭᠦᠷᠢᠭ︶ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠪᠡᠯᠡ ᠣᠷᠣᠭᠤᠯᠤᠯᠲᠠ ᠶᠢᠨ 15.3% ᠶᠢ ᠡᠵᠡᠯᠡᠪᠡ᠃ ᠬᠤᠶᠠᠷ ᠲᠤ ᠳ᠋ᠦᠩᠰᠢᠭᠤᠷ ᠲᠥᠭᠦᠷᠢᠭ ᠢ ᠳᠠᠪᠠᠭᠰᠠᠨ 15 ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠪᠡᠶᠡᠯᠡᠬᠦᠯᠦᠭᠰᠡᠨ ᠨᠢ ᠨᠡᠯᠢᠶᠡᠳ ᠶᠡᠭᠡ ᠬᠤᠪᠢ ᠨᠡᠮᠡᠷᠢ ᠦᠵᠡᠭᠦᠯᠪᠡ᠂ ᠵᠢᠱᠢᠶᠡᠯᠡᠪᠡᠯ ᠹᠠᠩ ᠵᠧᠩ ᠶᠤᠸᠠᠨ᠂ ᠢ ᠬᠤᠤ ᠹᠦ᠋᠂ ᠸᠧᠢ ᠪᠠᠩ ᠽᠢ ᠢᠦᠢ ᠹᠦ᠋ ᠵᠡᠷᠭᠡ 15 ᠲᠦᠷᠦᠯ ᠵᠦᠢᠯ ᠳᠤ ᠨᠡᠶᠢᠳᠡ 26.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠬᠦ ᠪᠡᠯᠡ ᠣᠷᠣᠭᠤᠯᠤᠯᠲᠠ ᠶᠢᠨ 55.1% ᠢ ᠡᠵᠡᠯᠡᠪᠡ᠃ ᠭᠤᠷᠪᠠ ᠳᠤ ᠸᠧᠢ ᠪᠠᠩ ᠶᠢᠨ ᠢᠦᠢ ᠹᠦ᠋ ᠲᠥᠷᠥᠯ ᠵᠦᠢᠯ ᠤᠨ ᠳᠡᠮᠵᠢᠯᠬᠡ᠂ ᠸᠧᠢ ᠪᠠᠩ ᠶᠢᠨ ᠢᠦᠢ ᠹᠦ᠋ ᠲᠥᠷᠥᠯ ᠵᠦᠢᠯ ᠪᠣᠯ ᠲᠣᠰ ᠰᠠᠷ᠎ᠠ ᠶᠢᠨ ᠬᠥᠮᠥᠷᠭᠡ ᠳᠤ ᠣᠷᠣᠭᠤᠯᠬᠤ ᠲᠥᠷᠥᠯ ᠵᠦᠢᠯ ᠪᠣᠯᠣᠨ᠎ᠠ᠂ ᠲᠣᠰ ᠰᠠᠷ᠎ᠠ ᠳᠤ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ︵ᠭᠠᠵᠠᠷ ᠰᠢᠷᠣᠢ ᠶᠢᠨ ᠰᠦᠢᠳᠬᠡᠯ ᠢ ᠪᠠᠭᠲᠠᠭᠠᠬᠤ ᠦᠭᠡᠢ︶᠂ ᠲᠣᠰ ᠲᠥᠷᠥᠯ ᠵᠦᠢᠯ ᠨᠢ 10 ᠰᠠᠷ᠎ᠠ ᠳᠤ ᠮᠥᠨ ᠮᠠᠰᠢ ᠶᠡᠭᠡ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ ︵ᠵᠢᠱᠢᠯᠲᠡ ᠪᠠᠷ 1 ᠳ᠋ᠦᠩᠰᠢᠭᠤᠷ ᠣᠷᠴᠢᠮ ᠭᠠᠵᠠᠷ ᠰᠢᠷᠣᠢ ᠶᠢᠨ ᠰᠦᠢᠳᠬᠡᠯ ᠢ ᠮᠡᠳᠡᠬᠦᠯᠦᠨ᠎ᠡ︶᠃     ᠬᠤᠶᠠᠷ᠂ ᠲᠦᠷᠦᠭᠦᠦ ᠭᠤᠷᠪᠠᠨ ᠤᠯᠠᠷᠢᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ     ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 60.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 128.4% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 177.4 ᠵᠠᠭᠤᠨ ᠤ ᠬᠤᠪᠢ ᠳᠡᠭᠡᠭᠰᠢᠯᠡᠵᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ  ᠶᠢᠨ ᠬᠤᠶᠠᠳᠤᠭᠠᠷ ᠲᠤ ᠣᠷᠣᠪᠠ᠃ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ ᠲᠠᠯᠠᠪᠠᠶ ᠨᠡᠶᠢᠲᠡ 59.1 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠪᠥᠬᠦ ᠪᠣᠷᠤᠯᠠᠭᠤᠯᠭ᠎ᠠ ᠶᠢᠨ 98.2% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 132.9% ᠪᠠᠷ ᠨᠡᠮᠡᠭᠳᠡᠪᠡ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 113.2% ᠢᠶᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 159 ᠵᠠᠭᠤᠨ ᠤ ᠬᠤᠪᠢ ᠳᠡᠭᠡᠭᠰᠢᠯᠡᠵᠡᠢ᠃     ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠨᠢ ᠪᠥᠬᠦ ᠬᠤᠲᠠ ᠶᠢᠨ 29.5% ᠶᠢ ᠡᠵᠡᠯᠡᠵᠦ᠂ ᠪᠥᠬᠦ ᠬᠤᠲᠠ ᠶᠢᠨ ᠪᠣᠷᠣᠯᠠᠭᠤᠯᠤᠯᠲᠠ ᠶᠢᠨ ᠨᠡᠮᠡᠭᠳᠡᠯ ᠢ 23.8 ᠵᠠᠭᠤᠨ ᠤ ᠬᠤᠪᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 54.7% ᠳᠤ ᠬᠥᠷᠪᠡ᠃ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠠᠴᠠ 84.9 ᠵᠠᠭᠤᠨ ᠤ ᠬᠤᠪᠢ ᠥᠨᠳᠥᠷ ᠪᠤᠯᠪᠠ︔ ᠥᠪᠡᠷᠲᠡᠭᠡᠨ ᠵᠠᠰᠠᠬᠤ ᠣᠷᠣᠨ ᠤ ᠬᠢ ᠠᠴᠠ ᠵᠠᠭᠤᠨ ᠤ ᠬᠤᠪᠢ ᠥᠨᠳᠥᠷ ᠪᠣᠯᠪᠠ︔ ᠪᠥᠬᠦ ᠤᠯᠤᠰ ᠤᠨ ᠬᠢ ᠠᠴᠠ 120.9 ᠵᠠᠭᠤᠨ ᠤ ᠬᠤᠪᠢ ᠥᠨᠳᠥᠷ ᠪᠤᠯᠪᠠ᠃     ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠤᠯᠠᠭᠤᠯᠭ᠎ᠠ ᠶᠢᠨ ᠲᠠᠯᠠᠪᠠᠶ ᠨᠡᠯᠢᠶᠡᠳ ᠲᠦᠷᠭᠡᠨ ᠨᠡᠮᠡᠭᠳᠡᠭᠰᠡᠨ ᠤ ᠭᠤᠣᠯ ᠰᠢᠯᠲᠠᠭᠠᠨ ᠭᠡᠪᠡᠯ᠄ ᠨᠢᠭᠡ ᠳᠤ ᠢ ᠬᠤᠣ ᠹᠦ᠋ ᠪᠣᠷᠤᠯᠠᠭᠤᠯᠭ᠎ᠠ ᠶᠢᠨ ᠳᠠᠶᠢᠴᠢᠯᠠᠯᠲᠠ ᠢᠯᠡᠷᠬᠡᠢ ᠪᠠᠶᠢᠪᠠ᠃ ᠲᠦᠷᠦᠭᠦᠸ ᠭᠤᠷᠪᠠᠨ ᠤᠯᠠᠷᠢᠯ ᠳᠤ᠂ ᠢ ᠬᠤᠣ ᠹᠦ᠋ ᠨᠡᠶᠢᠲᠡ 15.1 ᠲᠦᠮᠡᠨ ᠲᠡᠭᠰᠢ ᠳᠥᠷᠪᠡᠯᠵᠢᠨ ᠮᠧᠲᠷ ᠪᠣᠷᠣᠯᠠᠭᠤᠯᠵᠤ᠂ ᠪᠥᠬᠦ ᠪᠣᠷᠤᠯᠠᠭᠤᠯᠭ᠎ᠠ ᠶᠢᠨ ᠲᠠᠯᠠᠪᠠᠶ ᠶᠢᠨ 25.2% ᠢ ᠡᠵᠡᠯᠡᠪᠡ︔ ᠬᠤᠶᠠᠷ ᠲᠤ᠂ ᠢ ᠬᠤᠸ ᠹᠦ᠋ ᠲᠦᠷᠦᠯ ᠵᠤᠶᠢᠯ ᠡᠷᠬᠢᠨ ᠲᠣᠭᠤᠷᠢᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠣᠷᠤᠯᠠᠭᠤᠯᠭ᠎ᠠ ᠶᠢ ᠳᠠᠶᠢᠴᠢᠯᠠᠪᠠ᠂ ᠵᠢᠱᠢᠶᠡᠯᠡᠪᠡᠯ ᠹᠠᠩ ᠵᠧᠩ ᠶᠤᠸᠠᠨ ᠰᠠᠭᠤᠭᠠᠯᠢ ᠲᠣᠭᠤᠷᠢᠭ᠂ ᠰᠢᠨ ᠲᠦᠩ ᠬᠤᠸᠠ ᠶᠤᠸᠠᠨ  14.7 ᠲᠦᠮᠡᠨ ᠲᠡᠭᠰᠢ ᠳᠥᠷᠪᠡᠯᠵᠢᠨ ᠮᠧᠲᠷ ᠢ ᠪᠣᠷᠣᠯᠠᠭᠤᠯᠵᠤ᠂ ᠪᠥᠬᠦ ᠪᠣᠷᠤᠯᠠᠭᠤᠯᠭ᠎ᠠ ᠶᠢᠨ ᠲᠠᠯᠠᠪᠠᠶ ᠶᠢᠨ 24.4% ᠶᠢ ᠡᠵᠡᠯᠡᠪᠡ︔ ᠭᠤᠷᠪᠠ ᠳᠤ ᠰᠠᠭᠤᠭᠠᠯᠢ ᠠᠷᠠᠳ ᠤᠨ ᠪᠠᠴᠢᠮ ᠬᠡᠷᠡᠭᠴᠡᠭᠡ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠨᠢ ᠭᠡᠷ ᠬᠥᠷᠥᠩᠭᠡ ᠶᠢᠨ ᠪᠣᠷᠤᠯᠠᠭᠤᠯᠭ᠎ᠠ ᠶᠢᠨ ᠨᠡᠮᠡᠭᠳᠡᠯ ᠢ ᠳᠠᠶᠢᠴᠢᠯᠠᠪᠠ᠃ ᠳ᠋ᠦᠩᠱᠧᠩ ᠲᠤᠭᠤᠷᠢᠭ ᠣᠷᠴᠢᠮ ᠤᠨ ᠠᠷᠪᠠᠨ ᠵᠢᠯ ᠳᠤ ᠰᠢᠨ᠎ᠡ ᠪᠠᠷ ᠨᠡᠭᠡᠭᠡᠨ ᠠᠰᠢᠭᠯᠠᠭᠰᠠᠨ ᠠᠰᠠᠷ ᠪᠠᠷᠤᠭ ᠪᠠᠶᠢᠬᠤ ᠦᠭᠡᠢ ᠪᠣᠯᠬᠤᠷ ᠰᠠᠭᠤᠭᠠᠯᠢ ᠠᠷᠠᠳ ᠤᠨ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠬᠤᠷᠠᠮᠳᠤᠵᠤ᠂ ᠨᠢᠳᠤᠨᠤᠨ ᠤ ᠳᠣᠣᠷ᠎ᠠ ᠬᠠᠭᠠᠰ ᠵᠢᠯ ᠠᠴᠠ ᠨᠠᠰᠢ ᠰᠢᠨ᠎ᠡ ᠪᠠᠷ ᠪᠠᠷᠢᠭᠰᠠᠨ ᠠᠰᠠᠷ ᠵᠠᠯᠭᠠᠯᠳᠤᠭᠠᠪᠠᠷ ᠪᠠᠷᠢᠯᠭ᠎ᠠ ᠳᠠᠭᠤᠰᠬᠠᠵᠤ ᠠᠷᠠᠳ ᠤᠨ ᠬᠡᠷᠡᠭᠴᠡᠭᠡ ᠶᠢ ᠬᠠᠩᠭᠠᠪᠠ᠃ ᠵᠢᠱᠢᠶᠡᠯᠡᠪᠡᠯ ᠽᠢ ᠢᠦᠢ ᠹᠦ᠋᠂ ᠽᠢ ᠷᠦᠢ ᠹᠦ᠋᠂ ᠳ᠋ᠦᠩ ᠴᠧᠩ ᠬᠤᠸᠠ ᠹᠦ᠋ ᠵᠡᠷᠭᠡ ᠭᠤᠷᠪᠠᠨ ᠲᠥᠷᠥᠯ ᠵᠦᠢᠯ ᠨᠢ 13.7 ᠲᠦᠮᠡᠨ ᠲᠡᠭᠰᠢ ᠳᠥᠷᠪᠡᠯᠵᠢᠨ ᠮᠧᠲᠷ ᠪᠣᠷᠣᠯᠠᠭᠤᠯᠵᠤ᠂ ᠪᠦᠬᠦ ᠪᠣᠷᠣᠯᠠᠭᠤᠯᠤᠯᠲᠠ ᠶᠢᠨ ᠲᠠᠯᠠᠪᠠᠶ ᠶᠢᠨ 22.8% ᠶᠢ ᠡᠵᠡᠯᠡᠵᠡᠢ᠃     ᠭᠤᠷᠪᠠ᠂ ᠭᠡᠷ ᠪᠠᠶᠢᠰᠢᠩ ᠪᠠᠷᠢᠭᠰᠠᠨ ᠲᠠᠯᠠᠪᠠᠶ᠂ ᠣᠷᠣᠨ ᠰᠠᠭᠤᠴᠠ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠳᠠᠯ     ᠲᠦᠷᠦᠭᠦᠸ ᠭᠤᠷᠪᠠᠨ ᠤᠯᠠᠷᠢᠯ ᠳᠤ᠂ ᠭᠡᠷ ᠪᠠᠶᠢᠰᠢᠩ ᠪᠠᠷᠢᠭᠰᠠᠨ ᠲᠠᠯᠠᠪᠠᠶ ᠨᠢ 1036.9 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠡᠭᠦᠨ ᠳᠤ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠲᠠᠯᠠᠪᠠᠶ ᠨᠢ 120 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠲᠠᠯᠠᠪᠠᠶ  ᠨᠢ ᠠᠳᠠᠯᠢ ᠬᠤᠭᠤᠴᠠᠭᠠᠨ ᠤ ᠬᠢ ᠠᠴᠠ 49.5% ᠪᠠᠷ ᠨᠡᠮᠡᠭᠳᠡᠵᠡᠢ᠃ ᠰᠢᠨ᠎ᠡ ᠪᠠᠷ ᠠᠵᠢᠯ ᠡᠬᠢᠯᠡᠭᠦᠯᠦᠭᠰᠡᠨ ᠣᠷᠣᠨ ᠰᠠᠭᠤᠴᠠ ᠶᠢᠨ ᠲᠠᠯᠠᠪᠠᠶ ᠨᠢ 100.4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠪᠠᠷ ᠠᠵᠢᠯ ᠡᠬᠢᠯᠡᠭᠦᠯᠦᠭᠰᠡᠨ ᠪᠥᠬᠦ ᠲᠠᠯᠠᠪᠠᠶ ᠶᠢᠨ 83.7% ᠶᠢ ᠡᠵᠡᠯᠡᠵᠦ᠂ ᠠᠳᠠᠯᠢ ᠬᠤᠭᠤᠴᠠᠭᠠᠨ ᠤ  ᠬᠢ ᠠᠴᠠ 61.1% ᠪᠠᠷ ᠨᠡᠮᠡᠭᠳᠡᠪᠡ᠃     ᠲᠠᠸᠠᠷ ᠤᠨ ᠭᠡᠷ ᠪᠠᠶᠢᠰᠢᠩ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ ᠲᠤᠭ᠎ᠠ 4472 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 159.5%  ᠪᠠᠷ ᠨᠡᠮᠡᠭᠳᠡᠪᠡ᠂ ᠡᠭᠦᠨ ᠳᠤ ᠪᠠᠷᠢᠯᠭ᠎ᠠ ᠳᠠᠭᠤᠰᠤᠭ᠎ᠠ ᠦᠭᠡᠢ ᠭᠡᠷ ᠪᠠᠶᠢᠰᠢᠩ ᠤᠨ ᠪᠣᠷᠤᠯᠠᠭᠤᠯᠭ᠎ᠠ 4231 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 223.7% ᠪᠠᠷ ᠨᠡᠮᠡᠭᠳᠡᠨ᠂ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ 94.6% ᠶᠢ ᠡᠵᠡᠯᠡᠪᠡ︔ ᠲᠠᠸᠠᠷ ᠤᠨ ᠭᠡᠷ ᠪᠠᠶᠢᠰᠢᠩ ᠤᠨ ᠣᠷᠣᠨ ᠰᠠᠭᠤᠴᠠ ᠶᠢᠨ ᠳᠤᠮᠳᠠᠴᠢ ᠦᠨ᠎ᠡ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 6631 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠪᠠ᠃     ᠳᠥᠷᠪᠡ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠪᠠᠶᠢᠳᠠᠯ     ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠠᠵᠤ ᠠᠬᠤᠶᠢᠯᠠᠯ ᠤᠨ ᠨᠠᠶᠢᠳᠠᠪᠤᠷᠢᠵᠢᠭᠰᠠᠨ ᠪᠡᠯᠡ ᠮᠥᠩᠭᠦ 92.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 81.9% ᠪᠠᠷ ᠨᠡᠮᠡᠭᠳᠡᠪᠡ᠃ ᠡᠭᠦᠨ ᠳᠤ᠂ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ 39.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 94.5%  ᠪᠠᠷ ᠨᠡᠮᠡᠭᠳᠡᠪᠡ︔ ᠪᠣᠯᠵᠣᠭᠠᠨ ᠤ ᠮᠥᠩᠭᠦ ᠵᠢᠴᠢ ᠤᠷᠢᠳᠴᠢᠯᠠᠨ ᠬᠤᠷᠢᠶᠠᠭᠰᠠᠨ ᠵᠣᠭᠤᠰ 40.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 67.3% ᠪᠠᠷ ᠨᠡᠮᠡᠭᠳᠡᠪᠡ︔ ᠬᠤᠪᠢ ᠬᠥᠮᠥᠨ ᠤ ᠪᠠᠷᠢᠴᠠᠭᠠᠲᠤ ᠵᠢᠭᠡᠯᠡᠯᠭᠡ 8.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 62.6% ᠪᠠᠷ ᠨᠡᠮᠡᠭᠳᠡᠪᠡ︔ ᠪᠤᠰᠤᠳ ᠪᠡᠯᠡ ᠮᠥᠩᠭᠦ 2.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 168% ᠪᠠᠷ ᠨᠡᠮᠡᠭᠳᠡᠪᠡ᠃     ᠲᠦᠷᠦᠭᠦᠸ ᠭᠤᠷᠪᠠᠨ ᠤᠯᠠᠷᠢᠯ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠪᠡᠯᠡ ᠣᠷᠣᠭᠤᠯᠤᠯᠲᠠ ᠨᠢ ᠡᠨᠡ ᠵᠢᠯ ᠥᠭᠡᠳᠡᠯᠡᠨ ᠰᠠᠶᠢᠵᠢᠷᠠᠬᠤ᠂ ᠲᠣᠭᠲᠠᠭᠤᠨ ᠪᠠᠶᠢᠬᠤ ᠶᠢᠨ ᠵᠡᠷᠭᠡ ᠳᠤ ᠲᠦᠷᠭᠡᠨ ᠪᠥᠭᠡᠳ ᠰᠢᠯᠢᠳᠡᠭ ᠢᠶᠠᠷ ᠤᠷᠤᠭᠰᠢᠯᠠᠬᠤ ᠪᠠᠶᠢᠳᠠᠯ ᠢᠶᠠᠨ ᠦᠷᠭᠦᠯᠵᠢᠯᠡᠭᠦᠯᠵᠦ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ