︽ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠤᠭᠰᠠᠨ︾ 75 ᠠᠵᠤ ᠠᠬᠤᠶᠢᠯᠠᠯ
ᠨᠡᠶᠢᠲᠡᠯᠡᠭᠰᠡᠨ ᠴᠠᠭ᠄
2023/11/8
    2023 ᠣᠨ ᠤ 1 — 9 ᠰᠠᠷ᠎ᠠ ᠳᠤ᠂ ᠳ᠋ᠦᠩᠱᠧᠩ ᠲᠣᠭᠤᠷᠢᠭ ︽ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠤᠭᠰᠠᠨ︾  ᠠᠵᠤ ᠠᠬᠤᠶᠢᠯᠠᠯ 75 ᠪᠣᠯᠪᠠ᠃ ᠬᠥᠮᠥᠷᠭᠡ ᠳᠤ ᠣᠷᠣᠭᠤᠯᠤᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 67 ᠪᠠᠶᠢᠵᠤ᠂ ᠡᠭᠦᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 13 ᠪᠣᠶ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠳ᠋ᠦᠩᠱᠧᠩ ᠲᠣᠭᠤᠷᠢᠭ ᠤᠨ ︽ᠳᠥᠷᠪᠡ ᠠᠴᠠ ᠳᠡᠭᠡᠭᠰᠢᠬᠢ ᠠᠵᠤ ᠠᠬᠤᠶᠢᠯᠠᠯ︾ ᠨᠡᠶᠢᠳᠡ 582 ᠪᠣᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠦᠯ ᠵᠤᠶᠢᠯ 255 ᠪᠠᠶᠢᠵᠤ᠂ ᠡᠭᠦᠨ ᠤ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠤᠶᠢᠯ 94 ᠪᠤᠢ᠃     ᠠᠵᠢᠯ ᠲᠥᠷᠥᠯ ᠢᠶᠠᠷ ᠬᠤᠪᠢᠶᠠᠪᠠᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ︽ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠤᠭᠰᠠᠨ︾ ᠠᠵᠤ ᠠᠬᠤᠶᠢᠯᠠᠯ 6 ᠪᠠᠶᠢᠵᠤ᠂ ᠣᠲᠣ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 84 ᠪᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ︽ ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠤᠭᠰᠠᠨ︾ ᠠᠵᠤ ᠠᠬᠤᠶᠢᠯᠠᠯ 11 ᠪᠠᠶᠢᠵᠤ᠂ ᠣᠲᠣ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 80 ᠪᠠᠶᠢᠨ᠎ᠠ︔ ᠬᠢᠵᠠᠭᠠᠷᠯᠠᠯ ᠠᠴᠠ ᠳᠡᠭᠡᠭᠰᠢᠬᠢ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ᠂ ᠬᠤᠨᠤᠭ ᠤᠨ ᠭᠠᠵᠠᠷ ᠬᠤᠭᠤᠯᠠᠨ ᠤ ᠦᠢᠯᠡᠰ ᠤᠨ ︽ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠤᠭᠰᠠᠨ︾ ᠠᠵᠤ ᠠᠬᠤᠶᠢᠯᠠᠯ 43 ᠪᠠᠶᠢᠵᠤ᠂ ᠣᠲᠣ ᠬᠢᠵᠠᠭᠠᠷᠯᠠᠯ ᠠᠴᠠ ᠳᠡᠭᠡᠭᠰᠢᠬᠢ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ᠂ ᠬᠤᠨᠤᠭ ᠤᠨ ᠭᠠᠵᠠᠷ ᠬᠤᠭᠤᠯᠠᠨ ᠤ ᠠᠵᠤ ᠠᠬᠤᠶᠢᠯᠠᠯ 219 ᠪᠠᠶᠢᠨ᠎ᠠ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠦᠢᠯᠡᠰ ᠤᠨ ︽ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠤᠭᠰᠠᠨ︾ ᠠᠵᠤ ᠠᠬᠤᠶᠢᠯᠠᠯ 11 ᠪᠠᠶᠢᠵᠤ᠂ ᠣᠲᠣ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠠᠵᠤ ᠠᠬᠤᠶᠢᠯᠠᠯ 104 ᠪᠠᠶᠢᠨ᠎ᠠ︔ ᠬᠢᠷᠢ ᠬᠡᠮ ᠠᠴᠠ ᠳᠡᠭᠡᠭᠰᠢᠬᠢ ᠪᠠᠷᠢᠯᠭ᠎ᠠ ᠶᠢᠨ ᠠᠵᠤ ᠠᠬᠤᠶᠢᠯᠠᠯ 95 ᠪᠣᠶ᠃     ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ︽ᠬᠠᠨᠳᠤᠯᠭ᠎ᠠ ᠲᠠᠢ ᠪᠠᠷ ᠮᠥᠷᠳᠡᠬᠦ︾ ᠦᠢᠯᠡᠴᠢᠯᠡᠭᠡ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠭᠦᠨᠵᠡᠭᠡᠢ ᠰᠤᠷᠪᠤᠯᠵᠢᠯᠠᠨ᠂ ᠠᠵᠤ ᠠᠬᠤᠶᠢᠯᠠᠯ ᠤᠨ ︽ᠬᠡᠪᠴᠢᠶ᠎ᠡ ᠶᠢ ᠳᠡᠭᠡᠭᠰᠢᠯᠡᠬᠦᠯᠦᠨ ᠪᠦᠷᠢᠳᠬᠡᠯ ᠳᠤ ᠤᠷᠤᠭᠤᠯᠬᠤ︾ ᠪᠠ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠬᠥᠮᠥᠷᠭᠡ ᠳᠤ ᠣᠷᠣᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ