ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠣᠬᠠᠭᠤᠯᠭ᠎ᠠ ᠶᠢᠨ ᠠᠵᠢᠯᠯᠠᠭ᠎ᠠ ᠵᠢᠴᠢ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ ᠪᠠᠨ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/9
       ᠵᠢᠱᠢᠶᠡᠴᠢ ᠦᠪᠡᠷᠲᠡᠭᠡᠨ ᠵᠠᠰᠠᠬᠤ ᠣᠷᠣᠨ ᠢ ᠪᠦᠬᠦ ᠲᠡᠯ᠎ᠡ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠦᠢᠯᠡᠴᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠣ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢᠵᠢᠭᠦᠯᠬᠦ ᠲᠦᠷᠦ ᠶᠢᠨ ᠪᠤᠳᠤᠯᠭ᠎ᠠ ᠳᠦᠷᠢᠮ ᠲᠣᠭᠳᠠᠭᠠᠯ ᠢ ᠦᠷᠭᠡᠨ ᠣᠯᠠᠨ ᠲᠦᠮᠡᠨ ᠳᠤ ᠣᠬᠠᠭᠤᠯᠣᠨ ᠣᠶᠢᠯᠠᠭᠠᠭᠤᠯᠬᠤ ᠶᠢᠨ ᠲᠦᠯᠦᠭᠡ᠂ 11 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ ᠶᠢᠨ ᠬᠢᠨ᠂ ᠳ᠋ᠦᠩᠱᠧᠩ ᠲᠣᠭᠤᠷᠢᠭ ᠤᠨ ᠬᠡᠰᠡᠭ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪ ᠲᠤ ᠭᠦᠨᠵᠡᠭᠡᠶᠢᠷᠡᠨ ᠣᠬᠠᠭᠤᠯᠭ᠎ᠠ ᠳᠡᠯᠭᠡᠷᠡᠭᠦᠯᠭᠡ ᠶᠢᠨ ᠠᠵᠢᠯᠯᠠᠭ᠎ᠠ ᠦᠷᠨᠢᠭᠦᠯᠪᠡ᠃
微信图片_20231109173333.jpg
       ᠲᠣᠰ ᠣᠳᠠᠭᠠᠨ ᠤ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠠᠵᠢᠯᠳᠠᠨ ᠪᠠ ᠦᠷᠭᠡᠨ ᠣᠯᠠᠨ ᠲᠦᠮᠡᠨ ᠳᠤ ︽ᠰᠢ ᠶᠢᠨ ᠫᠢᠩ ᠶᠡᠷᠦᠩᠬᠡᠢ ᠱᠦᠵᠢ ᠶᠢᠨ ᠦᠨᠳᠤᠰᠤᠳᠡᠨ ᠤ ᠠᠵᠢᠯ ᠤᠨ ᠳᠤᠬᠠᠢ ᠴᠢᠬᠤᠯᠠ ᠦᠬᠦᠯᠡᠮᠵᠢ ᠶᠢᠨ ᠰᠤᠩᠭᠤᠮᠠᠯ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠱᠢᠶᠡᠴᠢ ᠦᠪᠡᠷᠳᠡᠬᠡᠨ ᠵᠠᠰᠠᠬᠤ ᠤᠷᠤᠨ  ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠶᠢ ᠠᠬᠢᠭᠤᠯᠬᠤ ᠲᠦᠷᠢᠮ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠲᠦᠷᠢᠮ︾ ︽ᠰᠢᠨ᠎ᠡ ᠴᠠᠭ ᠦᠶ᠎ᠡ  ᠶᠢᠨ ᠦᠨᠳᠤᠰᠤᠳᠡᠨ ᠤ ᠠᠵᠢᠯ ᠤᠨ ᠮᠡᠳᠡᠪᠡᠰᠤ ᠵᠤᠬᠢᠬᠤ ᠵᠦᠢᠯᠡᠰ ᠤᠨ ᠭᠠᠷ ᠠᠪᠤᠯᠭ᠎ᠠ︾  ᠵᠡᠷᠬᠡ ᠣᠬᠠᠭᠤᠯᠭ᠎ᠠ ᠶᠢᠨ ᠮᠠᠲ᠋ᠧᠷᠢᠶᠠᠯ ᠢ ᠳᠠᠷᠬᠠᠭᠠᠬᠤ ᠶᠢᠨ ᠬᠠᠮᠳᠤ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ  ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ  ᠶᠢᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠡᠳ᠋ ᠪᠤᠳᠠᠰ ᠢ ᠳᠠᠷᠬᠠᠭᠠᠵᠤ᠂ ᠦᠨᠳᠤᠰᠤᠳᠡᠨ ᠤ ᠲᠦᠷᠦ ᠶᠢᠨ ᠪᠤᠳᠤᠯᠭ᠎ᠠ ᠪᠠ ᠵᠠᠰᠠᠭ ᠤᠨ ᠤᠷᠳᠤᠨ ᠤ ᠰᠦᠯᠵᠢᠶᠡᠨ ᠤ ᠳᠤᠬᠠᠢ ᠤᠯᠠᠨ ᠲᠦᠮᠡᠨ ᠤ ᠦᠢᠯᠠᠭᠠᠯᠳᠠ ᠶᠢ ᠬᠦᠨᠵᠡᠬᠡᠶᠢᠷᠡᠬᠦᠯᠪᠡ᠃
微信图片_20231109173740.jpg
        ᠳᠤᠰ ᠤᠳᠠᠭᠠᠨ ᠤ ᠤᠬᠠᠭᠤᠯᠤᠨ ᠳᠡᠯᠬᠡᠷᠡᠬᠦᠯᠬᠦ ᠠᠵᠢᠯᠯᠠᠭ᠎ᠠ ᠪᠠᠷ ᠳᠠᠮᠵᠢᠭᠤᠯᠤᠨ ᠦᠨᠳᠤᠰᠤᠨ ᠱᠠᠳᠤᠨ ᠤ ᠺᠠᠳ᠋ᠷ ᠤᠯᠠᠨ ᠲᠦᠮᠡᠨ ᠳᠤ ᠦᠨᠳᠤᠰᠤᠳᠡᠨ ᠤ ᠪᠦᠯᠬᠦᠮᠳᠡᠯ ᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠶᠢ ᠦᠢᠯᠠᠭᠠᠭᠤᠯᠤᠨ᠂ ᠳᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠦᠵᠡᠯ ᠤᠬᠠᠮᠰᠠᠷ ᠢ ᠪᠠᠬᠢᠵᠢᠬᠦᠯᠬᠦ ᠶᠢ ᠠᠬᠢᠭᠤᠯᠤᠭᠰᠠᠨ ᠪᠦᠬᠡᠳ ᠤᠯᠠᠨ ᠲᠦᠮᠡᠨ ᠤ ᠵᠠᠰᠠᠭ ᠶᠢᠨ ᠶᠠᠪᠤᠳᠠᠯ ᠤᠨ ᠮᠡᠳᠡᠭᠡ ᠵᠠᠩᠬᠢᠵᠢᠯᠳᠡ ᠶᠢᠨ ᠪᠠᠶᠢᠭᠤᠯᠤᠯᠳᠠ ᠶᠢᠨ ᠳᠤᠬᠠᠢ ᠬᠠᠯᠠᠭᠤᠨ ᠱᠠᠭᠠᠷᠳᠠᠯᠭ᠎ᠠ ᠪᠠ ᠬᠦᠰᠡᠯ  ᠡᠷᠡᠮᠡᠯᠵᠡᠯ ᠰᠠᠨᠠᠯ ᠳᠤᠷᠠᠳᠤᠯᠭ᠎ᠠ ᠶᠢ ᠬᠦᠨᠵᠡᠬᠡᠢ ᠦᠢᠯᠠᠭᠠᠵᠤ᠂ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ ᠬᠦᠭᠵᠢᠯᠳᠡ ᠶᠢᠨ ᠴᠢᠭᠯᠡᠯ ᠪᠠ ᠠᠵᠢᠯ  ᠤᠨ ᠭᠤᠤᠯᠳᠠᠯᠭ᠎ᠠ ᠪᠠᠨ ᠤᠯᠠᠮ ᠳᠤᠳᠤᠷᠬᠠᠢ ᠪᠤᠯᠭᠠᠵᠠᠢ᠃
微信图片_20231109173353.jpg
        ᠳᠠᠷᠠᠭᠠᠴᠢ ᠶᠢᠨ ᠠᠵᠢᠯ ᠳᠤ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ  ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ ᠨᠡᠩ ᠨᠠᠷᠢᠨ ᠤᠨᠤᠪᠴᠢᠳᠠᠢ᠂ ᠨᠡᠩ ᠲᠦᠬᠦᠮ ᠲᠦᠳᠡ᠂ ᠨᠡᠩ ᠦᠨᠳᠤᠷ ᠪᠦᠳᠦᠮᠵᠢᠳᠡᠢ ᠦᠢᠯᠡᠴᠢᠯᠡᠭᠡ ᠪᠠᠷ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠦᠴᠦᠯᠡᠬᠦ ᠪᠤᠯᠤᠨ᠎ᠠ᠃
微信图片_20231109173359.jpg
微信图片_20231109173407.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ