ᠪᠤᠷᠵᠠᠩ ᠨᠠᠭᠤᠷ ᠪᠠᠯᠭᠠᠰᠤᠨ ᠤ ᠴᠢᠨᠡᠬᠡᠯᠢᠭᠵᠢᠯ ᠤᠨ ᠰᠢᠨ᠎ᠠ ᠬᠠᠷᠭᠤᠢ
ᠨᠡᠶᠢᠲᠡᠯᠡᠭᠰᠡᠨ ᠴᠠᠭ᠄
2023/12/1
     ︽ᠮᠠᠨ ᠤ ᠲᠤᠰᠬᠤᠨ ᠬᠠᠮᠳᠤ ᠶᠢᠨ ᠠᠵᠥ ᠠᠬᠤᠢ ᠶᠢᠨ ᠠᠰᠢᠭ ᠤᠷᠤᠯᠭ᠎ᠠ ᠪᠠᠨ ᠨᠡᠮᠡᠭᠳᠡᠬᠦᠯᠬᠦ ᠶᠢᠨ ᠲᠥᠯᠥᠬᠡ᠂ ᠤᠤᠯ ᠤᠨ ᠪᠠᠶᠢᠭᠤᠯᠤᠭᠰᠠᠨ 30 ᠢᠳᠡᠰᠢᠨ ᠨᠤᠭᠤᠭᠠᠨ ᠤ ᠲᠤᠯᠠᠭᠠᠨ ᠬᠥᠯᠡᠮᠵᠢ ᠶᠢᠨ ᠰᠠᠭᠤᠷᠢᠨ ᠲᠡᠭᠡᠷ᠎ᠡ ᠤᠶᠢᠷ᠎ᠡ ᠳᠤ ᠪᠠᠰᠠ 5 ᠲᠤᠯᠠᠭᠠᠨ ᠬᠥᠯᠡᠮᠵᠢ ᠨᠡᠮᠡᠵᠥ ᠪᠠᠶᠢᠭᠤᠯᠤᠯ᠎ᠠ᠃ ᠰᠢᠨ᠎ᠠ ᠪᠠᠷ ᠪᠠᠶᠢᠭᠤᠯᠤᠭᠰᠠᠨ ᠲᠤᠯᠠᠭᠠᠨ ᠬᠥᠯᠡᠮᠵᠢ ᠳᠤ ᠭᠤᠤᠯᠳᠠᠭᠤ ᠠᠮᠳᠠᠳᠤ ᠬᠡᠮᠬᠡ᠂ ᠲᠥᠪᠡᠳ ᠬᠠᠰᠢ᠂ ᠥᠷᠬᠡᠰᠥᠳᠤ ᠬᠡᠮᠬᠡ ᠵᠡᠷᠬᠡ ᠭᠤᠸᠠ ᠢᠳᠡᠰᠢᠨ ᠨᠤᠭᠤᠭ᠎ᠠ ᠲᠠᠷᠢᠵᠥ ᠪᠤᠢ᠃ ᠡᠨᠡ ᠰᠠᠷ᠎ᠠ ᠰᠢᠨ᠎ᠠ ᠪᠠᠷ ᠪᠠᠶᠢᠭᠤᠯᠤᠭᠰᠠᠨ ᠲᠤᠯᠠᠭᠠᠨ ᠬᠥᠯᠡᠮᠵᠢ ᠶᠢᠨ ᠢᠳᠡᠰᠢᠨ ᠨᠤᠭᠤᠭ᠎ᠠ ᠶᠢ ᠴᠤ ᠵᠠᠬ᠎ᠠ ᠲᠡᠯᠬᠡᠬᠦᠷ ᠲᠤ ᠭᠠᠷᠭᠠᠵᠥ ᠡᠬᠢᠯᠡᠯ᠎ᠠ᠂ ᠵᠢᠯ ᠤᠨ ᠤᠷᠤᠯᠭ᠎ᠠ ᠨᠢ ᠪᠠᠷᠤᠭ 70 ᠲᠥᠮᠡᠨ ᠲᠥᠬᠦᠷᠢᠭ ᠲᠤ ᠬᠥᠷᠤᠨ᠎ᠠ︾ ᠬᠡᠵᠥ  ᠳ᠋ᠦᠡᠭᠱᠸᠡᠭ ᠲᠤᠭᠤᠷᠢᠭ ᠤᠨ ᠪᠤᠷᠵᠠᠩ ᠨᠠᠭᠤᠷ ᠪᠠᠯᠭᠠᠰᠤ ᠶᠢᠨ ᠴᠠᠶᠢᠳᠠᠮ ᠲᠤᠰᠬᠤᠨ ᠤ ᠨᠠᠮ ᠤᠨ ᠡᠬᠦᠷ ᠤᠨ ᠱᠥᠵᠢ᠂ ᠲᠤᠰᠬᠤᠨ ᠤ ᠵᠥᠪᠯᠡᠯ ᠤᠨ ᠡᠷᠬᠢᠯᠡᠭᠴᠢ ᠶᠠᠩ ᠡᠯ ᠹᠸᠢ ᠪᠠᠶᠠᠷᠳᠠᠶᠢᠬᠠᠨ ᠶᠠᠷᠢᠨ᠎ᠠ᠃     ᠤᠤᠯ ᠨᠢ ᠳ᠋ᠦᠡᠭᠱᠸᠡᠭ ᠲᠤᠭᠤᠷᠢᠭ ᠤᠨ ᠪᠤᠷᠵᠠᠩ ᠨᠠᠭᠤᠷ ᠪᠠᠯᠭᠠᠰᠤ ᠶᠢᠨ ᠴᠠᠶᠢᠳᠠᠮ ᠲᠤᠰᠬᠤᠨ ᠢᠳᠡᠰᠢᠨ ᠨᠤᠭᠤᠭᠠᠨ ᠤ ᠲᠤᠯᠠᠭᠠᠨ ᠬᠥᠯᠡᠮᠵᠢ ᠪᠠᠶᠢᠭᠤᠯᠤᠨ ᠡᠯᠪᠡᠭ ᠬᠤᠷᠢᠶᠠᠯᠳᠡ ᠤᠯᠵᠥ᠂ ᠬᠠᠮᠳᠤ ᠶᠢᠨ ᠠᠵᠥ ᠠᠬᠤᠢ ᠶᠢᠨ ᠠᠰᠢᠭ ᠤᠷᠤᠯᠭ᠎ᠠ ᠪᠠᠨ ᠨᠡᠮᠡᠭᠳᠡᠬᠦᠯᠥᠭᠰᠡᠨ ᠲᠤᠷᠰᠢᠯᠭ᠎ᠠ ᠳᠠᠭᠠᠨ ᠰᠠᠭᠤᠷᠢᠯᠠᠵᠥ᠂ ᠡᠨᠡ ᠵᠢᠯ ᠥᠷᠬᠦᠯᠵᠢᠯᠡᠨ ᠢᠳᠡᠰᠢᠨ ᠨᠤᠭᠤᠭᠠᠨ ᠤ ᠲᠠᠷᠢᠮᠠᠯ ᠤᠨ ᠲᠠᠯᠠᠪᠠᠢ ᠪᠠᠨ ᠥᠷᠬᠡᠳᠬᠡᠭᠰᠡᠨ ᠪᠠᠶᠢᠪᠠ᠃ ᠰᠢᠨ᠎ᠠ ᠪᠠᠷ ᠪᠠᠶᠢᠭᠤᠯᠤᠭᠰᠠᠨ ᠥᠨᠳᠤᠷ ᠪᠠᠷᠢᠮᠵᠢᠶᠠᠳᠤ ᠡᠨᠧᠷᠬᠢ ᠠᠷᠪᠢᠯᠠᠬᠤ ᠨᠠᠷᠨᠨ ᠤ ᠬᠡᠷᠡᠯ ᠤᠨ 5 ᠲᠤᠯᠠᠭᠠᠨ ᠬᠥᠯᠡᠮᠵᠢ ᠨᠢ 8 ᠰᠠᠷ᠎ᠠ ᠳᠤ ᠪᠠᠷᠢᠯᠭ᠎ᠠ ᠲᠠᠭᠤᠰᠤᠨ ᠠᠰᠢᠭᠯᠠᠯᠳᠡ ᠳᠤ ᠤᠷᠤᠵᠥ᠂ ᠤᠳᠤ ᠲᠤᠯᠠᠭᠠᠨ ᠬᠥᠯᠡᠮᠵᠢ ᠳᠤ ᠠᠮᠳᠠᠳᠤ ᠬᠡᠮᠬᠡ᠂ ᠲᠥᠪᠡᠳ ᠬᠠᠰᠢ ᠵᠡᠷᠬᠡ ᠭᠤᠸᠠ ᠵᠢᠮᠢᠰ ᠢᠳᠡᠰᠢᠨ ᠨᠤᠭᠤᠭ᠎ᠠ ᠪᠠᠭᠰᠢᠷᠠᠨ ᠤᠷᠭᠤᠵᠥ᠂ ᠡᠯᠪᠡᠭ ᠬᠤᠷᠢᠶᠠᠯᠳᠡ ᠶᠢᠨ ᠤᠯᠠᠷᠢᠯ ᠢ ᠪᠡᠯᠬᠡᠳᠡᠨ᠎ᠠ᠃     ᠤᠶᠢᠯᠠᠭᠠᠭᠰᠠᠨ ᠢᠶᠠᠷ᠂ ᠲᠤᠰ ᠲᠤᠰᠬᠤᠨ ᠤ ᠰᠢᠨ᠎ᠠ ᠪᠠᠷ ᠪᠠᠶᠢᠭᠤᠯᠤᠭᠰᠠᠨ ᠥᠨᠳᠤᠷ ᠪᠠᠷᠢᠮᠵᠢᠶᠠᠳᠤ ᠡᠨᠧᠷᠬᠢ ᠠᠷᠪᠢᠯᠠᠬᠤ ᠨᠠᠷᠨᠨ ᠤ ᠬᠡᠷᠡᠯ ᠤᠨ ᠲᠤᠯᠠᠭᠠᠨ ᠬᠥᠯᠡᠮᠵᠢ ᠨᠢ ︽ᠰᠢᠪᠠᠷ ᠬᠡᠷᠡᠮ ﹢ ᠪᠤᠯᠤᠳ ᠬᠢᠴᠠᠳᠠᠢ︾ ᠪᠥᠳᠥᠴᠡ ᠪᠠᠷ ᠪᠥᠷᠢᠯᠳᠥᠭᠰᠡᠨ ᠬᠠᠮᠤᠭ ᠰᠢᠨ᠎ᠠ ᠲᠤᠯᠠᠭᠠᠨ ᠬᠥᠯᠡᠮᠵᠢ ᠬᠢᠬᠦ ᠮᠡᠷᠬᠡᠵᠢᠯ ᠢ ᠠᠰᠢᠭᠯᠠᠵᠥ᠂ ᠰᠠᠯᠬᠢ ᠨᠡᠪᠳᠡᠷᠡᠬᠦᠯᠬᠦ ᠪᠥᠷᠬᠦᠪᠴᠢ ᠶᠢ ᠨᠡᠬᠡᠬᠡᠬᠦ ᠮᠠᠰᠢᠨ ᠢ ᠰᠢᠨ᠎ᠠ ᠪᠠᠷ ᠨᠡᠮᠡᠭᠰᠡᠨ ᠢᠶᠠᠷ ᠴᠠᠭ ᠬᠥᠳᠡᠯᠮᠤᠷᠢ ᠬᠥᠴᠥ ᠳᠤ ᠠᠷᠪᠢᠳᠠᠢ ᠮᠥᠷᠳᠡᠬᠡᠨ ᠰᠦᠯᠢᠶᠤᠤ ᠪᠥᠷᠬᠦᠪᠴᠢ ᠶᠢ ᠡᠪᠳᠡᠬᠦ ᠥᠬᠡᠢ ᠪᠠᠶᠢᠵᠥ᠂ ᠲᠤᠯᠠᠭᠠᠨ ᠬᠥᠯᠡᠮᠵᠢ ᠶᠢᠨ ᠰᠠᠯᠬᠢ ᠨᠡᠪᠳᠡᠷᠡᠬᠦᠯᠥᠭᠴᠢ ᠶᠢᠨ ᠬᠠᠭᠠᠰ ᠠᠦ᠋ᠲ᠋ᠤᠴᠢᠯᠠᠬᠤ ᠶᠢ ᠪᠡᠶᠡᠯᠡᠬᠦᠯᠪᠠ᠃ ᠡᠬᠦᠨ ᠠᠴᠠ ᠭᠠᠳᠠᠨ᠎ᠠ ᠲᠤᠯᠠᠭᠠᠨ ᠢ ᠬᠠᠳᠠᠭᠠᠯᠠᠬᠤ ᠪᠥᠷᠬᠦᠪᠴᠢ ᠳᠤ ᠪᠥᠬᠦᠨ ᠢ ︽ᠰᠠᠨᠰᠠᠷ ᠤᠨ ᠬᠥᠪᠤᠡᠭ︾ ᠲᠤᠬᠢᠷᠠᠭᠤᠯᠵᠥ᠂ ᠵᠤᠨ ᠳᠠᠭᠠᠨ ᠪᠤᠷᠤᠭᠠᠨ ᠤ ᠤᠰᠤ ᠲᠤᠩᠬᠤ ᠥᠬᠡᠢ᠂ ᠡᠪᠤᠯ ᠳᠡᠭᠡᠨ ᠲᠤᠯᠠᠭᠠᠨ ᠢ ᠬᠠᠳᠠᠭᠠᠯᠠᠬᠤ ᠳᠠᠭᠠᠨ ᠰᠠᠶᠢᠨ ᠪᠠᠶᠢᠵᠥ᠂ ᠢᠳᠡᠰᠢᠨ ᠨᠤᠭᠤᠭᠠᠨ ᠤ ᠤᠷᠭᠤᠯᠳᠡ ᠳᠤ ᠱᠠᠭᠠᠷᠳᠠᠭᠳᠠᠬᠤ ᠲᠤᠯᠠᠭᠠᠴᠠ ᠶᠢ ᠨᠡᠩ ᠰᠠᠶᠢᠨ ᠢᠶᠠᠷ ᠪᠠᠳᠤᠯᠠᠵᠥ ᠴᠢᠳᠠᠵᠠᠢ᠃     ᠶᠠᠩ ᠡᠯ ᠹᠸᠢ᠄ ︽ᠥᠡᠭᠭᠡᠷᠡᠭᠰᠡᠨ ᠳᠤ ᠮᠠᠨ ᠤ ᠲᠤᠯᠠᠭᠠᠨ ᠬᠥᠯᠡᠮᠵᠢ ᠳᠤ ᠲᠠᠷᠢᠭᠰᠠᠨ ᠢᠳᠡᠰᠢᠨ ᠨᠤᠭᠤᠭ᠎ᠠ ᠵᠠᠷᠢᠮ ᠳᠠᠭᠠᠨ ᠵᠠᠬ᠎ᠠ ᠲᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠥ ᠲᠡᠶᠢᠯᠬᠦ ᠥᠬᠡᠢ ᠪᠠᠶᠢᠳᠠᠯ ᠭᠠᠷᠳᠠᠭ᠃ ᠤᠳᠤ ᠡᠳᠡᠬᠡᠷ ᠥᠨᠳᠤᠷ ᠪᠠᠷᠢᠮᠵᠢᠶᠠᠳᠤ ᠡᠨᠧᠷᠬᠢ ᠠᠷᠪᠢᠯᠠᠬᠤ ᠨᠠᠷᠨᠨ ᠤ ᠬᠡᠷᠡᠯ ᠤᠨ ᠲᠤᠯᠠᠭᠠᠨ ᠬᠥᠯᠡᠮᠵᠢ ᠶᠢ ᠨᠡᠮᠡᠵᠥ ᠪᠠᠶᠢᠭᠤᠯᠤᠭᠰᠠᠨ ᠠᠴᠠ ᠪᠢᠳᠠ ᠵᠢᠯ ᠤᠨ ᠲᠥᠷᠪᠡᠨ ᠤᠯᠠᠷᠢᠯ ᠢᠶᠠᠷ ᠥᠪᠡᠷ ᠤᠨ ᠪᠥᠳᠥᠬᠡᠭᠳᠡᠬᠦᠨ ᠢᠶᠠᠨ ᠪᠤᠷᠤᠯᠠᠭᠤᠯᠵᠥ᠂ ᠵᠠᠬ᠎ᠠ ᠲᠡᠯᠬᠡᠬᠦᠷ ᠤᠨ ᠬᠠᠨᠭ᠍ᠭᠠᠯᠭ᠎ᠠ ᠶᠢ ᠪᠠᠳᠤᠯᠠᠵᠤ ᠳᠡᠶᠢᠯᠬᠦ ᠪᠤᠯᠵᠠᠢ᠃ ᠪᠢᠳᠠ ᠬᠠᠮᠳᠤ ᠶᠢᠨ ᠠᠵᠥ ᠠᠬᠤᠢ ᠶᠢᠨ ᠤᠷᠤᠯᠭ᠎ᠠ ᠪᠠᠨ ᠨᠡᠮᠡᠭᠳᠡᠬᠦᠯᠬᠦ ᠶᠢᠨ ᠬᠠᠮᠳᠤ ᠬᠤᠳᠠ ᠶᠢᠨ ᠠᠷᠠᠳ ᠲᠤ ᠰᠢᠨ᠎ᠠ ᠰᠤᠷᠭᠤᠭ ᠢᠳᠡᠰᠢᠨ ᠨᠤᠭᠤᠭ᠎ᠠ ᠶᠢ ᠬᠠᠨᠭ᠍ᠭᠠᠵᠥ ᠲᠡᠶᠢᠯᠤᠨ᠎ᠠ︾ ᠬᠡᠵᠥ ᠢᠳᠡᠬᠡᠯ ᠲᠥᠬᠦᠷᠡᠩ ᠶᠠᠷᠢᠨ᠎ᠠ᠃     ᠴᠠᠶᠢᠳᠠᠮ ᠲᠤᠰᠬᠤᠨ ᠪᠠᠰᠠ ᠲᠤᠰᠬᠤᠨ ᠤ ᠠᠷᠠᠳ ᠤᠨ ᠬᠡᠷ ᠤᠨ ᠡᠬᠦᠳᠡᠨ ᠳᠡᠭᠡᠨ ᠠᠵᠢᠯ ᠤᠯᠵᠥ᠂ ᠤᠷᠤᠯᠭ᠎ᠠ ᠪᠠᠨ ᠨᠡᠮᠡᠭᠳᠡᠬᠦᠯᠬᠦ ᠶᠢ ᠲᠠᠶᠢᠴᠢᠯᠠᠵᠠᠢ᠃ ᠤᠶᠢᠷᠠᠳᠬᠠᠨ᠂ ᠰᠢᠨ᠎ᠠ ᠪᠠᠷ ᠲᠤᠯᠠᠭᠠᠨ ᠬᠥᠯᠡᠮᠵᠢ ᠨᠡᠮᠡᠵᠥ ᠪᠠᠶᠢᠭᠤᠯᠤᠭᠰᠠᠨ ᠠᠴᠠ ᠢᠳᠡᠰᠢᠨ ᠨᠤᠭᠤᠭᠠᠨ ᠤ ᠰᠤᠶᠤᠭ᠎ᠠ ᠪᠤᠶᠢᠵᠢᠭᠤᠯᠬᠤ᠂ ᠠᠷᠠᠴᠢᠯᠠᠬᠤ ᠵᠡᠷᠬᠡ ᠠᠵᠢᠯ ᠤᠨ ᠪᠠᠶᠢᠷᠢ ᠭᠠᠷᠴᠥ᠂ ᠲᠤᠰᠬᠤᠨ ᠤ ᠠᠷᠠᠳ ᠶᠠᠩ ᠶᠥᠡᠭ ᠲᠢᠩ ᠪᠥᠰᠡᠬᠦᠢ ᠲᠠᠢ ᠪᠠᠨ ᠬᠤᠶᠠᠭᠤᠯᠠ ᠲᠤᠯᠠᠭᠠᠨ ᠬᠥᠯᠡᠮᠵᠢ ᠳᠤ ᠬᠥᠯᠥᠰᠤᠨ ᠠᠵᠢᠯ ᠬᠢᠵᠥ ᠤᠷᠤᠯᠭ᠎ᠠ ᠪᠠᠨ ᠨᠡᠮᠡᠭᠳᠡᠬᠦᠯᠥᠭᠰᠡᠨ ᠪᠠᠶᠢᠨ᠎ᠠ᠃ ᠶᠠᠩ ᠶᠥᠡᠭ ᠲᠢᠩ᠄ ︽ᠥᠡᠭᠭᠡᠷᠡᠭᠰᠡᠨ ᠳᠤ ᠲᠠᠷᠢᠶ᠎ᠠ ᠲᠠᠷᠢᠭᠠᠳ ᠲᠡᠮᠡᠢ ᠤᠷᠤᠯᠭ᠎ᠠ ᠤᠯᠵᠥ ᠲᠡᠶᠢᠯᠳᠡᠭ ᠦᠬᠡᠢ᠃ ᠤᠳᠤ ᠬᠡᠷ ᠤᠨ ᠢᠶᠠᠨ 30 ᠮᠤ᠋ ᠲᠠᠷᠢᠶᠠᠨ ᠭᠠᠵᠠᠷ ᠢ ᠲᠤᠰᠬᠤᠨ ᠳᠤ ᠰᠢᠯᠵᠢᠬᠦᠯᠤᠨ ᠲᠠᠭᠠᠭᠠᠴᠢᠯᠠᠭᠤᠯᠤᠭᠰᠠᠨ ᠠᠴᠠ ᠵᠢᠯ ᠪᠦᠷᠢ ᠭᠠᠵᠡᠷ ᠰᠢᠷᠤᠢ ᠰᠢᠯᠵᠢᠬᠦᠯᠤᠨ ᠦᠭᠭᠦᠭᠰᠡᠨ ᠲᠥᠷᠢᠶᠠᠰᠤᠨ ᠮᠥᠡᠭᠬᠦ ᠶᠢ ᠤᠯᠬᠤ ᠠᠴᠠ ᠭᠠᠳᠠᠨ᠎ᠠ ᠪᠠᠰᠠ ᠲᠤᠯᠠᠭᠠᠨ ᠬᠥᠯᠡᠮᠵᠢ ᠳᠤ ᠬᠥᠯᠥᠰᠥᠨ ᠠᠵᠢᠯ ᠬᠢᠵᠥ᠂ ᠰᠠᠷ᠎ᠠ ᠪᠤᠯᠭᠠᠨ 5000 ᠲᠥᠬᠦᠷᠢᠭ ᠤᠨ ᠤᠷᠤᠯᠭ᠎ᠠ ᠶᠢᠨ ᠨᠡᠮᠡᠭᠳᠡᠯ ᠲᠠᠢ ᠪᠤᠯᠤᠯ᠎ᠠ︾ ᠬᠡᠵᠥ ᠪᠠᠶᠠᠷᠯᠠᠨ ᠬᠡᠯᠡᠵᠤ ᠪᠠᠶᠢᠯ᠎ᠠ᠃     ᠤᠶᠢᠯᠠᠭᠠᠭᠰᠠᠨ ᠢᠶᠠᠷ᠂ ᠤᠳᠤᠬᠠᠨ ᠳᠤ ᠳ᠋ᠦᠡᠭᠱᠸᠡᠭ ᠲᠤᠭᠤᠷᠢᠭ ᠤᠨ ᠪᠤᠷᠵᠠᠩ ᠨᠠᠭᠤᠷ ᠲᠤᠰᠬᠤᠨ ᠤ ᠬᠠᠮᠳᠤ ᠶᠢᠨ ᠠᠵᠥ ᠠᠬᠤᠢ ᠨᠢ 56 ᠥᠨᠳᠤᠷ ᠪᠠᠷᠢᠮᠵᠢᠶᠠᠳᠤ ᠡᠨᠧᠷᠬᠢ ᠠᠷᠪᠢᠯᠠᠬᠤ ᠨᠠᠷᠨᠨ ᠤ ᠬᠡᠷᠡᠯ ᠤᠨ ᠲᠤᠯᠠᠭᠠᠨ ᠬᠥᠯᠡᠮᠵᠢ ᠲᠠᠢ ᠪᠠᠶᠢᠵᠥ᠂ ᠲᠤᠯᠠᠭᠠᠨ ᠬᠥᠯᠡᠮᠵᠢ ᠳᠠᠬᠢ ᠢᠳᠡᠰᠢᠨ ᠨᠤᠭᠤᠭ᠎ᠠ ᠶᠢ ᠲᠤᠬᠠᠢ ᠶᠢᠨ ᠭᠠᠵᠠᠷ ᠲᠤ ᠪᠤᠷᠤᠯᠠᠭᠤᠯᠬᠤ ᠠᠴᠠ ᠭᠠᠳᠠᠨ᠎ᠠ᠂ ᠳ᠋ᠦᠡᠭᠱᠸᠡᠭ ᠲᠤᠭᠤᠷᠢᠭ ᠲᠤ ᠪᠤᠷᠵᠠᠩ ᠨᠠᠭᠤᠷ ᠤᠨ ᠵᠢᠮᠢᠰ ᠢᠳᠡᠰᠢᠨ ᠨᠤᠭᠤᠭᠠᠨ ᠤ ᠰᠢᠭᠤᠳ ᠪᠤᠷᠤᠯᠠᠭᠤᠯᠬᠤ ᠲᠡᠯᠬᠡᠬᠦᠷ ᠢ 3 ᠨᠡᠬᠡᠬᠡᠵᠥ᠂ ᠡᠳᠤᠷ ᠪᠤᠯᠭᠠᠨ ᠰᠢᠨ᠎ᠠ ᠰᠤᠷᠭᠤᠭ ᠢᠳᠡᠰᠢᠨ ᠨᠤᠭᠤᠭ᠎ᠠ ᠶᠢ ᠰᠢᠭᠤᠳ ᠲᠡᠬᠦᠵᠥ ᠪᠤᠭᠤᠳᠠᠯᠯᠠᠨ᠂ ᠲᠡᠯᠬᠡᠬᠦᠷ ᠲᠤ ᠬᠥᠷᠬᠡᠳᠡᠭ ᠠᠴᠠ ᠬᠤᠳᠠ ᠶᠢᠨ ᠠᠷᠠᠳ ᠤᠨ ᠲᠠᠭᠠᠰᠢᠶᠠᠯ ᠢ ᠤᠯᠵᠠᠢ᠃ ᠥᠨᠳᠤᠷ ᠪᠠᠷᠢᠮᠵᠢᠶᠠᠳᠤ ᠡᠨᠧᠷᠬᠢ ᠠᠷᠪᠢᠯᠠᠬᠤ ᠨᠠᠷᠨᠨ ᠤ ᠬᠡᠷᠡᠯ ᠤᠨ ᠲᠤᠯᠠᠭᠠᠨ ᠬᠥᠯᠡᠮᠵᠢ ᠨᠢ ᠰᠤᠶᠤᠭ᠎ᠠ ᠪᠤᠶᠢᠵᠢᠭᠤᠯᠬᠤ ᠬᠥᠢᠳᠡᠨ ᠬᠥᠮᠥᠷᠬᠡ᠂ ᠡᠳ᠋ᠰᠢᠭᠦᠯᠦᠨ ᠪᠣᠭᠤᠳᠠᠯᠯᠠᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠵᠢᠯ ᠳᠤ 30 ᠲᠦᠮᠡᠨ ᠵᠢᠩ ᠠᠴᠠ ᠳᠡᠭᠡᠭᠰᠢ ᠢᠳᠡᠰᠢᠨ ᠨᠣᠭᠤᠭ᠎ᠠ᠂ ᠭᠤᠸᠠ ᠵᠢᠮᠢᠰ ᠤᠨ ᠭᠠᠷᠤᠯᠳᠡ ᠲᠠᠢ ᠪᠠᠶᠢᠵᠥ᠂ ᠵᠢᠯ ᠤᠨ ᠤᠷᠤᠯᠭ᠎ᠠ ᠨᠢ ᠪᠠᠷᠤᠭ 780 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 30 ᠲᠦᠮᠡᠨ ᠲᠥᠭᠦᠷᠢᠭ ᠨᠡᠮᠡᠭᠳᠡᠭᠦᠯᠤᠨ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠥᠭᠰᠡᠨ ᠪᠠᠶᠢᠨ᠎ᠠ᠃     ᠪᠤᠷᠵᠠᠩ ᠨᠠᠭᠤᠷ ᠪᠠᠯᠭᠠᠰᠤ ᠡᠶᠢᠨ ᠬᠦ ᠲᠥᠬᠦᠬᠡᠷᠤᠮᠵᠢᠳᠤ ᠲᠠᠷᠢᠶᠠᠯᠠᠩ ᠤᠨ ᠲᠥᠷᠥᠯ ᠵᠦᠢᠯ ᠢ ᠥᠷᠬᠦᠯᠵᠢᠯᠡᠨ ᠪᠤᠵᠠᠭᠠᠶᠢᠷᠠᠭᠤᠯᠬᠤ ᠪᠠᠷ ᠲᠠᠮᠵᠢᠭᠤᠯᠤᠨ᠂ ᠲᠠᠷᠢᠶᠠᠯᠠᠩ ᠤᠨ ᠤᠶᠢᠯᠡᠰ ᠤᠨ ᠴᠢᠨᠠᠷᠵᠢᠯ ᠢ ᠳᠡᠭᠡᠭᠰᠢᠯᠡᠬᠦᠯᠦᠨ ᠥᠷ᠎ᠡ ᠠᠰᠢᠭ ᠢ ᠨᠡᠮᠡᠭᠳᠡᠭᠦᠯᠵᠤ᠂ ᠲᠠᠷᠢᠶᠠᠴᠢᠳ ᠢ ᠴᠢᠨᠡᠬᠡᠯᠢᠭᠵᠢᠯ ᠤᠨ ᠵᠠᠮ ᠤᠷᠤᠭᠤ ᠬᠦᠳᠦᠯᠵᠤ ᠪᠠᠶᠢᠨ᠎ᠠ᠃
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ