ᠠᠮᠢᠰᠬᠤᠯ ᠤᠨ ᠵᠠᠮ ᠤᠨ ᠡᠪᠡᠳᠴᠢᠨ ᠢ ᠰᠡᠷᠬᠡᠶᠢᠯᠡᠨ ᠵᠠᠰᠠᠬᠤ ᠳᠤ ᠢᠳᠡᠬᠡᠨ ᠤᠮᠳᠠᠭᠠᠨ ᠤ ᠰᠢᠮ᠎ᠡ ᠳᠡᠵᠢᠬᠡᠯ ᠢ ᠠᠩᠬᠠᠷᠤᠭᠠᠷᠠᠢ
ᠨᠡᠶᠢᠲᠡᠯᠡᠭᠰᠡᠨ ᠴᠠᠭ᠄
2023/12/1
      ᠡᠪᠤᠯ ᠤᠨ ᠤᠯᠠᠷᠢᠯ ᠪᠤᠯᠪᠠᠯ ᠬᠡᠤᠬᠡᠳ ᠪᠠᠭᠠᠴᠤᠳ ᠠᠮᠢᠰᠬᠤᠯ ᠤᠨ ᠵᠠᠮ ᠤᠨ ᠡᠪᠡᠳᠴᠢᠨ ᠳᠤ ᠨᠡᠷᠪᠡᠭᠳᠡᠬᠦ ᠨᠢ ᠤᠯᠠᠨ ᠪᠠᠶᠢᠳᠠᠭ᠃ ᠢᠳᠡᠬᠡᠨ ᠤᠮᠳᠠᠭᠠᠨ ᠤ ᠰᠢᠮ᠎ᠡ ᠳᠡᠵᠢᠬᠡᠯ ᠢᠶᠠᠨ ᠵᠤᠬᠢᠰᠳᠠᠢ ᠳᠤᠬᠢᠷᠠᠭᠤᠯᠬᠤ ᠨᠢ ᠬᠦᠮᠦᠨ ᠤ ᠪᠡᠶ᠎ᠡ  ᠶᠢᠨ ᠡᠷᠡᠬᠦᠯ ᠮᠡᠨᠳᠤ ᠶᠢ ᠪᠠᠳᠤᠯᠠᠬᠤ ᠶᠢᠨ ᠵᠠᠩᠬᠢᠯᠠᠭ᠎ᠠ ᠪᠤᠯᠤᠨ᠎ᠠ᠂ ᠳᠡᠬᠡᠪᠡᠯ ᠶᠠᠮᠠᠷ ᠶᠠᠮᠠᠷ ᠰᠢᠮ᠎ᠡ ᠳᠡᠵᠢᠬᠡᠯᠳᠤ ᠢᠳᠡᠬᠡᠨ ᠤᠮᠳᠠᠭᠠᠨ ᠤ ᠬᠡᠤᠬᠡᠳ ᠤᠨ ᠠᠮᠢᠰᠬᠤᠯ ᠤᠨ ᠵᠠᠮ ᠤᠨ ᠡᠪᠡᠳᠴᠢᠨ ᠢ ᠰᠡᠷᠬᠡᠶᠢᠯᠡᠨ ᠵᠠᠰᠠᠬᠤ ᠳᠤ ᠳᠤᠰᠠᠳᠠᠢ ᠪᠠᠶᠢᠳᠠᠭ ᠪᠤᠯ︖       ᠨᠢᠬᠡ᠂ ᠤᠭᠤᠷᠠᠭ ᠡᠯᠪᠡᠭ ᠠᠭᠤᠯᠤᠭᠰᠠᠨ ᠢᠳᠡᠬᠡᠨ ᠢ ᠢᠳᠡᠨ᠎ᠡ       ᠬᠦᠮᠦᠨ ᠤ ᠪᠡᠶ᠎ᠡ ᠳᠤ ᠬᠦᠢᠴᠡᠳ ᠬᠡᠮᠵᠢᠶᠡᠨ ᠤ ᠤᠭᠤᠷᠠᠭ ᠪᠠᠶᠢᠮᠠᠨᠵᠢᠨ ᠡᠬᠡᠯᠢᠯᠡᠭᠡ ᠶᠢᠨ ᠡᠰ ᠢ ᠰᠡᠷᠬᠦᠬᠡᠨ ᠲᠦᠷᠬᠡᠨ ᠦᠷᠡᠵᠢᠬᠦᠯᠵᠤ᠂ ᠪᠠᠺᠲ᠋ᠧᠷᠢ ᠪᠠ ᠸᠢᠷᠦ᠋ᠰ ᠤᠨ ᠬᠠᠯᠳᠠᠯᠭ᠎ᠠ ᠶᠢ ᠡᠰᠡᠷᠬᠦᠴᠡᠵᠤ ᠳᠡᠶᠢᠯᠳᠡᠭ᠃ ᠡᠶᠢᠮᠤ ᠠᠴᠠ ᠬᠠᠷ᠎ᠠ ᠮᠢᠬ᠎ᠠ᠂ ᠵᠢᠭᠠᠰᠤ᠂ ᠳᠠᠬᠢᠶᠠᠨ ᠦᠨᠳᠡᠭᠡ᠂ ᠰᠢᠷ᠎ᠠ ᠪᠤᠷᠴᠠᠭ ᠵᠡᠷᠬᠡ ᠴᠢᠨᠠᠷ ᠰᠠᠶᠢᠳᠠᠢ ᠤᠭᠤᠷᠠᠭ ᠡᠯᠪᠡᠭ ᠠᠭᠤᠯᠤᠭᠰᠠᠨ ᠢᠳᠡᠬᠡᠨ ᠢ ᠢᠳᠡᠪᠡᠯ᠂ ᠬᠦᠮᠦᠨ ᠤ ᠪᠡᠶ᠎ᠡ ᠶᠢᠨ ᠡᠪᠡᠳᠴᠢᠨ ᠢ ᠡᠰᠡᠷᠬᠦᠴᠡᠬᠦ ᠴᠢᠳᠠᠪᠤᠷᠢ ᠶᠢ ᠰᠠᠶᠢᠵᠢᠷᠠᠭᠤᠯᠵᠤ᠂ ᠪᠡᠶ᠎ᠡ ᠮᠠᠬᠠᠪᠤᠳ ᠤᠨ ᠡᠷᠡᠬᠦᠯᠵᠢᠬᠦ ᠳᠤ ᠴᠤ ᠳᠤᠰᠠᠳᠠᠢ ᠪᠠᠶᠢᠳᠠᠭ᠃       ᠬᠤᠶᠠᠷ᠂ ᠸᠢᠲ᠋ᠠᠮᠢᠨ ᠨᠦᠬᠦᠪᠤᠷᠢᠯᠡᠨ᠎ᠡ       ᠸᠢᠲ᠋ᠠᠮᠢᠨ ᠪᠤᠯ ᠪᠡᠶ᠎ᠡ ᠮᠠᠬᠠᠪᠤᠳ ᠤᠨ ᠰᠢᠨ᠎ᠡ ᠬᠠᠭᠤᠴᠢᠨ ᠤ ᠰᠤᠯᠢᠯᠴᠠᠭ᠎ᠠ ᠶᠢ ᠳᠤᠬᠢᠷᠠᠭᠤᠯᠬᠤ ᠳᠤ ᠱᠠᠭᠠᠷᠳᠠᠭᠳᠠᠬᠤ ᠴᠢᠬᠤᠯᠠ ᠡᠯᠧᠮᠧᠨ᠋ᠲ ᠪᠤᠯᠤᠨ᠎ᠠ᠃ ᠡᠶᠢᠮᠤ ᠠᠴᠠ ᠡᠪᠡᠳᠴᠢᠯᠡᠭᠰᠡᠨ ᠦᠶ᠎ᠡ ᠳᠤ ᠪᠠᠨ ᠵᠦᠷᠵᠢ᠂ ᠠᠯᠮᠤᠷᠠᠳ᠂ ᠬᠤᠯᠤᠤᠪᠠᠩ ᠵᠡᠷᠬᠡ ᠰᠢᠨ᠎ᠡ ᠰᠤᠷᠭᠤᠭ ᠨᠤᠭᠤᠭ᠎ᠠ ᠵᠢᠮᠢᠰ ᠢ ᠢᠯᠡᠬᠦᠬᠡᠨ ᠢᠳᠡᠪᠡᠯ ᠵᠤᠬᠢᠨ᠎ᠠ᠃       ᠭᠤᠷᠪᠠ᠂ ᠰᠢᠩᠬᠡᠬᠡᠬᠦ ᠳᠤ ᠬᠢᠯᠪᠡᠷ ᠢᠳᠡᠬᠡᠨ ᠤᠮᠳᠠᠭᠠᠨ ᠢᠶᠠᠷ ᠭᠤᠤᠯᠳᠠᠵᠤ᠂ ᠤᠰᠤ ᠢᠯᠡᠬᠦᠬᠡᠨ ᠤᠤᠭᠤᠨ᠎ᠠ       ᠡᠪᠡᠳᠴᠢᠯᠡᠭᠰᠡᠨ ᠦᠶ᠎ᠡ ᠳᠤ ᠬᠡᠤᠬᠡᠳ ᠤᠨ ᠰᠢᠩᠬᠡᠬᠡᠯᠳᠡ ᠶᠢᠨ ᠴᠢᠳᠠᠪᠤᠷᠢ ᠨᠢ ᠴᠤ ᠳᠠᠭᠠᠯᠳᠤᠨ ᠮᠠᠭᠤᠳᠠᠳᠠᠭ᠂ ᠡᠶᠢᠮᠤ ᠠᠴᠠ ᠢᠳᠡᠬᠡᠨ ᠤᠮᠳᠠᠭᠠᠨ ᠤ ᠳᠠᠯ᠎ᠠ ᠳᠤ ᠰᠢᠩᠬᠡᠨ ᠪᠤᠳᠠᠭ᠎ᠠ ᠵᠡᠷᠬᠡ ᠰᠢᠩᠬᠡᠬᠡᠬᠦ ᠳᠤ ᠬᠢᠯᠪᠡᠷ ᠢᠳᠡᠬᠡᠨ ᠢᠳᠡᠵᠤ᠂ ᠮᠢᠬ᠎ᠠ ᠳᠤᠰᠤ ᠶᠡᠬᠡᠳᠡᠢ ᠢᠳᠡᠬᠡᠨ ᠢ ᠴᠡᠬᠡᠷᠯᠡᠨ᠎ᠡ᠃ ᠬᠡᠤᠬᠡᠳ ᠪᠠᠭᠠᠴᠤᠳ ᠠᠮᠢᠰᠬᠤᠯ ᠤᠨ ᠵᠠᠮ  ᠤᠨ ᠡᠪᠡᠳᠴᠢᠨ ᠳᠤ ᠬᠠᠯᠳᠠᠪᠤᠷᠢᠯᠠᠭᠳᠠᠪᠠᠯ ᠤᠯᠠᠩᠬᠢ ᠨᠢ ᠬᠠᠯᠠᠭᠤᠷᠠᠬᠤ᠂ ᠤᠰᠤ ᠳᠤᠳᠠᠬᠤ ᠵᠡᠷᠬᠡ ᠢᠯᠡᠷᠡᠯ ᠭᠠᠷᠴᠤ᠂ ᠴᠠᠷ ᠨᠢ ᠠᠮᠠᠷᠬᠠᠨ ᠭᠠᠷᠬᠤ ᠦᠬᠡᠢ ᠪᠠᠶᠢᠳᠠᠭ᠃ ᠡᠨᠡ ᠦᠶ᠎ᠡ ᠳᠤ ᠤᠰᠤ ᠢᠯᠡᠬᠦᠬᠡᠨ ᠤᠤᠭᠤᠪᠠᠯ ᠴᠠᠷ ᠢᠶᠠᠨ ᠭᠠᠳᠠᠭᠰᠢᠯᠠᠭᠤᠯᠬᠤ ᠳᠤ ᠳᠤᠰᠠᠳᠠᠢ ᠪᠦᠬᠡᠳ ᠪᠡᠶ᠎ᠡ ᠮᠠᠬᠠᠪᠤᠳ ᠤᠨ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠳᠠᠭ᠃       ᠲᠦᠷᠪᠡ᠂ ᠰᠡᠳᠤᠯᠳᠠ ᠶᠡᠬᠡᠳᠡᠢ᠂ ᠬᠦᠢᠴᠳᠡᠨ ᠰᠡᠷᠢᠬᠦᠨ ᠢᠳᠡᠬᠡᠨ ᠢ ᠴᠡᠬᠡᠷᠯᠡᠨ᠎ᠡ       ᠯᠠᠵᠤᠤ᠂ ᠲᠦᠬᠦᠬᠡᠢ ᠭᠠ᠂ ᠰᠠᠷᠢᠮᠰᠠᠭ ᠵᠡᠷᠬᠡ ᠢᠳᠡᠬᠡᠨ ᠢ ᠴᠡᠬᠡᠷᠯᠡᠵᠤ᠂ ᠠᠮᠢᠰᠬᠤᠯ ᠤᠨ ᠵᠠᠮ ᠤᠨ ᠰᠠᠯᠢᠰᠤᠳᠤ ᠪᠦᠷᠬᠦᠪᠴᠢ ᠶᠢᠨ ᠬᠡᠮᠳᠤᠯ ᠢ ᠬᠦᠨᠳᠤᠷᠡᠬᠦᠯᠬᠦ ᠠᠴᠠ ᠵᠠᠶᠢᠯᠠᠰᠬᠢᠨ᠎ᠠ᠃ ᠰᠢᠬᠢᠷ ᠤᠨ ᠠᠭᠤᠯᠤᠭᠳᠠᠴᠠ ᠦᠨᠳᠤᠷ ᠢᠳᠡᠬᠡᠨ ᠢ ᠴᠡᠬᠡᠷᠯᠡᠵᠤ᠂ ᠬᠦᠢᠳᠡᠨ ᠤᠮᠳᠠᠭᠠᠨ ᠵᠡᠷᠬᠡ ᠬᠦᠢᠳᠡᠨ ᠰᠡᠷᠢᠬᠦᠨ ᠢᠳᠡᠬᠡᠨ ᠢᠳᠡᠬᠦ ᠶᠢ ᠴᠡᠬᠡᠷᠯᠡᠵᠤ᠂ ᠬᠤᠳᠤᠭᠤᠳᠤ ᠬᠡᠳᠡᠰᠤ ᠶᠢ ᠬᠡᠮᠳᠤᠬᠡᠵᠤ᠂ ᠡᠪᠡᠳᠴᠢᠨ ᠤ ᠪᠠᠶᠢᠳᠠᠯ ᠢ ᠬᠦᠨᠳᠤᠷᠡᠬᠦᠯᠬᠦ ᠠᠴᠠ ᠵᠠᠶᠢᠯᠠᠰᠬᠢᠨ᠎ᠡ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ ᠤᠨ ᠵᠢᠷᠬᠢᠶ᠎ᠡ ᠶᠢᠨ ᠳᠠᠪᠴᠠᠩ