【ᠳ᠋ᠦᠩᠱᠧᠩ ᠲᠣᠭᠤᠷᠢᠭ ᠤᠨ ᠣᠨᠴᠠᠯᠢᠭᠲᠤ ᠰᠣᠶᠣᠯ ᠵᠤᠭᠠᠴᠠᠯ ᠤᠨ ᠵᠡᠭᠡᠯᠢ ᠲᠣᠭᠤᠷᠢᠭ】 ᠢ ᠴᠧᠩ · ᠵᠡᠭᠦᠨ ᠵᠡᠭᠡᠯᠢ
ᠨᠡᠶᠢᠲᠡᠯᠡᠭᠰᠡᠨ ᠴᠠᠭ᠄
2023/12/12
     ᠵᠡᠭᠦᠨ ᠵᠡᠭᠡᠯᠢ ᠪᠣᠯ ︽ᠳ᠋ᠦᠩᠱᠧᠩ ᠢᠶᠠᠨ ᠬᠠᠶᠢᠷᠠᠯᠠᠬᠤ︾ ᠪᠠᠷ ᠭᠤᠣᠯ ᠰᠡᠳᠦᠪ ᠪᠣᠯᠭᠠᠭᠰᠠᠨ᠂ ᠣᠷᠳᠣᠰ ᠤᠨ ᠣᠷᠣᠨ ᠨᠤᠲᠤᠭ ᠤᠨ ᠰᠣᠶᠣᠯ ᠤᠨ ᠡᠯᠧᠮᠧᠨ᠋ᠲ ᠢᠶᠠᠷ ᠠᠴᠢᠶᠠᠯᠠᠪᠤᠷᠢ ᠪᠣᠯᠭᠠᠭᠰᠠᠨ᠂ ᠰᠣᠶᠣᠯ ᠤᠬᠠᠭᠤᠯᠭ᠎ᠠ᠂ ᠰᠣᠶᠣᠯ ᠤᠨ ᠡᠭᠦᠳᠦᠯᠲᠡ ᠶᠢᠨ ᠪᠡᠶᠡᠴᠢ ᠣᠶᠢᠯᠠᠭᠠᠯᠲᠠ᠂ ᠰᠤᠳᠤᠯᠤᠨ ᠰᠤᠷᠤᠯᠴᠠᠬᠤ ᠵᠢᠭᠠᠨ ᠰᠤᠷᠭᠠᠯᠳᠠ᠂ ᠵᠢᠭᠤᠯᠴᠢᠯᠠᠯ ᠤᠨ ᠤᠷᠠᠯᠢᠭ ᠲᠣᠭᠯᠠᠯᠲᠠ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠰᠣᠶᠣᠯ ᠤᠨ ᠤᠷᠤᠰᠬᠠᠯᠳᠤ ᠴᠠᠭ ᠦᠶ᠎ᠠ ᠶᠢᠨ ᠬᠡᠪ ᠨᠠᠮᠪᠠ  ᠲᠠᠢ ᠶᠠᠪᠠᠭᠠᠨ ᠵᠡᠭᠡᠯᠢ ᠲᠣᠭᠤᠷᠢᠭ ᠪᠣᠯᠣᠨ᠎ᠠ᠃ ᠲᠤᠰ ᠵᠡᠬᠡᠯᠢ ᠲᠤᠭᠤᠷᠢᠭ ᠭᠤᠤᠯᠳᠠᠭᠤ ᠣᠷᠣᠨ ᠨᠤᠲᠤᠭ ᠤᠨ ᠰᠣᠶᠣᠯ ᠢ ᠭᠦᠨᠵᠡᠭᠡᠢ ᠠᠭᠤᠳᠠᠯᠬᠤ ᠪᠠᠷ ᠳᠠᠮᠵᠢᠭᠤᠯᠤᠨ᠂ ᠥᠪᠡᠷᠮᠢᠴᠡ ᠣᠨᠴᠠᠯᠢᠭ ᠲᠠᠢ᠂ ᠪᠡᠶᠡᠴᠢᠯᠡᠨ ᠤᠶᠢᠯᠠᠭᠠᠬᠤ᠂ ᠰᠡᠯᠡᠬᠦᠴᠡᠨ ᠠᠮᠠᠷᠠᠬᠤ᠂ ᠵᠤᠭᠠᠯᠠᠨ ᠴᠡᠩᠬᠡᠯᠳᠦᠬᠦ ᠲᠦᠷᠦᠯ ᠵᠤᠶᠢᠯ ᠢ ᠪᠦᠷᠢᠯᠳᠦᠬᠦᠯᠵᠠᠢ᠃ ᠰᠦᠯᠵᠢᠶᠡᠨ ᠭᠠᠳᠠᠨᠠᠬᠢ ᠶᠢᠨ ᠳᠡᠯᠭᠡᠷᠡᠭᠦᠯᠦᠯᠲᠡ ᠵᠢᠴᠢ ᠢᠨᠲ᠋ᠧᠷ ᠰᠦᠯᠵᠢᠶ᠎ᠡ᠂ ᠬᠤᠪᠢ ᠶᠢᠨ ᠵᠠᠭᠤᠴᠢᠯᠠᠭᠤᠷ᠂ ᠣᠬᠤᠷ ᠬᠠᠷᠠᠭᠠᠨ ᠳᠠᠪᠲᠠᠮᠵᠢ ᠶᠢᠨ ᠵᠣᠬᠢᠶᠠᠨ ᠪᠦᠲᠦᠭᠡᠯᠭᠡ᠂ ᠰᠦᠯᠵᠢᠶᠡᠨ ᠤᠳᠤᠨ ᠤ ᠲᠠᠨᠢᠯᠴᠠᠭᠤᠯᠭ᠎ᠠ ᠵᠡᠷᠭᠡ ᠶᠢ ᠬᠡᠷᠡᠭᠯᠡᠨ ᠤᠬᠠᠭᠤᠯᠤᠨ ᠳᠡᠯᠭᠡᠷᠡᠭᠦᠯᠵᠦ᠂ ᠬᠥᠮᠥᠨ ᠤ ᠤᠷᠤᠰᠬᠠᠯ ᠴᠤᠭᠯᠠᠷᠠᠯ ᠢ ᠪᠤᠢ ᠪᠤᠯᠭᠠᠨ᠂ ᠬᠡᠷᠡᠭᠯᠡᠭᠡ ᠪᠠ ᠰᠣᠶᠣᠯ ᠤᠨ ᠤᠯᠠᠮᠵᠢᠯᠠᠯ ᠢ ᠠᠬᠢᠭᠤᠯᠵᠤ᠂ ᠰᠥᠨᠢ ᠶᠢᠨ ᠠᠵᠤ ᠠᠬᠤᠢ ᠶᠢ ᠲᠠᠶᠢᠴᠢᠯᠠᠨ᠂ ᠡᠬᠦᠨ ᠤ ᠤᠯᠠᠮ ᠠᠴᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ ᠪᠤᠢ᠃
ᠢᠷᠡᠯᠲᠡ᠄ ᠳᠤᠰ ᠰᠦᠯᠵᠢᠶ᠎ᠡ