ᠳ᠋ᠦᠩᠱᠧᠩ ᠲᠣᠭᠤᠷᠢᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ 80% ᠠᠴᠠ ᠳᠡᠭᠡᠭᠰᠢ ᠪᠤᠯᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠦᠭᠡᠢ ᠨᠡᠮᠡᠭᠳᠡᠪᠡ
ᠨᠡᠶᠢᠲᠡᠯᠡᠭᠰᠡᠨ ᠴᠠᠭ᠄
2023/12/13
    1 — 11 ᠰᠠᠷ᠎ᠠ ᠳᠤ᠂ ᠳ᠋ᠦᠩᠱᠧᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 117.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.2% ᠢᠶᠠᠷ ᠨᠡᠮᠡᠭᠳᠡᠨ᠂ ᠠᠷᠠᠳ ᠤᠨ ᠠᠮᠢᠳᠤᠷᠠᠯ ᠤᠨ ᠲᠥᠷᠥᠯ ᠤᠨ ᠵᠠᠷᠤᠯᠭ᠎ᠠ 97.48 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.9% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠨᠢ 83.1% ᠳᠤ ᠬᠦᠷᠴᠡᠢ᠃ ᠡᠭᠦᠨ ᠳᠤ ᠬᠤᠲᠠ ᠬᠥᠳᠡᠭᠡ ᠨᠡᠶᠢᠭᠡᠮ ᠲᠣᠭᠤᠷᠢᠭ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠬᠠᠮᠤᠭ ᠤᠨ ᠠᠷᠪᠢᠨ ᠪᠠᠶᠢᠵᠤ᠂ ᠲᠣᠰ ᠲᠣᠰ 53.89 ᠳ᠋ᠦᠩᠰᠢᠭᠤᠷ ᠲᠥᠭᠦᠷᠢᠭ᠂ 17.12 ᠳ᠋ᠦᠩᠰᠢᠭᠤᠷ ᠲᠥᠭᠦᠷᠢᠭ ᠪᠠ 7.9 ᠳ᠋ᠦᠩᠰᠢᠭᠤᠷ ᠲᠥᠭᠦᠷᠢᠭ ᠢ ᠵᠠᠷᠤᠴᠠᠭᠤᠯᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 44.8%᠂ 16.5%᠂ 28.5% ᠪᠠᠷ ᠨᠡᠮᠡᠭᠳᠡᠨ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠲᠡᠢ ᠪᠠᠲᠤᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ