ᠠᠷᠠᠳ ᠤᠨ ᠠᠮᠢᠳᠤᠷᠠᠯ ᠤᠨ ᠵᠢᠵᠢᠭ ᠰᠠᠵᠢᠭ ᠶᠠᠪᠤᠳᠠᠯ ᠢᠶᠠᠷ ᠤᠯᠠᠨ ᠲᠦᠮᠡᠨ ᠵᠤᠯ ᠵᠢᠷᠭᠠᠯᠳᠤ ᠲᠦᠷᠦᠭᠳᠡᠯ  ᠢ ᠨᠡᠮᠡᠭᠳᠡᠬᠦᠯᠦᠨ᠎ᠠ
ᠨᠡᠶᠢᠲᠡᠯᠡᠭᠰᠡᠨ ᠴᠠᠭ᠄
2023/12/14
    ︽ᠽᠦᠨ ᠶᠣᠸᠠᠨ ᠰᠠᠭᠤᠭᠠᠯᠢ ᠲᠤᠭᠤᠷᠢᠭ ᠤᠨ ᠵᠡᠬᠦᠨ ᠡᠬᠦᠳᠡᠨ ᠤ ᠤᠶᠢᠷ᠎ᠠ ᠬᠠᠪᠢ ᠪᠠᠷ ᠡᠪᠡᠰᠤ ᠨᠤᠭᠤᠭ᠎ᠠ ᠰᠠᠬᠰᠠᠶᠢᠨ᠂ ᠰᠢᠪᠡᠷ ᠰᠢᠷᠤᠢ ᠲᠦᠬᠦᠷᠴᠦ᠂ ᠠᠵᠢᠯ ᠠᠴᠠ ᠪᠠᠨ ᠪᠠᠭᠤᠭᠠᠳ ᠤᠷᠤᠶᠢᠳᠠᠪᠠᠯ ᠲᠡᠷᠬᠡ ᠵᠤᠭᠰᠤᠭᠠᠬᠤ ᠳᠤ ᠮᠠᠰᠢ ᠬᠦᠴᠢᠷᠳᠡᠨ᠎ᠠ᠂ ᠪᠤᠷᠤᠭᠠᠨ ᠴᠠᠰᠣ ᠲᠠᠢ ᠡᠳᠦᠷ ᠲᠤᠬᠢᠶᠠᠯᠳᠤᠪᠠᠯ ᠭᠠᠳᠠᠭᠰᠢ ᠭᠠᠷᠬᠤ ᠳᠤ ᠴᠦ ᠲᠦᠬᠦᠮ ᠦᠬᠡᠢ ᠪᠤᠯᠤᠨ᠎ᠠ᠂ ᠬᠡᠷᠪᠡ ᠵᠠᠰᠠᠭ ᠤᠨ ᠤᠷᠳᠤᠨ ᠠᠴᠠ ᠰᠠᠭᠤᠭᠠᠯᠢ ᠲᠤᠭᠤᠷᠢᠭ ᠤᠨ ᠡᠷᠬᠢᠨ ᠲᠤᠭᠤᠷᠢᠨ ᠢ ᠬᠠᠳᠠᠭᠤᠷᠠᠭᠤᠯᠵᠤ᠂ ᠲᠡᠷᠬᠡᠨ ᠵᠤᠭᠰᠤᠭᠠᠯ ᠨᠡᠮᠡᠵᠤ ᠭᠠᠷᠭᠠᠪᠠᠯ ᠮᠠᠰᠢ ᠰᠠᠶᠢᠨ ᠳ᠋ᠠ︾ ᠬᠡᠵᠤ ᠳ᠋ᠥᠩᠱᠧᠩ ᠲᠤᠭᠤᠷᠢᠭ ᠤᠨ ᠹᠦ᠋ ᠰᠢᠩ ᠵᠡᠬᠡᠯᠢ ᠭᠤᠳᠤᠮᠵᠢ ᠶᠢᠨ ᠸᠧ ᠷᠧ ᠨᠡᠶᠢᠬᠡᠮ ᠲᠤᠭᠤᠷᠢᠭ ᠤᠨ ᠽᠦᠨ ᠶᠤᠸᠠᠨ ᠰᠠᠭᠤᠭᠠᠯᠢ ᠲᠤᠭᠤᠷᠢᠭ ᠲᠤ ᠰᠠᠭᠤᠭ᠎ᠠ ᠸᠠᠩ ᠡᠬᠡᠴᠢ ᠠᠶᠢᠯ ᠡᠷᠦᠬᠡ ᠳᠤ ᠬᠦᠷᠴᠦ ᠠᠰᠠᠭᠤᠳᠠᠯ ᠢ ᠤᠶᠢᠯᠠᠭᠠᠵᠤ ᠪᠠᠶᠢᠭᠰᠡᠨ ᠸᠧ ᠷᠧ ᠨᠡᠶᠢᠬᠡᠮ ᠲᠤᠭᠤᠷᠢᠭ ᠤᠨ ᠺᠠᠳ᠋ᠷ ᠲᠤ ᠡᠶᠢᠨ ᠬᠦ ᠶᠠᠷᠢᠨ᠎ᠠ᠃    ︽ᠨᠠᠮ ᠤᠨ ᠪᠠᠶᠢᠭᠤᠯᠤᠯᠳᠠ ᠶᠢᠨ ᠬᠦᠴᠦᠨ ᠢᠶᠠᠨ ᠲᠦᠪᠯᠡᠷᠡᠬᠦᠯᠦᠨ ᠠᠷᠠᠳ ᠤᠨ ᠠᠮᠢᠳᠤᠷᠠᠯ ᠳᠤ ᠤᠶᠢᠯᠡᠴᠢᠯᠡᠬᠦ︾ ᠲᠤᠰᠬᠠᠢ ᠠᠵᠢᠯᠯᠠᠭ᠎ᠠ ᠶᠢ ᠬᠡᠷᠡᠭᠵᠢᠬᠦᠯᠦᠭᠰᠡᠨ ᠠᠴᠠ ᠨᠠᠭᠠᠰᠢ᠂ ᠹᠦ᠋ ᠰᠢᠩ ᠵᠡᠬᠡᠯᠢ ᠭᠤᠳᠤᠮᠵᠢ ᠶᠢᠨ ᠸᠧ ᠷᠧ ᠨᠡᠶᠢᠬᠡᠮ ᠲᠤᠭᠤᠷᠢᠭ ᠤᠨ ᠬᠢᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠷᠬᠡᠨ ᠢᠶᠠᠷ ᠠᠩᠬᠠᠷᠴᠦ᠂ ᠨᠡᠶᠢᠬᠡᠮ  ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠤᠯᠠᠨ ᠲᠦᠮᠡᠨ ᠤ ᠠᠰᠠᠭᠤᠳᠠᠯ ᠢ ᠰᠢᠢᠳᠪᠤᠷᠢᠯᠡᠬᠦ ᠲᠠᠯ᠎ᠠ  ᠪᠠᠷ ᠬᠦᠴᠦ ᠲᠠᠯᠪᠢᠵᠤ᠂ ᠺᠠᠳ᠋ᠷᠴᠤᠳ ᠢ ᠵᠤᠬᠢᠶᠠᠨ ᠪᠠᠶᠢᠭᠤᠯᠤᠨ ᠡᠷᠦᠬᠡ ᠳᠤ ᠤᠷᠤᠬᠤ᠂ ᠰᠠᠭᠤᠭᠠᠯᠢ ᠠᠷᠠᠳ ᠤᠨ ᠲᠤᠭᠤᠷᠢᠭ ᠤᠨ ᠤᠯᠠᠨ ᠲᠦᠮᠡᠨ ᠢ ᠰᠤᠷᠪᠤᠯᠵᠢᠯᠠᠬᠤ᠂ ︽ᠰᠦᠯᠵᠢᠶᠠᠨ ᠲᠡᠬᠡᠷ᠎ᠡ + ᠰᠦᠯᠵᠢᠶᠠᠨ ᠭᠠᠳᠠᠨᠠᠬᠢ︾ ᠵᠡᠷᠬᠡ ᠠᠷᠭ᠎ᠠ ᠬᠡᠯᠪᠡᠷᠢ ᠪᠠᠷ ᠲᠠᠮᠵᠢᠭᠤᠯᠤᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠤᠨᠤᠰᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠴᠦᠯᠡᠨ ᠰᠢᠢᠳᠪᠤᠷᠢᠯᠡᠪᠠ᠃
640.png
      ᠰᠠᠭᠤᠭᠠᠯᠢ ᠠᠷᠠᠳ ᠤᠨ ᠨᠠᠶᠢᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢᠨ ᠲᠦᠯᠦᠬᠡ᠂ ᠸᠧ ᠷᠧ ᠨᠡᠶᠢᠬᠡᠮ ᠲᠤᠭᠤᠷᠢᠭ ᠤᠨ ᠬᠢᠨ ᠤᠶᠢᠯᠠᠭᠠᠵᠤ ᠮᠡᠳᠡᠭᠰᠡᠨ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠹᠦ᠋ ᠰᠢᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠲᠤ ᠴᠠᠭ ᠲᠠᠷᠤᠢ ᠳᠤᠨᠢ ᠮᠡᠳᠡᠬᠦᠯᠳᠡᠭ ᠪᠠᠶᠢᠨ᠎ᠠ᠃ ᠤᠯᠠᠨ ᠤᠳᠠᠭᠠᠨ ᠤ ᠪᠠᠶᠢᠴᠠᠭᠠᠨ ᠰᠤᠳᠤᠯᠤᠯᠳᠠ ᠪᠠᠷ ᠲᠠᠮᠵᠢᠭᠤᠯᠤᠨ ᠨᠠᠮ ᠪᠠ ᠤᠯᠠᠨ ᠲᠦᠮᠡᠨ ᠤ ᠤᠶᠢᠯᠡᠴᠢᠯᠡᠬᠡᠨ ᠤ ᠲᠦᠪ ᠤᠨ ᠡᠷᠬᠢᠨ ᠲᠤᠭᠤᠷᠢᠨ ᠢ ᠬᠠᠳᠠᠭᠤᠷᠠᠭᠤᠯᠬᠤ ᠲᠦᠷᠦᠯ ᠵᠤᠶᠢᠯ ᠢ ᠹᠦ᠋ ᠰᠢᠩ ᠵᠡᠬᠡᠯᠢ ᠭᠤᠳᠤᠮᠵᠢ ᠶᠢᠨ 2023 ᠤᠨ ᠤ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠪᠤᠳᠠᠳᠤ ᠶᠠᠪᠤᠳᠠᠯ ᠤᠨ ᠲᠦᠷᠦᠯ ᠵᠤᠶᠢᠯ ᠳᠤ ᠤᠷᠤᠭᠤᠯᠬᠤ  ᠪᠠᠷ ᠲᠤᠭᠳᠠᠵᠤ᠂ ᠰᠠᠭᠤᠭᠠᠯᠢ ᠠᠷᠠᠳ ᠤᠨ ᠬᠦᠰᠡᠵᠤ ᠪᠠᠶᠢᠭ᠎ᠠ ︽ᠠᠷᠠᠳ ᠤᠨ ᠠᠮᠢᠳᠤᠷᠠᠯ ᠤᠨ ᠵᠢᠵᠢᠭ ᠰᠠᠵᠢᠭ ᠶᠠᠪᠤᠳᠠᠯ︾ ᠳᠤ ᠬᠦᠴᠦᠳᠠᠢ ᠬᠠᠷᠢᠭᠤᠯᠳᠠ ᠦᠭᠬᠦᠭᠰᠡᠨ ᠪᠠᠶᠢᠨ᠎ᠠ᠃ ᠹᠦ᠋ ᠰᠢᠩ ᠵᠡᠬᠡᠯᠢ ᠭᠤᠳᠤᠮᠵᠢ ᠶᠢᠨ ᠸᠧ ᠷᠧ ᠨᠡᠶᠢᠬᠡᠮ ᠲᠤᠭᠤᠷᠢᠭ ᠤᠨ ᠬᠢᠨ ᠽᠦᠨ ᠶᠤᠸᠠᠨ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠤᠶᠢᠯᠡᠴᠢᠯᠡᠬᠡᠨ ᠤ ᠺᠤᠮᠫᠠᠨᠢ᠂ ᠵᠠᠷᠢᠮ ᠰᠠᠭᠤᠭᠠᠯᠢ ᠠᠷᠠᠳ ᠤᠨ ᠲᠦᠯᠦᠬᠡᠯᠡᠭᠴᠢ ᠶᠢ ᠤᠷᠢᠵᠤ ᠬᠤᠶᠠᠷ ᠤᠳᠠᠭ᠎ᠠ ᠬᠤᠷᠠᠯᠳᠤᠭᠤᠯᠬᠤ ᠪᠠᠷ ᠲᠠᠮᠵᠢᠭᠠᠳ᠂ ᠲᠦᠷᠦᠯ ᠵᠤᠶᠢᠯ ᠤᠨ ᠪᠡᠯᠡ ᠤᠷᠤᠭᠤᠯᠤᠯᠳᠠ ᠶᠢ ᠰᠠᠭᠤᠭᠠᠯᠢ ᠠᠷᠠᠳ ᠦᠪᠡᠰᠦᠪᠡᠨ ᠢᠶᠠᠨ ᠴᠤᠭᠯᠠᠭᠤᠯᠬᠤ ᠪᠠ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠠᠴᠠ ᠲᠠᠮᠵᠢᠨ ᠲᠤᠰᠠᠯᠠᠵᠤ᠂ ᠦᠯᠡᠳᠡᠭᠰᠡᠨ ᠬᠡᠰᠡᠭ ᠢ ᠹᠦ᠋ ᠰᠢᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠠᠴᠠ ᠭᠠᠷᠭᠠᠬᠤ ᠪᠠᠷ ᠰᠤᠳᠤᠯᠤᠨ ᠲᠤᠭᠳᠠᠭᠠᠪᠠ᠃ ᠨᠡᠶᠢᠳᠠ 900 ᠲᠡᠭᠰᠢ ᠲᠦᠷᠪᠡᠯᠵᠢᠨ ᠮᠧᠲᠷ ᠬᠤᠭᠤᠰᠤᠨ ᠭᠠᠵᠡᠷ ᠢ ᠬᠠᠳᠠᠭᠤᠷᠠᠭᠤᠯᠵᠤ᠂ ᠸᠧ ᠷᠧ ᠨᠡᠶᠢᠬᠡᠮ ᠲᠤᠭᠤᠷᠢᠭ ᠤᠨ ᠵᠤᠬᠢᠴᠠᠭᠤᠯᠭ᠎ᠠ ᠪᠠᠷ ᠲᠡᠮᠵᠢᠭᠤᠯᠤᠨ ᠬᠤᠯᠪᠤᠭᠠᠯᠠᠨ ᠲᠠᠭᠠᠭᠠᠴᠢᠯᠠᠬᠤ ᠨᠢᠬᠡᠴᠡ ᠪᠤᠯᠬᠤ ᠤᠷᠳᠤᠰ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠠᠴᠠ 45 ᠲᠡᠷᠬᠡᠨ ᠵᠤᠭᠰᠤᠭᠠᠯ ᠢ ᠨᠡᠮᠡᠵᠤ ᠬᠤᠪᠢᠷᠠᠭᠤᠯᠤᠨ᠂ ᠬᠠᠭᠤᠴᠢᠨ ᠲᠤᠭᠤᠷᠢᠭ ᠤᠨ 300 ᠲᠡᠷᠬᠡᠨ ᠵᠤᠭᠰᠤᠭᠠᠯ ᠢ ᠨᠦᠬᠦᠵᠤ ᠬᠤᠪᠢᠶᠠᠷᠢᠯᠡᠨ᠂ ᠬᠠᠷᠢᠶ᠎ᠠ ᠲᠤᠭᠤᠷᠢᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠠᠴᠠ ᠰᠢᠨ᠎ᠠ ᠡᠨᠧᠷᠬᠢ ᠶᠢᠨ ᠴᠠᠬᠢᠯᠭᠠᠨ ᠬᠦᠳᠡᠯᠬᠡᠬᠦᠷᠳᠤ ᠮᠠᠰᠢᠨ ᠲᠡᠷᠬᠡᠨ ᠤ ᠴᠠᠬᠢᠯᠭᠠᠨ ᠴᠢᠨᠡᠭᠯᠡᠬᠦ 10 ᠱᠤᠩ ᠤᠭᠰᠠᠷᠠᠬᠤ ᠶᠢ ᠲᠡᠮᠵᠢᠪᠠ᠃      ︽ᠤᠳᠤᠬᠠᠨ ᠳᠤ᠂ ᠵᠠᠰᠠᠭ ᠤᠨ ᠤᠷᠳᠤᠨ ᠠᠴᠠ ᠨᠠᠮ ᠪᠠ ᠤᠯᠠᠨ ᠲᠦᠮᠡᠨ ᠤ ᠤᠶᠢᠯᠡᠴᠢᠯᠡᠬᠡᠨ ᠤ ᠲᠦᠪ ᠤᠨ ᠡᠷᠬᠢᠨ ᠲᠤᠭᠤᠷᠢᠨ ᠢ ᠬᠠᠳᠠᠭᠤᠷᠠᠭᠤᠯᠤᠭᠰᠡᠨ ᠪᠦᠬᠡᠳ ᠲᠡᠷᠬᠡᠨ ᠵᠤᠭᠰᠤᠭᠠᠯ ᠢ ᠰᠢᠨ᠎ᠠ ᠪᠠᠷ ᠨᠡᠮᠡᠭᠰᠡᠨ ᠪᠠᠶᠢᠨ᠎ᠠ᠂ ᠤᠳᠤ ᠲᠡᠷᠬᠡ ᠵᠤᠭᠰᠤᠭᠠᠬᠤ ᠳᠤ ᠮᠠᠰᠢ ᠲᠦᠬᠦᠮ ᠪᠤᠯᠵᠤ᠂ ᠤᠷᠴᠢᠨ ᠲᠤᠭᠤᠷᠢᠨ ᠴᠦ ᠴᠡᠪᠡᠷ ᠴᠡᠮᠴᠡᠬᠡᠷ ᠪᠤᠯᠤᠭᠰᠡᠨ ᠮᠦᠷᠳᠡᠬᠡᠨ ᠰᠢᠨ᠎ᠠ ᠡᠨᠧᠷᠬᠢ ᠶᠢᠨ ᠴᠠᠬᠢᠯᠭᠠᠨ ᠬᠦᠳᠡᠯᠬᠡᠬᠦᠷᠳᠦ ᠮᠠᠰᠢᠨ ᠲᠡᠷᠬᠡᠨ ᠤ ᠴᠠᠬᠢᠯᠭᠠᠨ ᠴᠡᠨᠡᠭᠯᠡᠬᠦ ᠱᠤᠩ ᠨᠡᠮᠡᠵᠤ᠂ ᠪᠢᠳᠡᠨ ᠳᠤ ᠨᠡᠩ ᠲᠠᠭᠠᠯᠠᠮᠵᠢᠳᠠᠢ᠂ ᠨᠠᠩ ᠰᠠᠨᠠᠭ᠎ᠠ ᠠᠮᠦᠷ᠂ ᠨᠡᠩ ᠲᠦᠬᠦᠮ ᠤᠷᠴᠢᠨ ᠨᠦᠬᠦᠴᠡᠯ ᠢ ᠪᠤᠢ ᠪᠤᠯᠭᠠᠵᠤ ᠦᠭᠴᠠᠢ︾ ᠬᠡᠵᠤ ᠸᠠᠩ ᠡᠬᠡᠴᠢ ᠪᠠᠶᠠᠷᠳᠠᠢ ᠶᠠᠷᠢᠨ᠎ᠠ᠃      ︽ᠪᠢᠳᠠ ᠰᠠᠶᠢᠨ ᠶᠠᠪᠤᠳᠠᠯ ᠪᠤᠳᠠᠳᠤ ᠶᠠᠪᠤᠳᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠵᠦᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠤᠯᠠᠨ ᠲᠦᠮᠡᠨ ᠤ ᠡᠬᠦᠳᠠᠨ ᠳᠤ ᠠᠷᠢᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠬᠦᠯᠬᠦ ᠬᠡᠷᠡᠭᠳᠠᠢ︾ ᠬᠡᠵᠤ ᠸᠧ ᠷᠧ ᠨᠡᠶᠢᠬᠡᠮ ᠲᠤᠭᠤᠷᠢᠭ ᠤᠨ ᠨᠠᠮ ᠤᠨ ᠡᠬᠦᠷ ᠤᠨ ᠱᠦᠵᠢ ᠡᠦ ᠪᠦᠸᠧ ᠦᠷᠬᠦᠯᠵᠢ ᠶᠠᠷᠢᠳᠠᠭ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠸᠧ ᠷᠧ ᠨᠡᠶᠢᠬᠡᠮ ᠲᠤᠭᠤᠷᠢᠭ ᠤᠨ ᠬᠢᠨ ᠨᠠᠮ ᠤᠨ ᠪᠠᠶᠢᠭᠤᠯᠤᠯᠳᠠ ᠶᠢᠨ ᠬᠦᠳᠦᠯᠦᠨ ᠲᠠᠭᠠᠭᠤᠯᠬᠤ ᠤᠶᠢᠯᠡᠳᠤᠯ ᠢᠶᠠᠨ ᠦᠷᠬᠦᠯᠵᠢᠯᠡᠨ ᠪᠠᠳᠠᠷᠠᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠢᠯᠡᠬᠦᠬᠡᠨ ᠰᠤᠨᠤᠰᠴᠦ᠂ ᠢᠯᠡᠬᠦᠬᠡᠨ ᠦᠵᠡᠵᠤ᠂ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ᠂ ᠠᠷᠠᠳ ᠤᠨ ᠬᠦᠴᠢᠷᠳᠠᠯ ᠢ ᠰᠢᠢᠳᠪᠤᠷᠢᠯᠡᠨ᠂ ᠠᠷᠠᠳ ᠲᠦᠮᠡᠨ ᠳᠤ ᠤᠶᠢᠯᠡᠴᠢᠯᠡᠬᠦ ᠶᠢ ᠠᠯᠢᠪᠠ ᠠᠵᠢᠯ ᠤᠨ ᠶᠠᠪᠤᠴᠠ ᠳᠤ ᠲᠤᠤᠱᠯᠠᠭᠤᠯᠬᠤ ᠪᠠᠷ ᠴᠢᠷᠮᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠤᠷᠴᠢᠨ ᠲᠤᠭᠤᠷᠢᠨ ᠢ ᠨᠡᠩ ᠭᠤᠶᠤ ᠰᠠᠶᠢᠬᠠᠨ ᠪᠤᠯᠭᠠᠵᠤ᠂ ᠵᠤᠯ ᠵᠢᠷᠭᠠᠯ ᠤᠨ ᠵᠢᠭᠠᠯᠳᠠ ᠲᠤᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠪᠤᠯᠤᠨ᠎ᠠ᠃
ᠢᠷᠡᠯᠲᠡ᠄ ᠹᠦ᠋ ᠰᠢᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ