1 — 11 ᠰᠠᠷ᠎ᠠ ᠳᠤ ᠳ᠋ᠦᠩᠱᠧᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/12/14
    1 — 11 ᠰᠠᠷ᠎ᠠ ᠳᠤ᠂ ᠳ᠋ᠦᠩᠱᠧᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 117.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.2% ᠢᠶᠠᠷ ᠨᠡᠮᠡᠭᠳᠡᠪᠡ᠃ ᠡᠭᠦᠨ ᠳᠤ᠂ ᠰᠤᠷᠭᠠᠨ ᠬᠥᠮᠦᠵᠢᠯ ᠤᠨ ᠵᠠᠷᠤᠯᠭ᠎ᠠ 17.12 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.5% ᠪᠠᠷ ᠨᠡᠮᠡᠭᠳᠡᠪᠡ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 1.07 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 72.9% ᠪᠠᠷ ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 7.90 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 28.5% ᠪᠠᠷ ᠨᠡᠮᠡᠭᠳᠡᠪᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 6.34 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ︔ ᠡᠨᠧᠷᠭᠢ ᠠᠷᠪᠢᠯᠠᠬᠤ ᠣᠷᠴᠢᠨ ᠠᠬᠤᠢ ᠶᠢᠨ ᠬᠠᠮᠠᠭᠠᠯᠠᠯᠳᠠ ᠶᠢᠨ ᠵᠠᠷᠤᠯᠭ᠎ᠠ 0.90 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 132.4% ᠪᠠᠷ ᠨᠡᠮᠡᠭᠳᠡᠪᠡ︔ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 53.89 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 44.8% ᠪᠠᠷ ᠨᠡᠮᠡᠭᠳᠡᠪᠡ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 2.97 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 19.7% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ