| | ᠮᠣᠩᠭᠤᠯ ᠦᠨᠳᠦᠰᠦᠲᠡᠨ᠂ ᠬᠢᠳᠠᠳ ᠨᠡᠷ᠎ᠡ ᠨᠢ ᠴᠢ ᠭᠥᠸᠧ ᠰᠢᠶᠠᠨ᠂ 1910 ᠣᠨ ᠳᠤ ᠥᠪᠥᠷ ᠮᠣᠩᠭᠤᠯ ᠤᠨ ᠶᠡᠭᠡ ᠵᠤᠤ ᠶᠢᠨ ᠴᠢᠭᠤᠯᠭᠠᠨ ᠤ ᠦᠦᠰᠢᠨ | ᠬᠤᠰᠢᠭᠤᠨ ᠤ ᠱᠠᠷᠯᠢᠭ ᠲᠤ ᠲᠦᠷᠦᠵᠠᠢ᠃ ᠲᠠᠶᠢᠵᠢ ︵ᠢᠵᠠᠭᠤᠷᠲᠠᠨ︶ ᠭᠠᠷᠤᠯᠲᠠᠢ᠃ 8 ᠨᠠᠰᠣᠨ ᠠᠴᠠ 14 ᠨᠠᠰᠣ ᠬᠦᠷᠲᠡᠯ᠎ᠡ ᠱᠠᠷᠯᠢᠭ ᠤᠨ ᠰᠦᠮ᠎ᠡ ᠶᠢᠨ ᠪᠠᠭ᠎ᠠ | ᠰᠣᠷᠭᠠᠭᠤᠯᠢ ᠳᠤ ᠪᠢᠴᠢᠭ ᠦᠵᠡᠪᠡ᠃ | 1929 ᠣᠨ ᠠᠴᠠ ᠬᠤᠰᠢᠭᠤ ᠶᠠᠮᠣᠨ ᠤ ᠪᠢᠴᠢᠭᠡᠴᠢ ᠪᠤᠯᠵᠤ ᠨᠡᠶᠢᠭᠡᠮ ᠲᠠᠢ ᠲᠠᠨᠢᠯᠴᠠᠭᠰᠠᠨ ᠠᠴᠠ ᠬᠤᠶᠢᠰᠢ᠂ ᠮᠥᠩᠭᠡᠨ᠋ᠦ᠋ᠯᠵᠡᠢ ᠶᠢᠨ ᠬᠤᠪᠢᠰᠬᠠᠯ ᠤᠨ | ᠵᠣᠭᠰᠣᠯᠲᠠ ᠠᠴᠠ ᠣᠷᠪᠠᠵᠣ ᠹᠸᠤᠳᠠᠯ ᠤᠨ ᠸᠠᠩ ᠬᠦᠩ ᠤᠨ ᠲᠦᠷᠦ ᠳᠤ ᠦᠢᠯᠡᠴᠢᠯᠡᠨ ᠬᠠᠷᠠᠴᠣ ᠠᠷᠠᠳ ᠢ ᠬᠠᠷᠭᠢᠰ ᠬᠡᠷᠴᠡᠭᠡᠢ ᠪᠠᠷ ᠳᠠᠷᠣᠯᠠᠨ ᠮᠦᠯᠵᠢᠬᠦ | ᠪᠤᠯᠤᠭᠰᠠᠨ ᠢ ᠦᠵᠡᠨ ᠶᠠᠳᠠᠵᠤ᠂ ᠰᠢᠨᠡᠯᠠᠮ᠎ᠠ ᠶᠢᠨ ᠣᠳᠣᠷᠢᠳᠣᠭᠰᠠᠨ ᠬᠤᠪᠢᠰᠬᠠᠯᠲᠤ ᠦᠢᠯᠡᠰ ᠢ ᠰᠡᠷᠭᠦᠭᠡᠨ ᠮᠠᠨᠳᠣᠭᠤᠯᠬᠤ ᠶᠢ ᠵᠣᠷᠢᠵᠣ ᠪᠠᠶᠢᠪᠠ᠃ | 1932—1933 ᠣᠨ ᠳᠤ᠂ ᠳᠣᠪᠴᠢᠨᠳᠣᠷᠵᠢ ᠪᠤᠯᠤᠨ ᠪᠠᠲᠣᠰᠠᠷᠠᠩ ᠵᠡᠷᠭᠡ ᠦᠦᠰᠢᠨ ᠬᠤᠰᠢᠭᠤᠨ ᠤ ︽ᠳᠣᠭᠤᠶᠢᠯᠠᠩ︾ ᠤᠨ ᠬᠦᠳᠡᠯᠭᠡᠭᠡᠨ ᠤ | ᠢᠳᠡᠪᠬᠢᠲᠡᠨ ᠨᠠᠷ ᠳᠣᠷᠵᠢᠸᠠᠩᠴᠤᠭ ᠤᠨ ᠣᠬᠠᠭᠤᠯᠭ᠎ᠠ ᠶᠢ ᠬᠦᠯᠢᠶᠡᠨ ᠠᠪᠴᠣ ︽ᠳᠣᠭᠤᠶᠢᠯᠠᠩ︾ ᠢ ᠰᠡᠷᠭᠦᠭᠡᠬᠦ ᠶᠡᠭᠡ ᠪᠤᠳᠤᠯᠭ᠎ᠠ ᠶᠢ ᠣᠯᠠᠨᠲᠠ ᠨᠢᠭᠤᠴᠠ ᠪᠠᠷ | ᠵᠦᠪᠯᠡᠭᠰᠡᠨ ᠪᠠᠶᠢᠨ᠎ᠠ᠃ ᠳᠣᠷᠵᠢᠸᠠᠩᠴᠤᠭ ᠠᠴᠠ ᠲᠡᠭᠦᠨ ᠳᠤ ︽ᠴᠢ ᠭᠥᠸᠧ ᠰᠢᠶᠠᠨ︾ ᠭᠡᠰᠡᠨ ᠨᠡᠷ᠎ᠡ ᠦᠭᠴᠡᠢ᠃ ᠲᠡᠳᠡᠨ ᠤ ᠠᠵᠢᠯᠯᠠᠭ᠎ᠠ ᠨᠢ ᠬᠤᠪᠢᠰᠬᠠᠯ ᠤᠨ | ᠡᠰᠡᠷᠭᠦᠦ ᠮᠥᠩᠭᠡᠨ᠋ᠦᠯᠵᠡᠢ ᠳᠤ ᠮᠡᠳᠡᠭᠳᠡᠵᠦ᠂ ᠳᠣᠪᠴᠢᠨᠳᠣᠷᠵᠢ ᠪᠠᠷᠢᠪᠴᠢᠯᠠᠭᠳᠠᠨ ᠬᠢᠨᠳᠠᠨ ᠳᠤ ᠣᠷᠣᠪᠠ᠃ ᠬᠢᠨᠳᠠᠨ ᠠᠴᠠ ᠭᠠᠷᠣᠭᠰᠠᠨ ᠠᠴᠠ ᠰᠡᠭᠦᠯᠡᠷ ᠲᠡᠷᠡ | ᠪᠡᠭᠡᠵᠢᠩ᠂ ᠰᠢ ᠠᠨ ᠵᠡᠷᠭᠡ ᠭᠠᠵᠠᠷ ᠣᠷᠣᠨ ᠢᠶᠠᠷ ᠶᠠᠪᠣᠵᠣ ᠪᠠᠶᠢᠳᠠᠯ ᠢ ᠨᠠᠮᠳᠠᠭᠠᠨ ᠰᠡᠭᠦᠯᠡᠷ ᠨᠢ ᠰᠠᠶ᠋ᠢ ᠨᠣᠲᠤᠭ ᠲᠠᠭᠠᠨ ᠪᠤᠴᠠᠪᠠ᠃ ᠬᠤᠰᠢᠭᠤᠨ ᠤ ᠸᠠᠩ ᠨᠣᠶᠠᠨ | ᠲᠡᠭᠦᠨ ᠢ ᠳᠠᠳᠠᠨ ᠠᠪᠬᠤ ᠶᠢᠨ ᠲᠦᠯᠦᠭᠡ ᠦᠦᠰᠢᠨ ᠬᠤᠰᠢᠭᠤᠨ ᠤ ᠠᠮᠣᠷ ᠢ ᠬᠠᠮᠠᠭᠠᠯᠠᠬᠤ ᠠᠩᠭᠢ ᠶᠢᠨ ᠹᠦᠭᠤᠸᠠᠨ ᠪᠤᠯᠭᠠᠪᠠ᠃ | 1936 ᠣᠨ ᠤ 8 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠪᠠᠶᠢᠭᠤᠯᠤᠭᠳᠠᠭᠰᠠᠨ ᠤ | ᠲᠠᠷᠠᠭ᠎ᠠ᠂ ᠦᠦᠰᠢᠨ ᠬᠤᠰᠢᠭᠤᠨ ᠳᠤ ᠶᠠᠫᠤᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠢ ᠪᠠᠶᠢᠭᠤᠯᠬᠤ ᠶᠢᠨ ᠲᠥᠯᠥᠭᠡ᠂ ︽ᠦᠦᠰᠢᠨ ᠬᠤᠰᠢᠭᠤ ᠪᠠᠷ | ᠢᠶᠠᠨ ᠰᠡᠳᠬᠢᠯ ᠨᠢᠭᠡᠳᠴᠦ᠂ ᠸᠠᠩ ᠤᠨ ᠣᠳᠣᠷᠢᠳᠣᠯᠭ᠎ᠠ ᠶᠢ ᠬᠦᠷᠢᠶᠡᠯᠡᠨ ᠬᠠᠮᠲᠤ ᠳᠠᠭᠠᠨ ᠶᠠᠫᠤᠨ ᠢ ᠡᠰᠡᠷᠭᠦᠴᠡᠬᠦ︾ ᠭᠡᠰᠡᠨ ᠤᠷᠢᠶ᠎ᠠ ᠶᠢ ᠳᠤᠷᠠᠳᠤᠨ ᠭᠠᠷᠭᠠᠵᠠᠢ᠃ | ᠡᠭᠦᠨ ᠤ ᠬᠠᠮᠲᠤ᠂ ᠮᠣᠩᠭᠤᠯ ᠦᠨᠳᠦᠰᠦᠲᠡᠨ ᠤ ᠡᠯ᠎ᠡ ᠳᠠᠪᠬᠤᠷᠭ᠎ᠠ ᠳᠤ ᠶᠠᠫᠤᠨ ᠢ ᠡᠰᠡᠷᠭᠦᠴᠡᠬᠦ ᠳᠠᠶᠢᠨ ᠤ ᠪᠠᠶᠢᠳᠠᠯ ᠢ ᠤᠬᠠᠭᠤᠯᠵᠤ᠂ ᠶᠠᠫᠤᠨ ᠤ ᠡᠵᠡᠷᠬᠡᠭ | ᠲᠦᠷᠢᠮᠡᠬᠡᠶᠢᠲᠡᠨ ᠤ ᠥᠪᠥᠷ ᠮᠣᠩᠭᠤᠯ ᠢ ᠵᠠᠯᠭᠢᠬᠤ᠂ ᠳᠤᠮᠳᠠᠳᠤ ᠤᠯᠤᠰ ᠢ ᠬᠠᠭᠠᠴᠠᠭᠤᠯᠬᠤ ᠪᠠᠷ ᠭᠤᠷᠢᠳᠠᠭᠰᠠᠨ ᠶᠠᠯᠠᠲᠤ ᠠᠵᠢᠯᠯᠠᠭ᠎ᠠ ᠶᠢ ᠢᠯᠡᠴᠢᠯᠡᠪᠡ᠃ | ᠳᠣᠪᠴᠢᠨᠳᠣᠷᠵᠢ ᠨᠠᠮ ᠤᠨ ᠲᠦᠷᠦ ᠶᠢᠨ ᠪᠣᠳᠣᠯᠭ᠎ᠠ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ᠠᠵᠢᠯᠯᠠᠬᠤ ᠬᠤᠷᠢᠶ᠎ᠠ ᠶᠢ ᠬᠠᠮᠵᠢᠨ ᠤᠬᠠᠭᠤᠯᠭ᠎ᠠ ᠬᠤᠯᠪᠣᠭ᠎ᠠ | ᠠᠪᠬᠤ ᠠᠵᠢᠯ ᠢ ᠥᠷᠨᠢᠭᠦᠯᠪᠡ᠃ ᠲᠡᠷᠡ ᠬᠤᠰᠢᠭᠤᠨ ᠤ ᠠᠮᠤᠷ ᠢ ᠬᠠᠮᠠᠭᠠᠯᠠᠬᠤ ᠬᠤᠷᠢᠶ᠎ᠠ ᠶᠢᠨ ᠳᠠᠪᠰᠢᠩᠭᠤᠢ ᠦᠵᠡᠯ ᠰᠠᠨᠠᠭ᠎ᠠ ᠲᠠᠢ ᠨᠠᠰᠣᠨᠳᠡᠯᠭᠡᠷ᠂ ᠬᠠᠨᠢᠤᠮᠠᠨᠳᠠ᠂ | ᠠᠷᠪᠢᠨᠪᠠᠶᠠᠷ ᠨᠠᠷ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠶᠠᠫᠤᠨ ᠢ ᠡᠰᠡᠷᠭᠦᠴᠡᠬᠦ ᠨᠢᠭᠡᠳᠦᠮᠡᠯ ᠹᠷᠣᠨᠲ ᠤᠨ | ᠬᠥᠲᠥᠯᠪᠦᠷᠢ ᠶᠢ ᠤᠬᠠᠭᠤᠯᠵᠤ᠂ ᠲᠡᠳᠡᠨ ᠢ ᠶᠠᠫᠤᠨ ᠢ ᠡᠰᠡᠷᠭᠦᠴᠡᠬᠦ ᠪᠠ ᠦᠨᠳᠦᠰᠦᠲᠡᠨ ᠤ ᠴᠢᠯᠦᠭᠡᠯᠡᠯᠲᠡ ᠶᠢᠨ ᠦᠢᠯᠡᠰ ᠲᠤ ᠣᠷᠣᠯᠴᠠᠭᠤᠯᠬᠤ ᠪᠠᠷ ᠴᠢᠷᠮᠠᠶᠢᠪᠠ᠃ | ᠲᠡᠷᠡ ᠪᠠᠰᠠ ᠶᠠᠳᠠᠭᠤ ᠵᠦᠳᠡᠭᠦᠦ ᠮᠠᠯᠴᠢᠳ ᠤᠨ ᠳᠤᠮᠳᠠ ᠶᠠᠫᠤᠨ ᠢ ᠡᠰᠡᠷᠭᠦᠴᠡᠬᠦ ᠶᠢ ᠤᠬᠠᠭᠤᠯᠵᠤ᠂ ᠰᠠᠭᠤᠷᠢᠨ ᠭᠠᠵᠠᠷ ᠤᠨ ᠠᠷᠠᠳ ᠲᠦᠮᠡᠨ ᠤ ᠰᠢᠨ᠎ᠡ ᠠᠮᠢᠳᠤᠷᠠᠯ | ᠢ ᠲᠠᠨᠢᠯᠴᠠᠭᠤᠯᠣᠨ᠂ ᠲᠡᠳᠡᠨ ᠤ ᠠᠩᠭᠢ ᠶᠢᠨ ᠤᠬᠠᠮᠰᠠᠷ ᠢ ᠰᠡᠩᠬᠡᠷᠡᠭᠦᠯᠵᠦ᠂ ᠲᠡᠳᠡᠨ ᠤ ᠥᠪᠡᠷ ᠤᠨ ᠴᠢᠯᠦᠭᠡᠯᠡᠯᠲᠡ ᠪᠠᠨ ᠣᠯᠬᠤ ᠶᠢᠨ ᠲᠥᠯᠥᠭᠡ ᠲᠡᠮᠡᠴᠡᠬᠦ ᠶᠢ | ᠵᠣᠷᠢᠭᠵᠢᠭᠤᠯᠵᠠᠢ᠃ ᠪᠠᠲᠣᠴᠢᠯᠠᠭᠤ᠂ ᠭᠦᠨᠴᠦᠭ᠂ ᠠᠮᠤᠭᠤᠯᠠᠩ ᠵᠡᠷᠭᠡ ᠵᠠᠯᠠᠭᠤ ᠮᠠᠯᠴᠢᠳ ᠪᠣᠯ ᠲᠡᠭᠦᠨ ᠤ ᠰᠤᠷᠭᠠᠨ ᠬᠥᠮᠦᠵᠢᠯ ᠢᠶᠠᠷ ᠬᠤᠪᠢᠰᠬᠠᠯ ᠳᠤ | ᠣᠷᠣᠯᠴᠠᠭᠰᠠᠨ ᠶᠤᠮ᠃ ᠳᠤᠮᠳᠠ ᠳᠣᠣᠷᠠᠳᠤ ᠳᠠᠪᠬᠤᠷᠭ᠎ᠠ ᠳᠤ ᠥᠷᠭᠡᠨ ᠳᠡᠯᠭᠡᠷ ᠠᠵᠢᠯᠯᠠᠭ᠎ᠠ ᠬᠢᠬᠦ ᠠᠴᠠ ᠭᠠᠳᠠᠨ᠎ᠠ᠂ ᠲᠡᠷᠡ ᠪᠠᠰᠠ ᠳᠡᠭᠡᠳᠦ ᠳᠠᠪᠬᠤᠷᠭ᠎ᠠ ᠶᠢᠨ | ᠨᠢᠭᠡᠳᠦᠮᠡᠯ ᠹᠷᠣᠨᠲ ᠤᠨ ᠠᠵᠢᠯ ᠢ ᠢᠳᠡᠪᠬᠢᠲᠡᠢ ᠥᠷᠨᠢᠭᠦᠯᠵᠦ᠂ ᠠᠷᠭ᠎ᠠ ᠰᠦᠪᠡᠭᠴᠢᠯᠡᠨ ᠸᠠᠩ ᠨᠣᠶᠠᠨ ᠢ ᠣᠬᠠᠭᠤᠯᠣᠨ ᠠᠵᠢᠯᠯᠠᠬᠤ ᠬᠤᠷᠢᠶ᠎ᠠ ᠲᠠᠢ ᠬᠠᠷᠢᠴᠠᠭ᠎ᠠ | ᠪᠠᠶᠢᠭᠤᠯᠵᠤ᠂ ᠠᠵᠢᠯᠯᠠᠬᠤ ᠬᠤᠷᠢᠶ᠎ᠠ ᠶᠢᠨ ᠦᠦᠰᠢᠨ ᠬᠤᠰᠢᠭᠤᠨ ᠤ ᠬᠢᠯᠢ ᠳᠣᠲᠣᠷᠠᠬᠢ ᠠᠵᠢᠯᠯᠠᠭ᠎ᠠ ᠳᠤ ᠨᠥᠬᠦᠴᠡᠯ ᠪᠦᠷᠢᠯᠳᠦᠭᠦᠯᠵᠦ ᠥᠭᠴᠡᠢ᠃ ᠴᠢᠷᠮᠠᠶᠢᠯᠭ᠎ᠠ ᠪᠠᠷ | ᠳᠠᠮᠵᠢᠭᠠᠳ ᠦᠦᠰᠢᠨ ᠬᠤᠰᠢᠭᠤ ᠣᠨᠴᠠᠭᠠᠶᠢᠯᠠᠨ ᠪᠠᠷᠠᠭᠤᠨ ᠬᠡᠰᠡᠭ ᠤᠨ ᠭᠠᠵᠠᠷ ᠣᠷᠣᠨ ᠤ ︽ᠪᠦᠯᠬᠦᠮᠳᠡᠨ ᠨᠢᠭᠡᠳᠴᠦ᠂ ᠶᠠᠫᠤᠨ ᠢ ᠡᠰᠡᠷᠭᠦᠴᠡᠬᠦ ᠳᠠᠶᠢᠨ ᠢ ᠳᠡᠮᠵᠢᠬᠦ︾ | ᠬᠦᠰᠡᠯ ᠱᠠᠭᠠᠷᠳᠠᠯᠭ᠎ᠠ ᠮᠠᠰᠢ ᠥᠨᠳᠥᠷ ᠪᠣᠯᠤᠭᠰᠠᠨ ᠪᠥᠭᠡᠳ ᠮᠣᠩᠭᠤᠯ ᠬᠢᠲᠠᠳ ᠬᠤᠶᠠᠷ ᠤᠷᠤᠨ ᠤ ᠳᠠᠶᠢᠰᠤᠨ ᠢ ᠡᠰᠡᠷᠭᠦᠴᠡᠬᠦ ᠠᠷᠤ ᠲᠠᠯ᠎ᠠ ᠶᠢᠨ ᠲᠤᠰᠠᠯᠠᠮᠵᠢ ᠶᠢᠨ | ᠡᠪᠯᠡᠯ ᠢ ᠪᠠᠶᠢᠭᠤᠯᠵᠠᠢ᠃ ᠲᠣᠬᠠᠢ ᠶᠢᠨ ᠦᠶ᠎ᠡ ᠶᠢᠨ ᠴᠠᠭᠠᠨ ᠤ ᠰᠦᠷᠳᠡᠭᠦᠯᠦᠯᠲᠦ ᠪᠠᠶᠢᠳᠠᠯ ᠳᠣᠣᠷ᠎ᠠ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠶᠢᠨ ᠨᠦᠬᠦᠳ | ᠳᠣᠪᠴᠢᠨᠳᠣᠷᠵᠢ ᠶᠢᠨ ᠬᠦᠴᠦᠲᠡᠢ ᠳᠡᠮᠵᠢᠯᠭᠡ ᠶᠢ ᠣᠯᠣᠭᠰᠠᠨ ᠪᠠᠶᠢᠨ᠎ᠠ᠃ | 1938 ᠣᠨ ᠳᠤ᠂ ᠳᠣᠪᠴᠢᠨᠳᠣᠷᠵᠢ ᠸᠠᠩ ᠤᠨ ᠲᠣᠮᠢᠯᠠᠯᠲᠠ ᠪᠠᠷ ᠪᠠᠲᠤ ᠶᠢᠨ ᠲᠣᠬᠤᠢ ᠶᠢ ᠬᠦ᠋ᠯᠢᠶᠡᠨ ᠠᠪᠬᠤ ᠶᠠᠪᠤᠳᠠᠯ ᠤᠨ ᠲᠤᠬᠠᠢ ᠶᠠᠨ ᠠᠨ ᠳᠤ ᠬᠦᠷᠴᠦ | ᠵᠥᠪᠳᠡᠯᠴᠡᠪᠡ᠃ ᠡᠨᠡ ᠪᠣᠯ ᠲᠡᠭᠦᠨ ᠤ ᠱᠠᠨᠪᠧᠢ ᠶᠢᠨ ᠰᠠᠭᠤᠷᠢᠨ ᠭᠠᠵᠠᠷ ᠲᠤ ᠬᠤᠶᠠᠳᠠᠭᠢ ᠤᠳᠠᠭ᠎ᠠ ᠬᠦᠷᠴᠦ ᠪᠠᠶᠢᠭ᠎ᠠ ᠶᠠᠪᠤᠳᠠᠯ ᠪᠣᠯᠣᠨ᠎ᠠ᠃ ᠶᠠᠨ ᠠᠨ ᠳᠤ ᠮᠠᠤ | ᠽᠧ ᠳ᠋ᠦᠩ᠂ ᠵᠦ ᠳ᠋ᠧ ᠲᠡᠭᠦᠨ ᠢ ᠬᠦᠯᠢᠶᠡᠨ ᠠᠪᠴᠤ ᠠᠭᠤᠯᠵᠠᠨ᠂ ᠲᠡᠭᠦᠨ ᠲᠠᠢ ᠳᠣᠲᠣᠨᠣ ᠪᠠᠷ ᠶᠠᠷᠢᠯᠴᠠᠪᠠ᠃ ᠼᠤᠤ ᠰᠢᠶᠠᠨ ᡁᠢ ᠶᠢᠨ ᠳᠠᠭᠠᠭᠤᠯᠭ᠎ᠠ ᠪᠠᠷ᠂ ᠲᠡᠷᠡ | ᠴᠢᠯᠦᠭᠡᠯᠡᠭᠳᠡᠭᠰᠡᠨ ᠣᠷᠣᠨ ᠤ ᠴᠡᠷᠢᠭ ᠠᠩᠭᠢ᠂ ᠠᠯᠪᠠᠨ ᠪᠠᠶᠢᠭᠤᠯᠤᠯᠭ᠎ᠠ᠂ ᠰᠤᠷᠭᠠᠭᠤᠯᠢ᠂ ᠬᠥᠳᠡᠭᠡ ᠲᠣᠰᠬᠤᠨ ᠢᠶᠠᠷ ᠲᠣᠭᠤᠷᠢᠨ ᠦᠵᠡᠪᠡ᠃ ᠪᠠᠰᠠ ︽ᠡᠵᠡᠷᠭᠡᠭ | ᠲᠦᠷᠢᠮᠡᠭᠡᠶᠢᠲᠡᠨ ᠢ ᠡᠰᠡᠷᠭᠦᠴᠡᠬᠦ ᠶᠡᠭᠡ ᠬᠤᠯᠪᠤᠭ᠎ᠠ︾ ᠭᠡᠰᠡᠨ ᠳᠠᠪᠰᠢᠩᠭᠤᠢ ᠵᠣᠬᠢᠶᠠᠨ ᠪᠠᠶᠢᠭᠤᠯᠣᠯᠲᠠ ᠳᠤ ᠣᠷᠣᠯᠴᠠᠵᠠᠢ᠃ ᠶᠠᠨ ᠠᠨ ᠳᠤ ᠣᠴᠢᠵᠤ ᠢᠷᠡᠭᠰᠡᠨ | ᠠᠴᠠ ᠳᠣᠪᠴᠢᠨᠳᠣᠷᠵᠢ ᠰᠢᠨ᠎ᠡ ᠰᠡᠩᠬᠡᠷᠡᠭᠦᠯᠦᠯ ᠣᠯᠭᠤᠵᠠᠢ᠃ ᠴᠢᠯᠦᠭᠡᠯᠡᠭᠳᠡᠭᠰᠡᠨ ᠣᠷᠣᠨ ᠤ ᠬᠤᠪᠢᠰᠬᠠᠯᠲᠤ ᠺᠠᠳ᠋ᠷ ᠢ ᠬᠥᠮᠥᠵᠢᠭᠦᠯᠬᠦ ᠶᠢᠨ ᠲᠥᠯᠥᠭᠡ ᠰᠤᠷᠭᠠᠨ | ᠬᠥᠮᠦᠵᠢᠯ ᠡᠷᠬᠢᠯᠡᠵᠦ ᠪᠠᠶᠢᠭ᠎ᠠ ᠶᠢ ᠦᠵᠡᠭᠡᠳ ᠲᠡᠷᠡ ᠪᠠᠰᠠ ᠰᠤᠷᠭᠠᠭᠤᠯᠢ ᠪᠠᠶᠢᠭᠤᠯᠵᠤ᠂ ᠦᠨᠳᠦᠰᠦᠲᠡᠨ ᠤ ᠴᠢᠯᠦᠭᠡᠯᠡᠯᠲᠡ ᠶᠢᠨ ᠲᠥᠯᠥᠭᠡ ᠴᠢᠳᠠᠪᠤᠷᠢᠲᠠᠨ | ᠬᠥᠮᠥᠵᠢᠭᠦᠯᠬᠦ ᠬᠦᠰᠡᠯ ᠲᠠᠢ ᠪᠣᠯᠵᠠᠢ᠃ ᠡᠨᠡ ᠦᠶ᠎ᠡ ᠳᠤ ᠲᠡᠷᠡ ᠨᠢᠭᠡᠨᠲᠡ ᠪᠠᠷᠠᠭᠤᠨ ᠲᠤᠰᠠᠯᠠᠭᠴᠢ ᠪᠣᠯᠵᠤ ᠳᠡᠪᠰᠢᠭᠡᠳ᠂ ᠡᠨᠡ ᠬᠦ ᠬᠦᠰᠡᠯ ᠢᠶᠠᠨ ᠪᠡᠶᠡᠯᠡᠭᠦᠯᠬᠦ | ᠪᠣᠳᠠᠲᠤ ᠬᠦᠴᠦᠨ ᠲᠠᠢ ᠪᠣᠯᠵᠠᠢ᠃ ᠲᠡᠷᠡ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠰᠢᠷᠡᠭᠡ ᠰᠠᠨᠳᠠᠯᠢ᠂ ᠪᠢᠴᠢᠭ ᠤᠨ ᠬᠡᠷᠡᠭᠰᠡᠯ ᠢ ᠬᠤᠳᠠᠯᠳᠤᠨ ᠠᠪᠴᠤ᠂ | ᠲᠡᠮᠡᠭᠡᠲᠦ ᠠᠴᠠ ᠪᠠᠭᠰᠢ ᠵᠠᠯᠠᠵᠤ᠂ ᠱᠠᠷᠯᠢᠭ᠂ ᠲᠣᠯᠢ᠂ ᠪᠤᠷᠤᠪᠠᠯᠭᠠᠰᠣ ᠵᠡᠷᠭᠡ ᠭᠠᠵᠠᠷ ᠠᠴᠠ 20 ᠭᠠᠷᠤᠢ ᠰᠤᠷᠤᠭᠴᠢ ᠡᠯᠰᠡᠵᠦ᠂ 1941 ᠣᠨ ᠳᠤ ᠪᠠᠷᠠᠭᠤᠨ | ᠭᠦᠩ ᠤᠨ ᠣᠷᠳᠣᠨ ᠳᠤ ᠰᠣᠷᠭᠠᠭᠤᠯᠢ ᠪᠠᠶᠢᠭᠤᠯᠪᠠ᠃ ᠲᠡᠭᠦᠨ ᠠᠴᠠ ᠬᠤᠶᠢᠰᠢᠬᠢ ᠬᠤᠶᠠᠷ ᠵᠢᠯ ᠤᠨ ᠬᠤᠭᠤᠴᠠᠭᠠᠨ ᠳᠤ᠂ ᠳᠣᠪᠴᠢᠨᠳᠣᠷᠵᠢ ᠶᠡᠬᠡᠩᠬᠢ ᠬᠦᠴᠦ ᠪᠠᠨ | ᠰᠤᠷᠭᠠᠭᠤᠯᠢ ᠶᠢᠨ ᠠᠵᠢᠯ ᠳᠤ ᠵᠠᠷᠤᠴᠠᠭᠤᠯᠪᠠ᠃ ᠲᠡᠷᠡ ᠦᠷᠭᠦᠯᠵᠢ ᠰᠤᠷᠭᠠᠭᠤᠯᠢ ᠪᠠᠷ ᠭᠡᠷ ᠢᠶᠠᠨ ᠪᠣᠯᠭᠠᠨ᠂ ᠰᠤᠷᠤᠭᠴᠢᠳ ᠲᠠᠢ ᠬᠠᠮᠲᠤ ᠰᠠᠭᠤᠵᠤ᠂ ᠲᠡᠳᠡᠨ ᠳᠤ | ᠬᠤᠪᠢᠰᠬᠠᠯᠲᠤ ᠦᠵᠡᠯ ᠰᠠᠨᠠᠭ᠎ᠠ ᠶᠢ ᠣᠬᠠᠭᠤᠯᠵᠣ᠂ ᠲᠡᠳᠡᠨ ᠢ ᠰᠣᠶᠣᠯ ᠢ ᠴᠢᠷᠮᠠᠶᠢᠨ ᠰᠤᠷᠤᠯᠴᠠᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠢᠷᠡᠭᠡᠳᠦᠢ ᠳᠤ | ᠦᠨᠳᠦᠰᠦᠲᠡᠨ ᠤ ᠴᠢᠯᠦᠭᠡᠯᠡᠯᠲᠡ ᠶᠢᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠳᠠᠭ ᠪᠠᠶᠢᠪᠠ᠃ | ᠳᠣᠪᠴᠢᠨᠳᠣᠷᠵᠢ ᠶᠢᠨ ᠬᠤᠪᠢᠰᠬᠠᠯᠲᠤ ᠠᠵᠢᠯᠯᠠᠭ᠎ᠠ ᠨᠢ ᠢᠮᠠᠭᠲᠠ ᠳᠠᠶᠢᠰᠤᠨ ᠤ ᠭᠡᠳᠡᠯᠳᠡ ᠬᠢᠨᠠᠯᠲᠠ ᠶᠢᠨ ᠳᠣᠣᠷ᠎ᠠ ᠪᠠᠶᠢᠪᠠ᠃ ᠭᠤᠮᠢᠨᠳᠠᠩ ᠤᠨ | ᠰᠦᠢᠶᠤᠸᠠᠨ ᠤ ᠮᠣᠩᠭᠤᠯ ᠬᠤᠰᠢᠭᠤᠳ ᠤᠨ ᠪᠠᠶᠢᠴᠠᠭᠠᠨ ᠪᠦᠷᠢᠳᠬᠡᠬᠦ ᠲᠠᠰᠤᠭ ᠪᠠᠶᠢᠭᠤᠯᠤᠭᠳᠠᠭᠰᠠᠨ ᠤ ᠳᠠᠷᠠᠭ᠎ᠠ᠂ ᠳᠣᠪᠴᠢᠨᠳᠣᠷᠵᠢ ᠶᠢ ᠭᠤᠣᠯᠳᠠᠯᠭ᠎ᠠ ᠲᠠᠢ ᠬᠢᠨᠠᠨ | ᠠᠵᠢᠭᠯᠠᠬᠤ ᠡᠲᠡᠭᠡᠳ ᠢᠶᠠᠨ ᠪᠣᠯᠭᠠᠵᠠᠢ᠃ 1940 ᠣᠨ ᠤ 11 ᠰᠠᠷ᠎ᠠ ᠳᠤ᠂ ᠲᠤᠰ ᠪᠠᠶᠢᠭᠤᠯᠤᠭᠴᠢ ᠶᠢᠨ ᠡᠷᠬᠢᠯᠡᠭᠴᠢ ᠢᠦᠢ ᠸᠠᠨ ᠷᠦᠢ᠂ ᠳᠣᠪᠴᠢᠨᠳᠣᠷᠵᠢ ᠶᠢᠨ | ᠬᠠᠮᠢᠶ᠎ᠠ ᠪᠦᠬᠦᠢ ᠪᠠᠶᠢᠳᠠᠯ ᠢ ᠭᠤᠮᠢᠨᠳᠠᠩ ᠤᠨ ᠲᠠᠩᠨᠠᠭᠤᠯ ᠤᠨ ᠲᠣᠪᠴᠢᠶ᠎ᠠ ᠳᠤ ᠨᠢᠭᠤᠴᠠ ᠪᠠᠷ ᠮᠡᠳᠡᠭᠦᠯᠵᠡᠢ᠃ ᠲᠠᠩᠨᠠᠭᠤᠯ ᠤᠨ ᠲᠣᠪᠴᠢᠶ᠎ᠠ ᠠᠴᠠ ᠡᠨᠡᠬᠦ ᠬᠡᠷᠡᠭ ᠢ | ᠲᠤᠶᠢᠯ ᠢᠶᠠᠷ ᠴᠢᠬᠤᠯᠠᠴᠢᠯᠠᠨ ᠦᠵᠡᠵᠦ᠂ ᠬᠠᠭᠤᠷᠣᠨ ᠮᠡᠬᠡᠯᠡᠬᠦ ᠠᠷᠭ᠎ᠠ ᠪᠠᠷ ᠳᠣᠪᠴᠢᠨᠳᠣᠷᠵᠢ ᠶᠢ ᠪᠠᠷᠢᠪᠴᠢᠯᠠᠬᠤ ᠪᠠᠷ ᠵᠠᠷᠯᠢᠭ ᠪᠠᠭᠤᠯᠭᠠᠭᠰᠠᠨ ᠪᠠᠶᠢᠪᠠ᠃ | 1942 ᠣᠨ ᠤ 10 ᠰᠠᠷ᠎ᠠ ᠳᠤ᠂ ᠳᠣᠪᠴᠢᠨᠳᠣᠷᠵᠢ ᠵᠠᠰᠠᠭ ᠬᠤᠰᠢᠭᠤᠨ ᠳᠤ ᠬᠦᠷᠴᠦ ᠬᠤᠷᠠᠯ ᠳᠤ ᠣᠷᠣᠯᠴᠠᠬᠤ ᠪᠠᠷ ᠬᠤᠰᠢᠭᠤᠨ ᠤ ᠣᠷᠳᠣᠨ ᠠᠴᠠ | ᠰᠠᠯᠤᠮᠠᠭᠴᠠ ᠷᠠᠳᠨᠠᠪᠠᠨᠽᠠᠷ ᠳᠠᠷᠣᠶᠢᠬᠠᠨ ᠲᠡᠮᠡᠭᠡᠲᠦ ᠳᠤ ᠰᠠᠭᠤᠭ᠎ᠠ ᠮᠣᠩᠭᠤᠯ ᠬᠤᠰᠢᠭᠤᠳ ᠤᠨ ᠵᠢᠭᠠᠨ ᠵᠢᠯᠤᠭᠤᠳᠬᠤ ᠨᠤᠶᠠᠨ ᠤ ᠵᠠᠬᠢᠷᠭ᠎ᠠ ᠶᠢᠨ ᠵᠦ ᠱᠸᠦ ᠭᠤᠸᠠᠩ | ᠳᠤ ᠨᠢᠭᠤᠴᠠ ᠴᠠᠬᠢᠯᠭᠠᠨ ᠮᠡᠳᠡᠭᠡ ᠶᠠᠪᠣᠭᠤᠯᠵᠤ᠂ ᠲᠦᠷᠭᠡᠨ ᠬᠦᠮᠦᠨ ᠲᠤᠮᠢᠯᠠᠨ ᠳᠣᠪᠴᠢᠨᠳᠣᠷᠵᠢ ᠶᠢ ᠵᠠᠮ ᠳᠤᠨᠢ ᠠᠯᠠᠬᠤ ᠶᠢ ᠭᠤᠶᠣᠴᠢᠯᠠᠪᠠ᠃ 11 ᠰᠠᠷ᠎ᠠ ᠶᠢᠨ 2 | ᠤᠨ ᠡᠳᠦᠷ᠂ ᠳᠣᠪᠴᠢᠨᠳᠣᠷᠵᠢ ᠵᠠᠰᠠᠭ ᠬᠤᠰᠢᠭᠤᠨ ᠳᠤ ᠬᠦᠷᠪᠡ᠃ 4 ᠤ ᠡᠳᠦᠷ᠂ ᠶᠡᠭᠡ ᠵᠤᠤ ᠶᠢᠨ ᠴᠢᠭᠤᠯᠭᠠᠨ ᠤ ᠲᠠᠩᠨᠠᠭᠤᠯ ᠤᠨ ᠴᠡᠷᠢᠭ ᠤᠨ ᠰᠧᠯᠢᠩᠪᠦ᠋ ᠶᠢᠨ | ᠬᠤᠰᠢᠭᠤᠴᠢ ᠭᠧᠨᠧᠷᠠᠯ ᠼᠠᠨᠮᠤ ᠸᠠᠩ ᠳ᠋ᠢᠶᠠᠨ ᠺᠦᠢ ᠠᠷᠪᠠᠨ ᠬᠡᠳᠦᠨ ᠴᠡᠷᠢᠭ ᠢᠶᠠᠨ ᠳᠠᠭᠠᠭᠤᠯᠤᠨᠲ᠋ᠣᠪᠴᠢᠨᠳᠣᠷᠵᠢ ᠶᠢ ᠪᠠᠷᠢᠪᠴᠢᠯᠠᠨ ᠳ᠋ᠦᠩᠱᠧᠩ ᠳᠤ ᠬᠦᠷᠭᠡᠵᠦ | ᠬᠤᠷᠢᠪᠠ᠃ ᠬᠤᠷᠢᠭᠳᠠᠵᠤ ᠪᠠᠶᠢᠭᠰᠠᠨ ᠬᠤᠭᠤᠴᠠᠭᠠᠨ ᠳᠤ ᠳᠣᠪᠴᠢᠨᠳᠣᠷᠵᠢ ᠶᠡᠷᠦ ᠪᠤᠰᠤ ᠶᠢᠨ ᠲᠣᠭᠲᠠᠭᠤᠨ ᠪᠠᠶᠢᠳᠠᠯ ᠲᠠᠢ ᠪᠠᠶᠢᠵᠤ ᠳᠠᠶᠢᠰᠤᠨ ᠲᠡᠭᠦᠨ ᠢ | ᠶᠠᠭᠠᠬᠢᠭᠰᠠᠨ ᠴᠤ ᠵᠦᠭᠡᠷ ᠲᠠᠯᠪᠢᠬᠤ ᠦᠭᠡᠢ ᠭᠡᠳᠡᠭ ᠢ ᠮᠡᠳᠡᠵᠦ᠂ ᠬᠠᠮᠲᠤ ᠪᠠᠷᠢᠪᠴᠢᠯᠠᠭᠳᠠᠭᠰᠠᠨ ᠳᠣᠷᠵᠢᠨᠢᠩᠪᠤ ᠳᠤ᠄ ︽ᠪᠢ ᠨᠢᠭᠡᠨᠲᠡ ᠵᠣᠷᠢᠭ ᠰᠢᠭᠤᠳᠴᠤ᠂ ᠨᠢᠭᠡ | ᠯᠡ ᠵᠠᠮ ᠢᠶᠠᠷ ᠡᠴᠦᠰ ᠲᠤᠨᠢ ᠲᠤᠯᠲᠠᠯ᠎ᠠ ᠶᠠᠪᠤᠨ᠎ᠠ᠂ ᠶᠠᠭᠠᠬᠢᠭᠰᠠᠨ ᠴᠤ ᠪᠤᠴᠠᠬᠤ ᠦᠭᠡᠢ︾ ᠭᠡᠵᠦ ᠬᠡᠯᠡᠪᠡ᠃ ᠳᠠᠶᠢᠰᠤᠨ ᠡᠯ᠎ᠡ ᠵᠦᠢᠯ ᠤᠨ ᠡᠷᠡᠭᠦᠦ ᠰᠢᠳᠬᠡᠯ | ᠦᠵᠡᠭᠦᠯᠦᠨ ᠬᠠᠳᠠᠭᠤ ᠪᠠᠷ ᠣᠷᠣᠯᠳᠣᠭᠠᠳ ᠪᠦᠲᠦᠬᠦ ᠦᠭᠡᠢ ᠪᠤᠯᠬᠤᠷ ᠲᠡᠭᠦᠨ ᠳᠤ ᠵᠡᠷᠭᠡ ᠬᠡᠷᠬᠡᠮ ᠦᠭᠭᠦᠨ ᠪᠠᠭᠤᠵᠤ ᠥᠭᠭᠦᠭᠦᠯᠬᠦ ᠪᠠᠷ ᠳᠡᠮᠡᠶᠢᠷᠡᠨ ᠭᠤᠷᠢᠳᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ᠵᠢᠴᠢ ᠠᠵᠢᠯᠯᠠᠭ᠎ᠠ ᠶᠢᠨ ᠪᠠᠶᠢᠳᠠᠯ ᠢ | ᠬᠡᠯᠡᠭᠦᠯᠬᠦ ᠪᠠᠷ ᠭᠤᠷᠢᠳᠠᠭᠰᠠᠨ ᠪᠣᠯᠪᠠᠴᠤ᠂ ᠳᠣᠪᠴᠢᠨᠳᠣᠷᠵᠢ ᠶᠢᠨ ᠲᠥᠪ ᠶᠣᠰᠣᠨ ᠤ ᠲᠥᠯᠥᠭᠡ ᠦᠬᠦᠬᠦ ᠠᠴᠠ ᠪᠢᠰᠢ ᠨᠣᠭᠤᠷᠠᠬᠤ ᠦᠭᠡᠢ ᠤᠪᠣᠷ ᠪᠠᠶᠢᠳᠠᠯ ᠨᠢ | ᠳᠠᠶᠢᠰᠤᠨ ᠤ ᠠᠷᠭ᠎ᠠ ᠶᠢ ᠮᠤᠬᠤᠷᠲᠠᠭᠤᠯᠵᠣ᠂ ᠭᠤᠮᠢᠨᠳᠠᠩ ᠤᠨ ᠲᠠᠩᠨᠠᠭᠤᠯ ᠤᠨ ᠲᠣᠪᠴᠢᠶ᠎ᠠ ᠳᠤ ᠪᠠᠴᠢᠮ ᠴᠠᠬᠢᠯᠭᠠᠨ ᠮᠡᠳᠡᠭᠡ ᠶᠠᠪᠤᠭᠤᠯᠵᠤ᠂ ᠳᠣᠪᠴᠢᠨᠳᠣᠷᠵᠢ ᠶᠢ | ᠲᠤᠬᠠᠢ ᠶᠢᠨ ᠭᠠᠵᠠᠷ ᠲᠤᠨᠢ ᠠᠯᠠᠬᠤ ᠶᠢ ᠭᠤᠶᠤᠴᠢᠯᠠᠪᠠ᠃ | 1942 ᠣᠨ ᠤ 11 ᠰᠠᠷ᠎ᠠ ᠶᠢᠨ 13 ᠤ ᠡᠳᠦᠷ᠂ ᠳᠠᠶᠢᠰᠤᠨ ᠳᠣᠪᠴᠢᠨᠳᠣᠷᠵᠢ ᠶᠢ ᠳ᠋ᠦᠩᠱᠧᠩ ᠤᠨ ᠡᠮᠦᠨ᠎ᠡ ᠡᠭᠦᠳᠡᠨ ᠤ ᠭᠠᠳᠠᠨᠠᠬᠢ ᠴᠠᠭᠠᠵᠠ ᠶᠢᠨ | ᠲᠠᠯᠠᠪᠠᠢ ᠳᠤ ᠬᠦᠷᠭᠡᠵᠡᠢ᠃ ᠲᠡᠷᠡ ᠵᠠᠮ ᠳᠠᠭᠠᠨ ᠡᠮᠭᠡᠨᠢᠨ ᠵᠣᠪᠠᠨᠢᠵᠣ ᠪᠠᠶᠢᠭ᠎ᠠ ᠨᠤᠲᠤᠭ ᠤᠨ ᠣᠯᠠᠨ ᠲᠦᠮᠡᠨ ᠢ ᠦᠵᠡᠭᠡᠳ ᠴᠡᠭᠡᠵᠢ ᠲᠡᠨᠢᠢᠨ ᠵᠣᠷᠢᠭ ᠬᠠᠳᠠᠭᠤ ᠪᠠᠷ᠄ | ︽ᠨᠠᠶᠢᠵᠠ ᠨᠦᠬᠦᠳ ᠡ︕ ᠪᠢᠲᠡᠭᠡᠢ ᠵᠣᠪᠠᠭᠠᠷᠠᠢ᠃ ᠳᠣᠪᠴᠢᠨᠳᠣᠷᠵᠢ ᠪᠢ ᠳᠠᠬᠢᠭᠠᠳ ᠬᠤᠷᠢᠨ ᠵᠢᠯ ᠤᠨ ᠳᠠᠷᠠᠭ᠎ᠠ ᠵᠠᠯᠠᠭᠤ ᠬᠡᠪ ᠢᠶᠠᠷ ᠢᠶᠠᠨ ᠪᠤᠴᠠᠨ ᠢᠷᠡᠵᠦ | ᠡᠳᠡᠨᠤᠰ ᠲᠠᠢ ᠳᠠᠩᠰᠠ ᠪᠤᠳᠤᠨ᠎ᠠ︕︾ ᠭᠡᠵᠦ ᠣᠮᠤᠭ ᠲᠡᠭᠦᠯᠳᠡᠷ ᠢᠶᠠᠷ ᠶᠠᠷᠢᠵᠤ ᠪᠠᠶᠢᠯ᠎ᠠ᠃ ᠦᠷᠡᠭᠳᠡᠬᠦ ᠦᠶ᠎ᠡ ᠳᠤ ᠪᠠᠨ ᠰᠠᠶ᠋ᠢ 32 ᠨᠠᠰᠣᠲᠠᠢ ᠪᠠᠶᠢᠪᠠ᠃ | ᠳᠣᠪᠴᠢᠨᠳᠣᠷᠵᠢ ᠳᠠᠷᠤᠯᠠᠭᠳᠠᠭᠴᠢ ᠠᠩᠭᠢ ᠶᠢᠨ ᠴᠢᠯᠦᠭᠡᠯᠡᠯᠲᠡ ᠪᠠ ᠦᠨᠳᠦᠰᠦᠲᠡᠨ ᠤ ᠲᠤᠰᠠᠭᠠᠷ ᠲᠣᠭᠲᠠᠨᠢᠯ ᠤᠨ ᠲᠥᠯᠥᠭᠡ ᠡᠷᠬᠢᠮ ᠨᠠᠨᠳᠢᠨ ᠠᠮᠢ ᠨᠠᠰᠤ ᠪᠠᠨ | ᠵᠣᠷᠢᠭᠤᠯᠪᠠ᠂ ᠡᠯ᠎ᠡ ᠦᠨᠳᠦᠰᠦᠲᠡᠨ ᠤ ᠠᠷᠠᠳ ᠲᠦᠮᠡᠨ ᠲᠡᠭᠦᠨ ᠢ ᠦᠨᠢ ᠡᠭᠦᠷᠢᠳᠡ ᠲᠣᠷᠠᠰᠣᠨ ᠰᠠᠨᠠᠭᠠᠯᠵᠠᠬᠤ ᠶᠣᠮ︕ | ︵ᠳ᠋ᠦᠩᠱᠧᠩ ᠤᠨ ᠦᠷᠡᠭᠳᠡᠭᠰᠡᠨ ᠪᠠᠭᠠᠳᠤᠷᠴᠤᠳ ᠤᠨ ᠤᠩᠭᠤᠨ ᠤ ᠬᠠᠮᠠᠭᠠᠯᠠᠯᠳᠠ ᠶᠢᠨ ᠭᠠᠵᠡᠷ ᠠᠴᠠ ᠬᠠᠩᠭᠠᠪᠠ︶ | | | |