1 — 11 ᠰᠠᠷ᠎ᠠ ᠤᠨ ᠬᠡᠷᠡᠭᠯᠡᠭᠡᠨ ᠤ ᠵᠤᠶᠢᠯ ᠤᠨ ᠵᠠᠬ᠎ᠠ ᠳᠡᠯᠭᠡᠭᠦᠷ ᠡᠨᠡ ᠵᠢᠯ ᠤᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/12/20
    1 — 11 ᠰᠠᠷ᠎ᠠ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 250.3 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠨ᠂ 1 —10 ᠰᠠᠷ᠎ᠠ ᠶᠢᠨ ᠬᠢ ᠠᠴᠠ 1.3 ᠵᠠᠭᠤᠨ ᠤ ᠬᠤᠪᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠠᠪᠤᠳᠤᠭᠠᠷ ᠲᠤ ᠣᠷᠣᠪᠠ᠃     11 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 12.75 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.4% ᠪᠠᠷ ᠨᠡᠮᠡᠭᠳᠡᠨ᠂ 1 — 11 ᠰᠠᠷ᠎ᠠ ᠳᠤ᠂ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 2.7 ᠵᠠᠭᠤᠨ ᠤ ᠬᠤᠪᠢ ᠨᠡᠮᠡᠭᠳᠡᠬᠦ ᠶᠢ ᠳᠠᠶᠢᠴᠢᠯᠠᠪᠠ᠃ 1 — 11 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ 117.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠨ᠂ 1 — 10 ᠰᠠᠷ᠎ᠠ ᠶᠢᠨ ᠬᠢ ᠠᠴᠠ 1.5 ᠵᠠᠭᠤᠨ ᠤ ᠬᠤᠪᠢ ᠳᠡᠭᠡᠭᠰᠢᠯᠡᠵᠦ᠂ ᠡᠨᠡ ᠵᠢᠯ ᠠᠴᠠ ᠨᠠᠰᠢᠬᠢ ᠬᠠᠮᠤᠭ ᠤᠨ ᠥᠨᠳᠥᠷ ᠨᠡᠮᠡᠭᠳᠡᠯ ᠤᠨ ᠬᠤᠷᠳᠤᠴᠠ ᠪᠣᠯᠵᠠᠢ᠃ ᠲᠠᠸᠠᠷ ᠤᠨ ᠵᠢᠵᠢᠭᠯᠡᠨ ᠪᠤᠷᠤᠯᠠᠭᠤᠯᠬᠤ ᠲᠥᠷᠥᠯ ᠤᠨ ᠥᠷᠲᠡᠭ ᠠᠴᠠ ᠦᠵᠡᠪᠡᠯ᠂ 19 ᠲᠥᠷᠥᠯ ᠤᠨ ᠲᠠᠸᠠᠷ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 89.5% ᠪᠠᠶᠢᠪᠠ᠃ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ 70.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠨ᠂ ᠬᠢᠵᠠᠭᠠᠷᠯᠠᠯ ᠠᠴᠠ ᠳᠡᠭᠡᠭᠰᠢᠬᠢ ᠵᠢᠵᠢᠭᠯᠡᠨ ᠪᠤᠷᠤᠯᠠᠭᠤᠯᠤᠯᠳᠠ ᠳᠤ ᠡᠵᠡᠯᠡᠬᠦ ᠬᠤᠪᠢ ᠶᠢᠨ ᠵᠢᠩ ᠨᠢ 60.3% ᠪᠠᠶᠢᠵᠤ᠂ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢ 4.3 ᠵᠠᠭᠤᠨ ᠤ ᠬᠤᠪᠢ ᠨᠡᠮᠡᠭᠳᠡᠬᠦᠯᠪᠡ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ 18.46 ᠳ᠋ᠦᠩᠰᠢᠭᠤᠷ ᠲᠥᠭᠦᠷᠢᠭ ᠲᠤ ᠬᠦᠷᠴᠦ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠳᠤ ᠡᠵᠡᠯᠡᠬᠦ ᠬᠤᠪᠢ ᠶᠢᠨ ᠵᠢᠩ ᠨᠢ 26.1% ᠬᠦᠷᠴᠡᠢ᠃ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠪᠣᠷᠣᠯᠠᠭᠤᠯᠤᠯᠲᠠ 5.95 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠵᠡᠢ᠃     11 ᠰᠠᠷ᠎ᠠ ᠳᠤ᠂ ᠬᠤᠨᠤᠭ ᠤᠨ ᠦᠢᠯᠡᠰ ᠪᠠ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 17.8% ᠪᠠ 73.8% ᠪᠠᠷ ᠨᠡᠮᠡᠭᠳᠡᠪᠡ᠃ 1 — 11 ᠰᠠᠷ᠎ᠠ ᠳᠤ᠂ ᠬᠤᠨᠤᠭ ᠤᠨ ᠦᠢᠯᠡᠰ ᠪᠠ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 23.1% ᠪᠠ 42.7% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ