ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ 21 ᠳ᠋ᠤᠭᠡᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/22
      12 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ 21 ᠳ᠋ᠤᠭᠡᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠵᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠳᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ  ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠩᠭ᠎ᠠ ᠠᠳᠬᠤᠵᠤ ᠠᠵᠢᠯᠯᠠᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠠᠳᠠᠭᠠᠳᠤ  ᠲᠠᠢ ᠬᠤᠯᠪᠤᠭᠳᠠᠬᠤ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠳᠠᠨᠢᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠠᠳᠠᠭᠠᠳᠤ ᠲᠠᠢ ᠬᠤᠯᠪᠤᠭᠳᠠᠬᠤ ᠬᠠᠤᠯᠢ ᠲᠦᠷᠢᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠳᠠᠨᠢᠨ᠂ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠬᠢᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠷᠭᠠᠴᠠᠨ ᠰᠢᠢᠳᠪᠦᠷᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ︽1 + 7︾ ᠲᠦᠷᠦ ᠶᠢᠨ ᠪᠤᠳᠤᠯᠭ᠎ᠠ ᠶᠢᠨ ᠳᠤᠭᠳᠠᠯᠴᠠᠭ᠎ᠠ ᠶᠢ ᠨᠠᠷᠢᠨ ᠬᠢᠨᠠᠮᠠᠭᠠᠢ ᠰᠤᠳᠤᠯᠤᠨ᠂ ᠪᠦᠬᠦ ᠬᠤᠳᠠ ᠶᠢᠨ ︽ᠲᠦᠷᠪᠡᠨ ᠳᠡᠯᠡᠬᠡᠢ ᠶᠢᠨ ᠲᠡᠰ ᠤᠨ ᠠᠵᠤ ᠦᠢᠯᠡᠰ︾ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠲᠦᠷᠦᠯ ᠵᠦᠢᠯ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠰᠤᠷᠠᠰᠢ ᠦᠬᠡᠢ ᠲᠦᠷᠦᠯ ᠵᠦᠢᠯ ᠤᠨ ᠲᠤᠯᠭᠠᠭᠤᠷᠢᠯᠠᠯ ᠢᠶᠠᠷ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠢᠷᠡᠬᠦ ᠵᠢᠯ ᠤᠨ ᠲᠦᠷᠦᠯ ᠵᠦᠢᠯ ᠤᠨ ᠬᠡᠪᠴᠢᠶ᠎ᠡ ᠶᠢ ᠢᠳᠡᠪᠬᠢᠲᠡᠢ ᠲᠦᠯᠦᠪᠵᠢᠬᠦᠯᠦᠨ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ᠂ ᠠᠵᠢᠯ ᠢᠶᠠᠨ ᠡᠬᠢᠯᠡᠭᠦᠯᠬᠦ᠂ ᠠᠵᠢᠯ ᠢᠶᠠᠨ ᠰᠡᠷᠭᠦᠭᠡᠬᠦ ᠪᠠ ᠬᠦᠴᠦᠨ ᠵᠦᠢᠯ ᠢ ᠪᠠᠳᠤᠯᠠᠬᠤ ᠵᠡᠷᠭᠡ ᠶᠢ ᠴᠢᠩᠭ᠎ᠠ ᠠᠩᠬᠠᠷᠴᠤ᠂ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠨᠡᠮᠡᠭᠳᠡᠯ ᠪᠤᠶᠢᠵᠢᠭᠤᠯᠬᠤ ᠬᠡᠷᠡᠭᠳᠡᠢ ᠬᠡᠵᠤ ᠱᠠᠭᠠᠷᠳᠠᠪᠠ᠃      ᠬᠤᠷᠠᠯ ᠠᠴᠠ᠂  ᠪᠤᠳᠠᠳᠠᠢ ᠳᠤ ᠰᠠᠭᠤᠷᠢᠯᠠᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠪᠠᠶᠢᠷᠢ᠂ ᠠᠵᠤ ᠦᠢᠯᠡᠰ ᠤᠨ ᠬᠥᠭᠵᠢᠯᠲᠡ᠂ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠬᠦᠨᠵᠡᠬᠡᠶᠢᠷᠡᠬᠦᠯᠦᠨ᠂ ᠬᠦᠳᠡᠯᠬᠡᠭᠴᠢ ᠬᠦᠴᠦᠨ ᠢ ᠦᠷᠭᠦᠯᠵᠢᠯᠡᠨ ᠬᠥᠭᠵᠢᠭᠡᠵᠦ᠂ ᠴᠢᠨᠠᠷ ᠰᠠᠶᠢᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠪᠠᠷᠢᠮᠵᠢᠶ᠎ᠠ ᠳᠤ ᠨᠡᠶᠢᠴᠡᠬᠦᠯᠦᠨ ᠵᠢᠱᠢᠶᠡᠴᠢ ᠲᠠᠢ ᠬᠠᠷᠭᠤᠭᠤᠯᠤᠨ ᠵᠥᠷᠢᠶ᠎ᠡ  ᠪᠠᠨ ᠡᠷᠢᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠢ ᠣᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ  ᠰᠤᠳᠤᠯᠤᠨ᠂ ᠳᠤᠲᠠᠭᠤᠳᠠᠯ ᠢ ᠨᠥᠬᠦᠪᠥᠷᠢᠯᠡᠵᠦ ᠦᠯᠢᠭᠡᠷ ᠳᠠᠭᠤᠷᠢᠶᠠᠯ ᠢ ᠡᠭᠦᠳᠬᠦ ᠶᠢ ᠲᠦᠷᠬᠡᠳᠬᠡᠨ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠬᠦᠯᠬᠦ ᠶᠢ ᠠᠬᠢᠭᠤᠯᠬᠤ ᠬᠡᠷᠡᠭᠲᠡᠢ᠃ ᠪᠣᠳᠠᠲᠠᠢ ᠠᠵᠢᠯᠯᠠᠵᠤ ᠬᠥᠭᠵᠢᠯᠲᠡ ᠶᠢ ᠴᠢᠷᠮᠠᠶᠢᠨ ᠠᠬᠢᠭᠤᠯᠵᠤ᠂ ᠰᠢᠯᠢᠳᠡᠭ ᠰᠤᠷᠲᠠᠯ ᠢ ᠪᠠᠳᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ