ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 81 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
    12 ᠰᠠᠷ᠎ᠠ ᠶᠢᠨ 25 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 81 ᠤᠳᠠᠭᠠᠨ ᠤ ᠪᠠᠶᠢᠡᠭᠭᠤ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠳᠤ ᠭᠦᠮᠦᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠠᠶᠢᠳᠠᠯ ᠡᠭᠦᠷᠭᠡ᠂ ᠶᠡᠷᠦᠩᠬᠡᠢ ᠱᠠᠭᠠᠷᠳᠠᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠬᠦ ᠵᠢᠯ ᠤᠨ ᠭᠤᠣᠯ ᠵᠢᠱᠢᠭᠰᠡᠨ ᠬᠠᠷᠠᠯᠲᠠ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠴᠢᠬᠤᠯᠠ ᠶᠡᠭᠡ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠦᠢᠳᠡᠨ ᠠᠭᠤᠷ ᠠᠮᠢᠰᠬᠤᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠦᠢᠳᠡᠨ ᠠᠭᠤᠷ ᠠᠮᠢᠰᠬᠤᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠬᠦᠢᠳᠡᠨ ᠠᠭᠤᠷ ᠠᠮᠢᠰᠬᠤᠯ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠩᠭᠠᠯᠭ᠎ᠠ ᠶᠢ ᠪᠠᠲᠤᠯᠠᠬᠤ᠂ ᠢᠯᠴᠢ ᠬᠠᠩᠭᠠᠬᠤ ᠵᠠᠮ ᠬᠠᠷᠢᠯᠴᠠᠭᠠᠨ ᠤ ᠪᠠᠶᠢᠳᠠᠯ ᠪᠣᠯᠤᠨ ᠴᠠᠬᠢᠯᠭᠠᠨ ᠬᠦᠴᠦᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠪᠦᠬᠦ ᠲᠤᠭᠤᠷᠢᠭ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠭᠠᠨᠰᠦ ᠶᠢᠨ ᠯᠢᠨ ᠰᠢᠶᠠ ᠵᠧᠦ ᠶᠢᠨ 6.2 ᠳᠡᠰ ᠤᠨ ᠭᠠᠵᠠᠷ ᠬᠥᠳᠡᠯᠦᠯᠲᠡ ᠶᠢᠨ ᠲᠤᠬᠠᠢ ᠬᠢᠭᠰᠡᠨ ᠴᠢᠬᠤᠯᠠ ᠵᠢᠭᠠᠪᠤᠷᠢ᠂ 12 ᠰᠠᠷ᠎ᠠ ᠶᠢᠨ 8 ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠤᠨ ᠤᠯᠠᠭᠠᠨᠬᠠᠳᠠ ᠬᠤᠳᠠ ᠶᠢᠨ ᠬᠡᠰᠡᠭ ᠬᠤᠰᠢᠭᠤ ᠰᠢᠶᠠᠨ ︵ᠲᠣᠭᠤᠷᠢᠭ︶ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠳ᠋ᠦᠩᠱᠧᠩ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠵᠥᠪ ᠡᠰᠡᠷᠬᠦᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠲᠤᠭᠤᠷᠢᠭ ᠢᠶᠠᠷ ᠢᠶᠠᠨ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠨ᠎ᠡ ᠶᠢ ᠡᠭᠦᠳᠬᠦ᠂ ᠡᠷᠡᠮᠡᠬᠡᠶᠢᠯᠡᠨ ᠤᠷᠤᠭᠰᠢᠯᠠᠬᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠲᠤᠭᠤᠷᠢᠭ  ᠢᠶᠠᠷ ᠢᠶᠠᠨ ᠭᠦᠨᠵᠡᠭᠡᠢ ᠰᠤᠳᠤᠯᠤᠨ ᠲᠥᠯᠥᠪᠵᠢᠭᠦᠯᠵᠦ᠂ ᠪᠦᠬᠦ ᠲᠤᠭᠤᠷᠢᠭ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠬᠦ ᠶᠢ ᠠᠬᠢᠭᠤᠯᠵᠤ᠂ ᠭᠤᠣᠯ ᠱᠤᠭᠤᠮ ᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ