ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 19 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ  ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
    12 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 19 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠠᠩ ᠷᠦᠢ ᠳ᠋ᠦᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠪᠠ᠃     ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠭ᠎ᠠ ᠳᠤ ᠪᠠᠨ ᠪᠠᠶᠢᠭ᠎ᠠ ᠪᠠᠶᠢᠩᠭᠤ ᠶᠢᠨ ᠬᠡᠰᠢᠬᠦᠳ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠭᠤᠤᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠶᠠᠷᠢᠯᠴᠠᠭᠠᠨ ᠤ ᠮᠠᠲ᠋ᠧᠷᠢᠶᠠᠯ ᠢᠶᠠᠨ ᠲᠤᠰᠢᠶᠠᠵᠠᠶ᠃     ᠭᠤᠤ ᠢ ᠳ᠋ᠦᠩ᠂ ᠪᠦᠬᠦ ᠲᠣᠭᠤᠷᠢᠭ ᠢᠶᠠᠷ ᠢᠶᠠᠨ ᠦᠵᠡᠯ ᠰᠠᠨᠠᠭ᠎ᠠ ᠪᠠᠨ ᠲᠠᠬᠢᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠠᠷᠭ᠎ᠠ ᠬᠡᠮᠵᠢᠶ᠎ᠡ ᠶᠢ ᠳᠠᠬᠢᠨ ᠨᠠᠷᠢᠯᠢᠬᠵᠢᠭᠤᠯᠵᠤ᠂ ᠭᠤᠤᠯ ᠱᠤᠭᠤᠮ ᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠡᠭᠦᠷᠭᠡ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠰᠢᠰᠲ᠋ᠧᠮ ᠲᠠᠢ ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠪᠥᠬᠦ ᠲᠤᠭᠤᠷᠢᠭ ᠤᠨ ᠡᠯ᠎ᠡ ᠦᠨᠳᠦᠰᠦᠲᠡᠨ ᠤ ᠣᠯᠠᠨ ᠲᠦᠮᠡᠨ ᠤ ᠰᠡᠳᠬᠢᠯ ᠤᠨ ᠤᠭ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠦᠳᠦᠯᠦᠨ ᠵᠢᠯᠤᠭᠤᠳᠴᠦ ᠲᠠᠭᠠᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠲᠠᠬᠢᠨ ᠪᠣᠳᠠᠲᠠᠶᠢᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠢᠬᠤᠯᠠ ᠶᠡᠭᠡ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠬᠦᠷᠬᠡᠯᠡᠨ᠂ ᠭᠠᠷ ᠲᠠᠭᠠᠨ ᠠᠳᠬᠤᠵᠤ᠂ ᠲᠦᠷᠢᠮ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠱᠤᠭᠤᠮ ᠢ ᠢᠮᠠᠭᠲᠠ ᠪᠦᠬᠦ ᠲᠠᠯ᠎ᠠ ᠪᠠᠷ ᠲᠤᠤᠱᠯᠠᠭᠤᠯᠬᠤ ᠶᠢ ᠪᠠᠶᠢᠩᠭᠤᠵᠢᠭᠤᠯᠤᠨ᠂ ᠤᠷᠳᠤ ᠬᠤᠭᠤᠴᠠᠭᠠᠨ ᠤ ᠪᠦᠳᠦᠮᠵᠢᠳᠠᠢ ᠪᠠᠷ ᠠᠳᠬᠤᠬᠤ ᠬᠡᠷᠡᠭᠲᠡᠢ ᠬᠡᠵᠡᠢ᠃     ᠶᠠᠩ ᠷᠦᠢ ᠳ᠋ᠦᠩ ᠦᠨᠡᠯᠡᠯᠲᠡ ᠬᠢᠬᠦ ᠳᠡᠭᠡᠨ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠲᠤᠰ ᠤᠳᠠᠭᠠᠨ ᠤ ᠭᠤᠣᠯ ᠳᠤᠭᠤᠶᠢᠯᠠᠩ ᠤᠨ ᠰᠤᠷᠤᠯᠴᠠᠯᠭ᠎ᠠ ᠨᠢ ᠪᠡᠯᠡᠳᠬᠡᠯ ᠭᠦᠢᠴᠡᠳ᠂ ᠲᠡᠰ ᠳᠠᠷᠠᠭᠠᠯᠠᠯ ᠨᠠᠷᠢᠨ ᠨᠢᠮᠪᠠᠢ᠂ ᠭᠤᠣᠯ ᠰᠡᠳᠦᠪ ᠨᠢ ᠢᠯᠡ ᠲᠣᠳᠣ᠂ ᠭᠤᠣᠯᠳᠠᠯᠭ᠎ᠠ ᠨᠢ ᠲᠤᠪᠤᠶᠢᠮ᠎ᠠ᠂ ᠠᠭᠤᠯᠭ᠎ᠠ ᠨᠢ ᠪᠠᠶᠠᠯᠢᠭ ᠪᠠᠶᠢᠵᠤ᠂ ᠪᠣᠳᠠᠲᠠᠢ ᠲᠠᠢ ᠨᠡᠶᠢᠴᠡᠨ᠂ ᠨᠢᠭᠡ ᠤᠳᠠᠭᠠᠨ ᠤ ᠠᠮᠵᠢᠯᠲᠠ ᠲᠠᠢ᠂ ᠴᠢᠨᠠᠷ ᠰᠠᠶᠢᠲᠠᠢ ᠲᠥᠪᠯᠡᠷᠡᠭᠦᠯᠦᠨ ᠰᠤᠳᠤᠯᠤᠨ ᠶᠠᠷᠢᠯᠴᠠᠭᠰᠡᠨ ᠰᠤᠷᠤᠯᠴᠠᠯᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠤᠯᠤᠰ ᠲᠦᠷᠦ ᠶᠢᠨ ᠰᠢᠨᠵᠢ ᠴᠢᠨᠠᠷ ᠢ ᠳᠤᠪᠤᠶᠢᠯᠭᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠵᠤ ᠰᠤᠷᠤᠯᠴᠠᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠴᠢᠬᠤᠯᠠᠴᠢᠯᠡᠨ᠂ ᠨᠡᠩ ᠲᠡᠬᠡᠳᠤ ᠦᠵᠡᠯ ᠰᠠᠨᠠᠭ᠎ᠠ ᠨᠡᠩ ᠴᠢᠩᠭ᠎ᠠ ᠡᠭᠦᠷᠭᠡᠯᠡᠯ ᠢᠶᠠᠷ ᠨᠡᠩ ᠥᠨᠳᠥᠷ ᠬᠠᠷᠠᠯᠲᠠ ᠶᠢ ᠲᠠᠰᠤᠷᠠᠯᠲᠠ ᠦᠭᠡᠢ ᠡᠭᠦᠷᠭᠡᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠡᠢ᠃     ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠳ᠋ᠦ᠋ ᠵᠢᠤᠸᠠᠨ᠂ ᠨᠢᠶᠧ ᠵᠢᠶᠦ᠋ᠨ᠂ ᠯᠢ ᠪᠦᠦ ᠹᠠᠩ᠂ ᠳ᠋ᠦ᠋ ᠵᠢᠢ ᠺᠤᠸᠠᠨ᠂ ᠪᠢᠶᠠᠨ ᠵᠢᠶᠧ᠂ ᠯᠢᠦᠢ ᠨᠠ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ