2023 ᠣᠨ ᠤ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠮᠡᠳᠡᠬᠦᠯᠦᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
    12 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠮᠡᠳᠡᠭᠦᠯᠦᠯᠲᠡ ᠤᠨ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠠᠴᠠ ᠨᠠᠰᠢᠬᠢ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽ᠰᠢᠨ᠎ᠡ ᠴᠠᠭ ᠦᠶ᠎ᠡ ᠶᠢᠨ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠤᠯᠠᠮᠵᠢᠯᠠᠪᠠ᠃ ᠬᠡᠰᠡᠭ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠠᠵᠢᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠪᠡ᠃ ᠨᠢᠳᠤᠨᠤᠨ ᠠᠴᠠ ᠨᠠᠰᠢᠬᠢ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠳ᠋ᠦᠩᠨᠡᠵᠦ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠠᠵᠢᠯ ᠢ ᠦᠨᠡᠯᠡᠪᠡ᠃    ᠭᠤᠤ ᠢ ᠳ᠋ᠦᠩ᠂ ᠡᠨᠡ ᠵᠢᠯ ᠠᠴᠠ ᠨᠠᠰᠢ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠲᠤᠭᠤᠷᠢᠭ ᠲᠤ ᠰᠠᠭᠤᠭ᠎ᠠ ᠴᠡᠷᠢᠭ ᠠᠩᠭᠢ ᠤᠯᠤᠰ ᠲᠥᠷᠥ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠰᠠᠭᠤᠷᠢ ᠪᠠᠨ ᠪᠠᠬᠢᠵᠢᠭᠦᠯᠵᠦ᠂ ᠴᠡᠷᠢᠭ ᠠᠩᠭᠢ ᠶᠢᠨ ᠪᠦᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠡᠷᠡᠭᠦᠯ ᠢᠶᠠᠷ ᠬᠦᠭᠵᠢᠭᠰᠡᠨ᠂ ᠪᠦᠬᠦᠯᠢ ᠴᠣᠭᠴᠠ ᠪᠠᠷ ᠠᠬᠢᠭᠤᠯᠤᠭᠰᠡᠨ ᠰᠠᠶᠢᠨ ᠪᠠᠶᠢᠳᠠᠯ ᠢ ᠪᠠᠲᠤᠯᠠᠪᠠ᠃ ᠲᠤᠭᠤᠷᠢᠭ ᠲᠤ ᠰᠠᠭᠤᠭ᠎ᠠ ᠳᠠᠷᠤᠭ᠎ᠠ ᠪᠠᠶᠢᠯᠳᠤᠭᠴᠢ ᠪᠣᠯᠤᠨ ᠡᠷᠦᠬᠡ ᠶᠢᠨ ᠴᠡᠷᠢᠭ ᠨᠢ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢᠨ ᠬᠠᠮᠲᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠢᠳᠡᠪᠬᠢᠲᠡᠶ ᠣᠷᠣᠯᠴᠠᠵᠤ᠂ ᠲᠣᠭᠲᠠᠭᠤᠨ ᠢ ᠬᠠᠮᠠᠭᠠᠯᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠠᠪᠤᠷᠠᠬᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃    ᠭᠤᠤ ᠢ ᠳ᠋ᠦᠩ᠂ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠠᠵᠢᠯ ᠢ ᠰᠠᠶᠢᠲᠤᠷ ᠬᠢᠬᠦ ᠪᠣᠯ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠴᠡᠷᠢᠭ ᠤᠨ ᠶᠠᠪᠤᠳᠠᠯ ᠤᠨ ᠪᠠᠶᠢᠭᠤᠯᠭ᠎ᠠ ᠶᠢᠨ ᠬᠠᠮᠲᠤ ᠶᠢᠨ ᠬᠠᠷᠢᠭᠤᠴᠠᠯᠭ᠎ᠠ ᠮᠥᠨ᠃ ᠳ᠋ᠦᠩᠱᠧᠩ ᠲᠣᠭᠤᠷᠢᠭ ᠤᠨ ᠬᠢᠨ ᠢᠮᠠᠭᠲᠠ ᠵᠡᠪᠰᠡᠭᠲᠦ ᠬᠦᠴᠦᠨ ᠤ ᠠᠵᠢᠯ ᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠡᠳᠦᠷ ᠳᠤᠳᠤᠮ ᠤᠨ ᠠᠵᠢᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠴᠡᠷᠢᠭ ᠠᠩᠬᠢ ᠶᠢᠨ ᠲᠠᠶᠢᠨ ᠳᠤ ᠪᠡᠯᠡᠳᠬᠡᠵᠦ ᠲᠠᠶᠢᠨ ᠬᠢᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠠᠢ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠨᠠᠮ ᠵᠠᠰᠠᠭ ᠤᠨ ᠤᠳᠤᠷᠢᠳᠤᠯᠭ᠎ᠠ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠦᠬᠡ ᠶᠢᠨ ᠴᠡᠷᠢᠭ ᠤᠨ ᠪᠠᠶᠢᠭᠤᠯᠤᠯᠲᠠ᠂ ᠴᠡᠷᠢᠭ ᠡᠯᠰᠡᠬᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠰᠠᠶᠢᠲᠤᠷ ᠭᠦᠢᠴᠡᠳᠬᠡᠵᠦ᠂ ᠨᠠᠮ ᠤᠨ ᠵᠡᠪᠰᠡᠭᠲᠦ ᠬᠦᠴᠦᠨ ᠤ ᠬᠠᠮᠢᠶᠠᠷᠤᠯᠳᠠ ᠶᠢᠨ ᠠᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠳᠡᠮᠵᠢᠨ ᠬᠠᠮᠵᠢᠯᠴᠠᠵᠤ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠨ ᠬᠥᠳᠡᠯᠦᠯᠴᠡᠵᠦ ᠬᠠᠮᠵᠢᠯᠴᠠᠭᠰᠡᠨ ᠬᠦᠴᠦᠷᠬᠡᠭ ᠶᠡᠭᠡ ᠨᠡᠶᠢᠯᠡᠮᠡᠯ ᠬᠦᠴᠦᠨ ᠢᠶᠠᠷ ᠳ᠋ᠦᠩᠱᠧᠩ ᠲᠣᠭᠤᠷᠢᠭ ᠤᠨ ᠵᠡᠪᠰᠡᠭᠲᠦ ᠬᠦᠴᠦᠨ ᠤ ᠠᠵᠢᠯ ᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠳ᠋ᠦ᠋ ᠵᠢᠤᠸᠠᠨ᠂ ᠨᠢᠶᠧ ᠵᠢᠶᠦ᠋ᠨ᠂ ᠯᠢ ᠪᠦᠦ ᠹᠠᠩ᠂ ᠳ᠋ᠦ᠋ ᠵᠢᠢ ᠺᠤᠸᠠᠨ᠂ ᠪᠢᠶᠠᠨ ᠵᠢᠶᠧ᠂ ᠯᠢᠦᠢ ᠨᠠ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ