ᠳ᠋ᠦᠩᠱᠧᠩ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/27
    12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠥᠬᠦ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠳ᠋ᠦᠩᠱᠧᠩ ᠲᠣᠭᠤᠷᠢᠭ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠪᠥᠬᠦ ᠲᠣᠭᠤᠷᠢᠭ ᠢ ᠳᠠᠶᠢᠴᠢᠯᠠᠨ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠣᠷᠳᠣ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳ᠋ᠦᠩᠱᠧᠩ ᠤᠨ ᠴᠢᠨᠠᠷ ᠰᠠᠶᠢᠲᠠᠶ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃     ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠪᠡ᠃     ᠭᠤᠤ ᠢ ᠳ᠋ᠦᠩ᠂ ᠣᠶᠢᠷ᠎ᠠ ᠶᠢᠨ ᠵᠢᠯ ᠳᠤ  ᠪᠥᠬᠦ ᠲᠤᠭᠤᠷᠢᠭ ᠤᠨ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳ᠋ᠦᠩᠱᠧᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠪᠠ᠃ ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠡᠬᠦᠷᠬᠡᠯᠡᠯᠳᠤ ᠰᠡᠳᠬᠢᠯᠬᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠣᠯᠤᠨ ︽ᠰᠢᠨ᠎ᠡ ᠵᠠᠮ ᠢ ᠨᠡᠭᠡᠭᠡᠬᠦ᠂ ᠲᠡᠷᠢᠬᠦᠨ ᠡᠩᠨᠡᠭᠡᠨ ᠳᠤ ᠣᠷᠣᠬᠤ ᠪᠠᠷ ᠴᠢᠷᠮᠠᠶᠢᠬᠤ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ᠂ ᠡᠷᠳᠡᠮᠲᠡᠨ ᠴᠢᠳᠠᠪᠤᠷᠢᠲᠠᠨ ᠢ ᠰᠤᠩᠭᠤᠨ ᠲᠤᠮᠢᠯᠠᠬᠤ᠂ ᠰᠠᠭᠤᠷᠢ ᠶᠢ ᠪᠠᠬᠢᠵᠢᠭᠦᠯᠬᠦ᠂ ᠴᠢᠳᠠᠪᠤᠷᠢᠲᠠᠨ ᠢ ᠬᠦᠮᠦᠵᠢᠬᠦᠯᠦᠨ ᠴᠤᠭᠯᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠣᠬᠢᠶᠠᠨ ᠪᠠᠶᠢᠭᠤᠯᠬᠤ ᠬᠦᠴᠦᠨ᠂ ᠵᠣᠬᠢᠶᠠᠨ ᠪᠠᠶᠢᠭᠤᠯᠬᠤ ᠳᠠᠪᠠᠭᠤᠯᠢᠭ ᠢ ᠬᠥᠭᠵᠢᠯᠲᠡ ᠶᠢᠨ ᠬᠥᠳᠡᠯᠭᠡᠬᠦ ᠬᠦᠴᠦᠨ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠠᠤᠭ᠎ᠠ ᠶᠡᠭᠡ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠢ ᠬᠡᠵᠡᠢ᠃     ᠭᠤᠤ ᠢ ᠳ᠋ᠦᠩ᠂ ᠵᠣᠬᠢᠶᠠᠨ ᠪᠠᠶᠢᠭᠤᠯᠬᠤ ᠠᠵᠢᠯ ᠤᠨ ᠤᠯᠤᠰ ᠲᠦᠷᠦ ᠶᠢᠨ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠭᠤᠣᠯ ᠰᠡᠳᠦᠪᠲᠦ ᠬᠥᠮᠦᠵᠢᠯ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠠᠬᠢᠭᠤᠯᠵᠤ᠂ ᠬᠥᠭᠵᠢᠯᠲᠡ ᠶᠢᠨ ᠶᠡᠭᠡ ᠲᠠᠯ᠎ᠠ ᠪᠣᠯᠤᠨ ᠭᠤᠣᠯᠳᠠᠯᠭ᠎ᠠ ᠲᠠᠢ ᠠᠵᠢᠯ ᠳᠤ ᠬᠠᠮᠳᠤᠷᠠᠯ ᠤᠨ ᠬᠦᠴᠦ ᠶᠢ ᠬᠤᠷᠠᠮᠳᠤᠭᠤᠯᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠲᠡᠷᠢᠭᠦᠨ ᠤ ᠺᠠᠳ᠋ᠷ ᠤᠨ ᠡᠩᠨᠡᠭᠡ ᠶᠢ ᠪᠠᠶᠢᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠰᠢᠯᠭᠠᠨ ᠦᠨᠡᠯᠡᠵᠤ ᠬᠢᠨᠠᠬᠤ ᠠᠵᠢᠯ ᠢ ᠰᠠᠶᠢᠲᠤᠷ ᠬᠢᠵᠦ᠂ ᠺᠠᠳ᠋ᠷ ᠢ ᠴᠢᠩᠭ᠎ᠠ ᠬᠠᠮᠢᠶᠠᠷᠬᠤ᠂ ᠺᠠᠳ᠋ᠷ ᠢ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠦᠷᠭᠦᠯᠵᠢᠯᠡᠨ ᠪᠠᠳᠠᠷᠠᠠᠭᠠᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠦᠢᠯᠡᠴᠢᠯᠡᠭᠡᠨ ᠤ ᠬᠡᠯᠬᠢᠶ᠎ᠡ ᠶᠢ ᠶᠡᠭᠡ ᠪᠠᠷ ᠤᠷᠲᠤᠳᠬᠠᠵᠤ᠂ ᠤᠶᠢᠷ᠎ᠠ ᠶᠢ ᠬᠢ ᠤᠷᠮᠠᠰᠢᠭᠤᠯᠵᠤ ᠬᠤᠯᠠ ᠶᠢ ᠬᠢ ᠲᠠᠳᠠᠭᠰᠡᠨ ᠴᠢᠳᠠᠪᠤᠷᠢᠲᠠᠨ  ᠢ ᠬᠦᠮᠦᠵᠢᠬᠦᠯᠬᠦ ᠤᠷᠴᠢᠨ ᠠᠬᠤᠢ ᠶᠢ ᠪᠤᠢ ᠪᠣᠯᠭᠠᠬᠤ ᠬᠡᠷᠡᠭᠲᠡᠢ᠃ ᠦᠨᠳᠦᠰᠦᠨ ᠱᠠᠳᠤ ᠶᠢ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ︽ᠨᠠᠮ ᠤᠨ ᠪᠠᠶᠢᠭᠤᠯᠤᠯᠲᠠ ᠪᠠᠷ ᠬᠦᠴᠦ ᠪᠠᠨ ᠲᠦᠪᠯᠡᠷᠡᠬᠦᠯᠦᠨ ᠠᠷᠠᠳ ᠤᠨ ᠠᠮᠢᠳᠤᠷᠠᠯ ᠳᠤ ᠤᠶᠢᠯᠡᠴᠢᠯᠡᠬᠦ︾ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠠᠵᠢᠯ ᠤᠨ ᠬᠠᠮᠲᠤᠷᠠᠯ ᠤᠨ ᠬᠦᠴᠦᠨ ᠢ ᠨᠢᠬᠳᠠᠷᠠᠭᠤᠯᠤᠨ᠂ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠯᠢᠦ ᠴᠦᠨ ᠭᠤᠸᠠᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠪᠤᠷᠵᠠᠩᠨᠠᠭᠤᠷ ᠪᠠᠯᠭᠠᠰᠤ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ᠂ ᠲᠦᠩᠴᠤᠸᠠᠨ ᠪᠠᠯᠭᠠᠰᠤᠨ ᠤ ᠴᠠᠩ ᠴᠢᠩ ᠲᠣᠰᠬᠤᠨ᠂ ᠰᠢᠩ ᠱᠧᠩ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠳᠠᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ