ᠳ᠋ᠦᠩᠱᠧᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/27
    12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠳ᠋ᠦᠩ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠥᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ᠂ ᠪᠥᠬᠦ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃     ᠭᠤᠤ ᠢ ᠳ᠋ᠦᠩ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠤᠨ ᠰᠦᠯᠵᠢᠶᠡᠨ ᠤ ᠠᠮᠦᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠵᠢᠯ ᠪᠣᠯ ᠮᠠᠨ ᠤ ᠨᠠᠮ ᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠠᠳᠬᠤᠭᠰᠠᠭᠠᠷ ᠢᠷᠡᠭᠰᠡᠨ ᠴᠢᠬᠤᠯᠠ ᠠᠵᠢᠯ ᠪᠣᠯᠤᠨ᠎ᠠ᠃ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ ᠲᠠᠨᠢᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠤᠨ ᠰᠦᠯᠵᠢᠶᠡᠨ ᠤ ᠠᠮᠦᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ  ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠬᠡᠵᠡᠢ᠃     ᠭᠤᠤ ᠢ ᠳ᠋ᠦᠩ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ᠂ ᠪᠦᠯᠬᠦᠮᠳᠡᠯ ᠤᠨ ᠦᠨᠳᠦᠰᠦ ᠶᠢ ᠪᠠᠲᠤᠳᠬᠠᠵᠤ᠂ ᠵᠥᠪ ᠲᠠᠯ᠎ᠠ ᠶᠢᠨ ᠲᠦᠷᠢ ᠲᠥᠷᠬᠦ ᠶᠢ ᠰᠠᠶᠢᠲᠤᠷ ᠱᠤᠭᠤᠨ᠂ ᠪᠣᠯᠪᠠᠰᠤᠨ ᠤ ᠰᠤᠷᠲᠠᠯ ᠢ ᠪᠠᠳᠠᠷᠠᠭᠤᠯᠵᠤ᠂ ᠰᠣᠶᠣᠯ ᠤᠨ ᠲᠦᠷᠦᠯ ᠲᠡᠮᠳᠡᠭᠳᠤ ᠶᠢ ᠡᠭᠦᠳᠴᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠰᠦᠯᠵᠢᠶᠡᠨ ᠤ ᠠᠮᠦᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠵᠢᠯ ᠤᠨ ᠰᠢᠨ᠎ᠡ ᠵᠢᠷᠤᠭ ᠲᠥᠯᠥᠪᠯᠡᠭᠡ ᠶᠢ ᠲᠠᠰᠤᠷᠠᠯᠲᠠ ᠦᠭᠡᠢ ᠵᠢᠷᠤᠭᠯᠠᠬᠤ ᠬᠡᠷᠡᠭᠲᠡᠢ᠃ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠬᠠᠮᠲᠤ ᠪᠠᠷ ᠬᠡᠷᠡᠭᠯᠡᠨ ᠬᠠᠮᠲᠤ ᠪᠠᠷ ᠵᠠᠰᠠᠵᠤ᠂ ᠪᠥᠬᠦ ᠲᠤᠭᠤᠷᠢᠭ ᠤᠨ ᠰᠦᠯᠵᠢᠶ᠎ᠠ ᠮᠡᠳᠡᠭᠡ ᠵᠠᠩᠬᠢᠵᠢᠯᠳᠠ ᠶᠢᠨ ᠠᠮᠤᠷ ᠲᠦᠪᠰᠢᠨ ᠤ ᠲᠣᠣᠷ ᠢ ᠪᠠᠲᠤ ᠪᠠᠬᠢ ᠰᠦᠯᠵᠢᠵᠦ᠂ ᠲᠤᠭᠠᠴᠢᠯᠠᠭᠰᠡᠨ ᠳ᠋ᠦᠩᠱᠧᠩ ᠤᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠵᠤ᠂ ᠲᠤᠭᠠᠴᠢᠯᠠᠯᠳᠠ ᠪᠠᠷ ᠠᠷᠠᠳ ᠲᠤ ᠠᠰᠢᠭ ᠬᠦᠷᠲᠡᠭᠡᠬᠦ ᠪᠠ ᠲᠣᠭᠠᠴᠢᠯᠠᠭᠰᠠᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠠᠬᠢᠴᠠ ᠶᠢ ᠠᠬᠢᠭᠤᠯᠵᠤ᠂ ᠠᠵᠤ ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠲᠡᠰᠢ ᠬᠤᠪᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠨ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠬᠠᠮᠲᠤᠷᠠᠯ ᠬᠦᠴᠦᠨ ᠢᠶᠠᠷ ᠪᠦᠬᠦ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠰᠦᠯᠵᠢᠶᠡᠨ ᠤ ᠠᠮᠦᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠵᠢᠯ ᠤᠨ ᠰᠢᠨ᠎ᠡ ᠠᠮᠵᠢᠯᠲᠠ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦᠢ ᠨᠠ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠯᠢ ᠪᠦᠦ ᠹᠠᠩ᠂ ᠳ᠋ᠦ᠋ ᠵᠢᠢ ᠺᠤᠸᠠᠨ᠂ ᠱᠢ ᠰᠢᠤᠸᠠᠢ ᠰᠦᠩ᠂ ᠶᠠᠩ ᠶᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠲᠦᠩᠴᠤᠸᠠᠨ ᠪᠠᠯᠭᠠᠰᠤ᠂ ᠵᠢᠶᠠᠨ ᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠳ᠋ᠦᠩᠱᠧᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠳ᠋ᠦᠩᠱᠧᠩ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ  ᠬᠠᠷᠢᠭᠤᠴᠠᠯᠭᠠᠳᠠᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ